ᠸᠠᠩ ᠬᠤᠢ ᠢᠦᠶ ᠰᠢᠩ ᠾᠧ ᠰᠢᠶᠠᠨ ᠤ ᠨᠡᠶᠢᠰᠯᠡᠯ ᠳᠤ ᠬᠠᠨᠳᠤᠭᠤᠯᠤᠭᠰᠠᠨ ︽ᠠᠷᠤ ᠴᠡᠴᠡᠷᠯᠢᠭ︾ ᠢ ᠪᠠᠶᠢᠭᠤᠯᠬᠤ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/28
     11 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ  ᠬᠤᠢ ᠢᠦᠶ ᠰᠢᠩ ᠾᠧ ᠰᠢᠶᠠᠨ ᠤ ᠨᠡᠶᠢᠰᠯᠡᠯ ᠳᠤ ᠬᠠᠨᠳᠤᠭᠤᠯᠤᠭᠰᠠᠨ ︽ᠠᠷᠤ ᠴᠡᠴᠡᠷᠯᠢᠭ︾ ᠢ ᠪᠠᠶᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃
       ᠬᠤᠷᠠᠯ ᠳᠡᠭᠡᠷ᠎ᠡ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠷᠦᠢ ᠰᠢᠩ ᠾᠧ ᠰᠢᠶᠠᠨ ᠤ ᠨᠡᠶᠢᠰᠯᠡᠯ ᠳᠤ ᠬᠠᠨᠳᠤᠭᠤᠯᠤᠭᠰᠠᠨ ︽ᠠᠷᠤ ᠴᠡᠴᠡᠷᠯᠢᠭ︾ ᠢ ᠪᠠᠶᠢᠭᠤᠯᠬᠤ ᠬᠠᠮᠢᠶ᠎ᠠ ᠪᠥᠬᠦᠶ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠪᠠ᠃      ᠸᠠᠩ ᠬᠤᠢ ᠢᠦᠢ ᠴᠢᠩᠭᠠᠳᠬᠠᠭᠰᠠᠨ ᠨᠢ᠂ ᠮᠠᠨ ᠤ ᠰᠢᠶᠠᠨ ᠤ ᠰᠣᠶᠣᠯ ᠤᠨ ᠠᠭᠤᠯᠤᠭᠳᠠᠬᠤᠨ᠂ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠵᠠᠮ ᠬᠠᠷᠢᠯᠴᠠᠭ᠎ᠠ᠂ ᠣᠷᠴᠢᠨ ᠲᠣᠭᠤᠷᠢᠨ ᠠᠭᠤᠷ ᠠᠮᠢᠰᠬᠤᠯ ᠵᠡᠷᠭᠡ ᠳᠠᠪᠠᠭᠤᠯᠢᠭ ᠲᠠᠭᠠᠨ ᠲᠦᠰᠢᠭᠯᠡᠵᠦ᠂ 2023 ᠣᠨ ᠳᠤ ᠰᠤᠮᠤ ᠶᠢᠨ ᠠᠭᠤᠯᠠ᠂ ᠯᠦ ᠵᠢᠶᠠ ᠶᠢᠩ᠂ ᠱᠦᠢ ᠯᠢ ᠬᠠᠢ᠂ ᠲᠤᠤ ᠭᠤᠭᠤᠳ ᠬᠤᠸᠠ ᠯᠢᠩ᠂ ᠪᠠᠯ ᠴᠢᠯᠠᠭᠤ ᠶᠢᠨ ᠠᠵᠤ ᠦᠢᠯᠡᠳᠪᠦᠷᠢ ᠶᠢᠨ ᠠᠭᠤᠷᠬᠠᠢ ᠶᠢᠨ ᠣᠷᠣᠨ ᠵᠡᠷᠭᠡ ᠭᠠᠵᠠᠷ ᠤᠨ ᠵᠤᠭᠠᠴᠠᠯ ᠤᠨ ᠲᠠᠩ ᠴᠣᠭᠴᠠ ᠶᠢᠨ ᠲᠥᠯᠥᠪᠵᠢᠭᠦᠯᠭᠡ ᠶᠢ ᠨᠢᠭᠡᠳᠦᠯᠲᠡᠢ ᠲᠥᠯᠥᠪᠵᠢᠭᠦᠯᠦᠨ ᠨᠠᠶᠢᠷᠠᠭᠤᠯᠤᠨ ᠵᠣᠬᠢᠶᠠᠬᠤ ᠬᠡᠷᠡᠭᠲᠡᠢ᠃ ᠰᠢᠩ ᠾᠧ ᠰᠢᠶᠠᠨ ᠤ ᠪᠦᠬᠦ ᠣᠷᠣᠨ ᠪᠦᠰᠡ ᠶᠢᠨ ᠵᠤᠭᠠᠴᠠᠯ ᠤᠨ ᠶᠡᠷᠦᠩᠬᠡᠶ ᠲᠥᠯᠥᠪᠵᠢᠭᠦᠯᠭᠡ ᠶᠢ ᠪᠣᠷᠣ ᠲᠥᠯᠥᠪ᠂ ᠪᠠᠷᠠᠭᠠᠯᠬᠢᠯᠠᠯ ᠤᠨ ᠴᠢᠨᠠᠷᠲᠠᠶ ᠨᠠᠶᠢᠷᠠᠭᠤᠯᠤᠨ ᠵᠣᠬᠢᠶᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ᠂ ᠬᠤᠳᠠ ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ᠵᠡᠷᠭᠡ ᠡᠯ᠎ᠡ ᠲᠦᠷᠦᠯ ᠤᠨ ᠲᠥᠯᠥᠪᠵᠢᠭᠦᠯᠭᠡ ᠲᠠᠢ ᠪᠦᠲᠦᠮᠵᠢᠲᠡᠢ ᠵᠣᠯᠭᠠᠭᠤᠯᠬᠤ ᠶᠢ ᠴᠢᠬᠤᠯᠠᠴᠢᠯᠠᠨ᠎ᠠ᠄ ᠡᠯ᠎ᠡ ᠦᠵᠡᠮᠵᠢ ᠶᠢᠨ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠭᠦᠨ ᠳᠠᠪᠬᠤᠷᠭ᠎ᠠ ᠠᠴᠠ ᠠᠭᠤᠳᠠᠯᠵᠤ᠂ ᠡᠬᠢ ᠪᠠᠶᠠᠯᠢᠭ ᠤᠨ ᠳᠠᠪᠠᠭᠤᠯᠢᠭ ᠲᠠᠢ ᠪᠠᠨ ᠤᠶᠠᠯᠳᠤᠭᠤᠯᠵᠤ᠂ ᠮᠠᠨ ᠤ ᠰᠢᠶᠠᠨ ᠤ ᠵᠤᠭᠠᠴᠠᠯ ᠤᠨ ᠦᠢᠯᠡᠰ ᠤᠨ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠤᠨᠴᠠᠯᠢᠬᠳᠤ ᠰᠣᠶᠣᠯ ᠤᠨ ᠵᠤᠭᠠᠴᠠᠯ ᠤᠨ ᠠᠵᠢᠯᠯᠠᠭ᠎ᠠ ᠡᠷᠬᠢᠯᠡᠬᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠬᠤ᠂ ᠦᠵᠡᠮᠵᠢ ᠶᠢᠨ ᠣᠷᠣᠨ ᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠵᠤᠭᠠᠴᠠᠯ ᠤᠨ ᠦᠢᠯᠡᠴᠢᠯᠡᠭᠡᠨ ᠤ ᠴᠢᠳᠠᠪᠬᠢ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠵᠤᠭᠠᠴᠠᠯ ᠤᠨ ᠲᠦᠷᠦᠯ ᠵᠦᠢᠯ ᠤᠨ ᠤᠯᠠᠨ ᠡᠰᠢᠴᠢᠯᠡᠭᠰᠡᠨ ᠬᠥᠭᠵᠢᠯᠲᠡ ᠶᠢ ᠠᠬᠢᠭᠤᠯᠵᠤ᠂ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠲᠦᠷᠦᠭᠳᠡᠯ ᠪᠣᠯᠤᠨ ᠬᠠᠨᠤᠮᠵᠢ ᠶᠢᠨ  ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃      ᠸᠠᠩ ᠬᠤᠢ ᠢᠦᠶ ᠴᠢᠬᠤᠯᠠᠴᠢᠯᠠᠬᠤ ᠳᠠᠭᠠᠨ᠂ ᠡᠷᠡᠭᠦᠯ ᠮᠡᠨᠳᠦ ᠰᠤᠪᠢᠯᠠᠯᠲᠠ ᠠᠮᠠᠷᠠᠯᠲᠠ ᠶᠢᠨ ᠵᠢᠭᠤᠯᠴᠢᠯᠠᠯ ᠤᠨ ᠠᠵᠢᠯ ᠢ ᠢᠮᠠᠭᠲᠠ ᠲᠣᠪᠤᠶᠢᠮ᠎ᠠ ᠪᠠᠶᠢᠷᠢᠨ ᠳᠤ ᠲᠠᠯᠪᠢᠵᠤ᠂ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠶᠢ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠰᠡᠳᠬᠢᠴᠡ ᠪᠠᠨ ᠥᠷᠭᠡᠳᠬᠡᠨ᠂ ᠨᠠᠷᠢᠯᠢᠭ ᠣᠨᠣᠴᠠᠲᠠᠶ ᠪᠠᠷ ᠬᠦᠴᠦᠯᠡᠵᠦ᠂ ᠰᠢᠯᠢᠳᠡᠭ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠤᠨᠴᠠᠯᠢᠬᠳᠤ ᠵᠢᠭᠤᠯᠴᠢᠯᠠᠯ ᠤᠨ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ︔ ᠡᠯ᠎ᠡ ᠰᠢᠶᠠᠩ ᠪᠠᠯᠭᠠᠰᠤ ᠨᠢ ᠭᠠᠳᠠᠷ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ ᠰᠤᠷᠤᠯᠴᠠᠨ ᠲᠣᠯᠢ ᠪᠣᠯᠭᠠᠵᠤ᠂ ᠦᠵᠡᠯᠲᠡ ᠪᠠᠨ ᠬᠤᠪᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠵᠦ᠂ ᠣᠨᠴᠠᠯᠢᠬᠵᠢᠭᠤᠯᠤᠨ ᠬᠥᠭᠵᠢᠭᠦᠯᠬᠦ ᠶᠢ ᠳᠣᠪᠤᠶᠢᠯᠭᠠᠨ᠂ ᠨᠢᠭᠡ ᠪᠦᠯᠦᠭ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ ᠢ ᠤᠬᠠᠭᠠᠯᠠᠨ ᠲᠥᠯᠥᠪᠯᠡᠵᠦ᠂ ᠰᠢᠶᠠᠨ ᠤ ᠬᠤᠲᠠ ᠪᠠ ᠡᠷᠬᠢᠨ ᠲᠣᠭᠤᠷᠢᠨ ᠤ ᠭᠠᠵᠠᠷ ᠣᠷᠣᠨ ᠤ ᠵᠤᠭᠠᠴᠠᠭᠰᠠᠳ ᠢ ᠳᠠᠶᠢᠴᠢᠯᠠᠨ ᠠᠮᠢᠳᠤᠷᠠᠯ ᠢ ᠣᠶᠢᠯᠠᠭᠠᠬᠤ᠂ ᠵᠤᠭ᠎ᠠ ᠴᠡᠩᠭᠡᠯ ᠢ ᠣᠶᠢᠯᠠᠭᠠᠬᠤ ᠪᠣᠯᠭᠠᠬᠤ ᠬᠡᠷᠡᠭᠲᠡᠶ᠃ ᠰᠢᠨ᠎ᠡ ᠴᠠᠭ ᠦᠶ᠎ᠡ ᠶᠢᠨ ᠠᠷᠠᠳ ᠤᠯᠠᠨ ᠤ ᠬᠡᠷᠡᠭᠯᠡᠭᠡᠨ ᠤ ᠬᠡᠷᠡᠭᠴᠡᠭᠡ ᠶᠢᠨ ᠬᠤᠪᠢᠷᠠᠯᠲᠠ ᠳᠤ ᠵᠣᠬᠢᠴᠠᠵᠤ᠂ ᠲᠤᠰ ᠭᠠᠵᠠᠷ ᠣᠷᠣᠨ ᠤ ᠰᠣᠶᠣᠯ ᠤᠨ ᠣᠨᠴᠠᠯᠢᠭ ᠢ ᠳᠤᠪᠤᠶᠢᠯᠭᠠᠵᠤ᠂ ᠣᠷᠣᠨ ᠨᠤᠲᠤᠭ ᠤᠨ ᠣᠨᠴᠠᠯᠢᠭ ᠢ ᠠᠭᠤᠳᠠᠯᠵᠤ᠂ ᠠᠶᠠᠨᠴᠢᠳ ᠢ ᠳᠠᠰᠤᠷᠠᠯᠳᠠ ᠦᠬᠡᠢ ᠲᠠᠲᠠᠵᠤ᠂ ᠬᠥᠮᠦᠰ ᠤᠨ ᠬᠦᠷᠢᠶᠡᠯᠡᠯ ᠢ ᠲᠥᠪᠯᠡᠷᠡᠭᠦᠯᠵᠦ᠂ ᠵᠤᠭᠠᠴᠠᠯ ᠤᠨ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠰᠣᠶᠣᠯ ᠵᠤᠭᠠᠴᠠᠯ ᠤᠨ ᠠᠵᠢᠯ ᠤᠨ ᠬᠦᠴᠦᠨ ᠲᠠᠢ ᠪᠥᠭᠡᠳ ᠪᠦᠲᠦᠮᠵᠢᠲᠡᠢ ᠥᠷᠨᠢᠵᠦ᠂ ᠪᠦᠬᠦ ᠲᠠᠯ᠎ᠠ ᠪᠠᠷ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢᠶᠠᠨ ᠤ ᠤᠳᠤᠷᠢᠳᠤᠯᠭ᠎ᠠ ᠯᠢ ᠺᠠᠢ ᠳ᠋ᠦᠩ᠂ ᠵᠤᠤ ᠷᠦᠢ᠂ ᠶᠠᠩ ᠵᠧᠨ ᠳ᠋ᠦᠩ᠂ ᠸᠠᠩ ᠰᠢᠶᠤᠤ ᠵᠢᠶᠦ᠋ᠨ᠂ ᠾᠧ ᠰᠢᠩ ᠬᠤᠸᠠ᠂ ᠵᠤᠤ ᠬᠤᠢ ᠵᠢᠤᠢ ᠬᠤᠷᠠᠯ ᠳᠤ ᠣᠷᠣᠯᠴᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3