11 ᠰᠠᠷ᠎ᠠ ᠶᠢᠨ 25 ᠤ ᠡᠳᠦᠷ᠂ ᠮᠠᠨ ᠤ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠲᠣᠪᠴᠢᠶᠠᠨ ᠤ ᠪᠦᠬᠦ | ᠲᠠᠯ᠎ᠠ ᠶᠢᠨ ᠨᠠᠮ ᠤᠨ ᠭᠡᠰᠢᠭᠦᠨ ᠺᠠᠳ᠋ᠷᠴᠤᠳ ᠶᠡᠭᠡ ᠬᠤᠷᠠᠯ ᠤᠨ ᠭᠡᠷ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠠᠵᠢᠯ ᠤᠨ ᠪᠠᠶᠢᠷᠢᠯᠠᠭᠤᠯᠤᠯᠲᠠ ᠵᠢᠴᠢ ᠲᠠᠶᠢᠴᠢᠯᠠᠯᠳᠠ ᠶᠢᠨ ᠬᠤᠷᠠᠯ | ᠬᠤᠷᠠᠯᠳᠤᠭᠤᠯᠪᠠ᠃ | ᠬᠤᠷᠠᠯ ᠳᠡᠭᠡᠷ᠎ᠡ᠂ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠡ ᠶᠢᠨ ᠶᠡᠷᠦᠩᠬᠡᠢ ᠡᠭᠦᠷ ᠤᠨ ᠱᠦᠵᠢ ᠨᠠᠮ ᠤᠨ | ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠲᠠᠶᠢᠯᠤᠮᠵᠢ ᠬᠢᠵᠡᠢ᠃ | ᠬᠤᠷᠠᠯ ᠠᠴᠠ ᠴᠢᠩᠭᠠᠳᠬᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ | ᠳᠡᠭᠡᠳᠦ ᠱᠠᠲᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ | ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠬᠤ᠂ ᠰᠠᠶᠢᠲᠤᠷ ᠤᠬᠠᠭᠤᠯᠬᠤ᠂ | ᠰᠠᠶᠢᠲᠤᠷ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ | ᠤᠯᠤᠰ ᠲᠦᠷᠦ ᠶᠢᠨ ᠡᠭᠦᠷᠭᠡ ᠪᠠ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠡᠭᠦᠷᠭᠡ ᠪᠣᠯᠭᠠᠬᠤ | ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠣᠨᠣᠪᠴᠢᠲᠠᠢ ᠰᠤᠷᠤᠯᠴᠠᠨ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠣᠯ ᠰᠡᠳᠦᠪ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠣᠯ ᠦᠷ᠎ᠡ ᠪᠦᠲᠦᠭᠡᠯ ᠢ ᠭᠦᠨᠵᠡᠭᠡᠢ ᠤᠢᠢᠯᠠᠭᠠᠨ ᠡᠵᠡᠮᠰᠢᠵᠦ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠦᠮᠡᠨ ᠤ ᠳᠤᠮᠳᠠ ᠭᠦᠨ ᠬᠠᠳᠠᠩᠰᠢᠭᠤᠯᠵᠤ᠂ | ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠪᠦᠬᠦ ᠲᠠᠯ᠎ᠠ ᠶᠢᠨ ᠺᠠᠳ᠋ᠷ ᠠᠵᠢᠯᠳᠠᠨ ᠠᠵᠢᠯᠴᠢᠨ ᠤ ᠦᠵᠡᠯ | ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ | ᠤᠬᠠᠮᠰᠠᠷ ᠠᠴᠠ ᠪᠠᠨ ᠨᠢᠭᠡᠳᠬᠡᠬᠦ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ | ᠦᠶ᠎ᠡ ᠶᠢᠨ ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠡᠭᠦᠷᠭᠡᠯᠡᠵᠦ᠂ | ᠡᠨᠡ ᠵᠢᠯ ᠤᠨ ᠠᠵᠢᠯ ᠤᠨ ᠰᠡᠭᠦᠯ ᠬᠤᠷᠢᠶᠠᠬᠤ ᠪᠠ ᠢᠷᠡᠬᠦ ᠵᠢᠯ ᠤᠨ ᠠᠵᠢᠯ ᠤᠨ ᠲᠥᠯᠥᠪᠵᠢᠭᠦᠯᠭᠡ ᠶᠢ ᠨᠠᠷᠢᠨ | ᠬᠢᠨᠠᠮᠠᠭᠠᠢ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠤᠳᠠ ᠶᠢᠨ | ᠬᠠᠮᠢᠶᠠᠷᠤᠯᠲᠠ ᠶᠢᠨ ᠬᠦᠷᠢᠶᠡᠨ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠂ ᠴᠡᠴᠡᠭᠯᠡᠨ ᠵᠢᠮᠢᠰᠯᠡᠬᠦ ᠶᠢ | ᠠᠬᠢᠭᠤᠯᠬᠤ ᠬᠡᠷᠡᠭᠲᠡᠢ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |