ᠰᠢᠩ ᠾᠧ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2022 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/28
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠤᠶᠢᠯᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠲᠤ ᠪᠠᠬᠢ ᠪᠣᠶ ᠪᠣᠯᠭᠠᠬᠤ ᠶᠢᠨ ᠲᠥᠯᠥᠭᠡ᠂ 11 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2022 ᠣᠨ ᠤ 13 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠯᠢ ᠷᠦᠩ ᠬᠤᠷᠠᠯ ᠢ ᠡᠷᠬᠢᠯᠡᠪᠡ᠃
     ᠬᠤᠷᠠᠯ ᠠᠴᠠ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠼᠦᠢ ᠸᠧᠨ ᠵᠢᠩ ᠢ ᠤᠷᠢᠵᠤ᠂ ᠸᠢᠳᠢᠣ᠋ ᠪᠠᠷ ᠤᠲᠠᠰᠤ ᠬᠤᠯᠪᠣᠬᠤ ᠬᠡᠯᠪᠡᠷᠢ ᠪᠠᠷ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤᠳᠬᠠᠬᠤ︾ ᠲᠤᠰᠬᠠᠢ ᠰᠡᠳᠦᠪᠲᠦ ᠲᠠᠶᠢᠯᠤᠮᠵᠢ ᠬᠢᠵᠡᠢ᠃ ᠲᠠᠶᠢᠯᠤᠮᠵᠢ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠳᠤᠷᠠᠳᠤᠭᠰᠠᠨ ᠪᠠ ᠬᠥᠭᠵᠢᠭᠦᠯᠦᠭᠰᠡᠨ᠂ ᠳᠤᠮᠳᠠᠳᠤ ᠶᠢᠨ ᠦᠨᠳᠦᠰᠦᠲᠡᠨ ᠪᠣᠯᠤᠨ ᠦᠨᠳᠦᠰᠦᠲᠡᠨ ᠨᠦᠭᠦᠳ ᠤᠨ ᠬᠠᠷᠢᠴᠠᠭ᠎ᠠ᠂ ᠶᠠᠭᠤᠨ ᠤ ᠤᠴᠢᠷ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠪᠠᠲᠤ ᠪᠠᠬᠢ ᠪᠤᠢ ᠪᠣᠯᠭᠠᠬᠤ ᠵᠡᠷᠭᠡ 4 ᠲᠠᠯ᠎ᠠ ᠠᠴᠠ ᠲᠤᠰ ᠪᠡᠶ᠎ᠡ ᠶᠢᠨ ᠠᠵᠢᠯ ᠤᠨ ᠦᠢᠯᠡᠳᠦᠯᠭᠡ ᠲᠠᠢ ᠪᠠᠨ ᠤᠶᠠᠯᠳᠤᠭᠤᠯᠤᠨ᠂ ᠤᠨᠤᠯ ᠤᠨ ᠵᠠᠳᠠᠯᠤᠯᠲᠠ᠂ ᠬᠡᠷᠡᠭ ᠤᠨ ᠵᠢᠱᠢᠶ᠎ᠡ ᠶᠢ ᠬᠤᠪᠢᠶᠠᠯᠴᠠᠬᠤ ᠪᠠᠷ ᠳᠠᠮᠵᠢᠭᠤᠯᠤᠨ ᠤᠯᠠᠨ ᠳᠤ ᠭᠦᠨ ᠭᠦᠨᠵᠡᠭᠡᠢ ᠨᠠᠷᠢᠨ ᠲᠠᠶᠢᠯᠪᠤᠷᠢᠯᠠᠯᠲᠠ ᠬᠢᠭᠰᠡᠨ ᠪᠠᠶᠢᠨ᠎ᠠ᠃ ᠬᠤᠷᠠᠯ ᠠᠴᠠ ᠪᠠᠰᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠬᠠᠭᠤᠯᠭ᠎ᠠ ᠶᠢᠨ ᠠᠵᠢᠯ ᠤᠨ ᠲᠦᠷᠢᠮ︾ ᠢ ᠬᠠᠮᠲᠤ ᠪᠠᠷ ᠰᠤᠷᠤᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠦᠨᠡᠨᠬᠦ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠵᠦ᠂ ᠮᠠᠨ ᠤ ᠰᠢᠶᠠᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠳᠡ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠤᠯᠠᠮ ᠨᠢᠭᠡ ᠠᠯᠬᠤᠮ ᠭᠦᠨᠵᠡᠭᠡᠶ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠦᠷ ᠳᠠᠯᠠᠶᠢᠴᠠᠲᠠᠶ ᠬᠦᠴᠦᠨ ᠢ ᠨᠢᠭᠲᠠᠷᠠᠭᠤᠯᠬᠤ ᠬᠡᠷᠡᠭᠲᠡᠶ᠃      ᠸᠠᠩ ᠬᠤᠢ ᠢᠦᠢ᠂ ᠯᠢ ᠺᠠᠢ ᠳ᠋ᠦᠩ᠂ ᠵᠤᠤ ᠷᠦᠢ᠂ ᠶᠠᠩ ᠵᠧᠨ ᠳ᠋ᠦᠩ ᠵᠡᠷᠭᠡ ᠲᠦᠷᠪᠡᠨ ᠶᠡᠭᠡ ᠤᠳᠤᠷᠢᠳᠬᠤ ᠪᠠᠭ ᠭᠡᠷ ᠲᠡᠭᠡᠨ ᠤᠳᠤᠷᠢᠳᠪᠠ︔ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠰᠢᠩ ᠾᠧ ᠠᠵᠤ ᠦᠢᠯᠡᠰ ᠤᠨ ᠬᠦᠷᠢᠶᠡᠯᠡᠩ ᠤᠨ ᠬᠠᠷᠢᠭᠤᠴᠠᠯᠭᠠᠲᠠᠨ︔ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠢᠭᠡᠳᠦᠮᠡᠯ ᠹᠷᠣᠨᠲ ᠤᠨ ᠭᠡᠰᠢᠭᠦᠨ︔ ᠬᠡᠰᠡᠭ ᠰᠢᠶᠠᠨ ᠤ ᠰᠢᠭᠤᠳ ᠬᠠᠷᠢᠶ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3