ᠯᠢ ᠺᠠᠶ ᠳ᠋ᠦᠩ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ 2022 ᠣᠨ ᠤ ᠭᠤᠷᠪᠠᠳᠤᠭᠠᠷ ᠤᠳᠠᠭᠠᠨ ᠤ ᠠᠵᠢᠯ ᠤᠨ ᠬᠤᠷᠠᠯ ᠵᠢᠴᠢ ︽ᠬᠤᠶᠠᠷ ᠬᠠᠷᠢᠭᠤᠴᠠᠯᠭ᠎ᠠ︾᠎ ᠶᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/29
     11 ᠰᠠᠷ᠎ᠠ ᠶᠢᠨ 27᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ 2022 ᠣᠨ ᠤ ᠭᠤᠷᠪᠠᠳᠤᠭᠠᠷ ᠤᠳᠠᠭᠠᠨ ᠤ ᠠᠵᠢᠯ ᠤᠨ ᠬᠤᠷᠠᠯ ᠵᠢᠴᠢ ︽ᠬᠤᠶᠠᠷ ᠬᠠᠷᠢᠭᠤᠴᠠᠯᠭ᠎ᠠ︾᠎ ᠶᠢ ᠨᠠᠶᠢᠳᠠᠪᠤᠷᠢᠵᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠷᠠᠯ ᠠᠴᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠡ ᠶᠢᠨ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠢ ᠰᠠᠶᠢᠲᠤᠷ ᠬᠢᠬᠦ᠂ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ᠂ ᠢᠳᠡᠭᠡᠨ ᠤ ᠵᠦᠢᠯ ᠤᠨ ᠠᠮᠤᠷ ᠲᠦᠪᠰᠢᠨ ᠢ ᠲᠡᠰ ᠬᠤᠪᠢᠶᠠᠨ ᠲᠡᠰ ᠬᠤᠪᠢᠶᠠᠨ ᠪᠠᠲᠤᠯᠠᠬᠤ ᠵᠢᠴᠢ ︽ᠬᠤᠶᠠᠷ ᠬᠠᠷᠢᠭᠤᠴᠠᠯᠭ᠎ᠠ︾᠎ ᠶᠢᠨ ᠠᠵᠢᠯ ᠢ ᠰᠠᠶᠢᠲᠤᠷ ᠬᠢᠬᠦ ᠲᠤᠬᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠯᠢ ᠺᠠᠶ ᠳ᠋ᠦᠩ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ︾ ᠠᠷᠭ᠎ᠠ ᠶᠢ ᠬᠡᠷᠡᠭᠯᠡᠬᠦ ᠬᠡᠷᠡᠭᠲᠡᠶ ᠭᠡᠵᠦ ᠴᠢᠬᠤᠯᠠᠴᠢᠯᠠᠵᠠᠶ᠃ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠶᠡᠷᠦᠩᠬᠡᠶ ᠱᠦᠵᠢ ᠰᠢ ᠶᠢᠨ ᠫᠢᠩ  ᠤᠨ ᠬᠤᠯᠪᠣᠭᠳᠠᠯ ᠪᠥᠬᠦᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠠᠶᠤᠯ ᠥᠭᠡᠢ ᠶᠢᠨ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠶ᠂ ᠯᠠᠪᠳᠠᠭᠤᠨ ᠪᠠᠲᠤᠲᠠᠶ᠂ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠶ᠃ ᠢᠯᠠᠩᠭᠤᠶ᠎ᠠ ᠢᠳᠡᠭᠡᠨ ᠪᠠ ᠡᠮ ᠤᠨ ᠵᠦᠢᠯ ᠤᠨ ᠠᠵᠢᠯ ᠢ ᠰᠠᠶᠢᠲᠤᠷ ᠬᠢᠬᠦ ᠶᠢ ︽ᠲᠦᠷᠪᠡᠨ ᠤᠬᠠᠮᠰᠠᠷ︾᠎ ᠢᠶᠠᠨ ᠴᠢᠩᠭᠠᠳᠬᠠᠬᠤ ᠶᠢ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾᠂ ︽ᠬᠤᠶᠠᠷ ᠢ ᠲᠣᠭᠲᠠᠭᠠᠬᠤ︾᠎ ᠶᠢ ᠬᠠᠮᠠᠭᠠᠯᠠᠬᠤ ᠤᠯᠤᠰ ᠲᠦᠷᠦ ᠶᠢᠨ ᠰᠢᠯᠭᠠᠨ ᠪᠠᠶᠢᠴᠠᠭᠠᠯᠲᠠ ᠶᠢ ᠪᠡᠶᠡᠯᠡᠭᠦᠯᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠵᠦ᠂ ᠠᠮᠤᠷ ᠲᠦᠪᠰᠢᠨ ᠢᠶᠠᠷ ᠬᠥᠭᠵᠢᠭᠦᠯᠬᠦ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃      ᠯᠢ ᠺᠠᠶ ᠳ᠋ᠦᠩ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾᠎ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠱᠠᠲᠤ ᠱᠠᠲᠤ ᠬᠤᠪᠢᠶᠠᠨ ᠪᠠᠲᠤᠯᠠᠬᠤ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠶ᠃ ᠠᠵᠢᠯ ᠤᠨ ᠲᠤᠬᠢᠷᠠᠭᠤᠯᠭ᠎ᠠ᠂ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠣᠯᠤᠨ ᠦᠢᠯᠡᠴᠢᠯᠡᠭᠡᠨ ᠤ ᠵᠣᠬᠢᠴᠠᠭᠤᠯᠭ᠎ᠠ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾᠎ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠤᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᠢᠦᠢ ᠬᠤᠩ ᠯᠢᠶᠠᠩ᠂ ᠡᡁᠧ ᠰᠢᠩ ᠬᠤᠸᠠ᠂ ᠵᠤᠤ ᠬᠤᠢ ᠵᠢᠤᠢ᠂ ᠬᠦᠩ ᠰᠢᠤ ᠯᠦᠩ᠂ ᠰᠦᠨ ᠬᠠᠢ ᠵᠢᠶᠦ᠋ᠨ᠂ ᠵᠧᠦ ᠷᠦᠢ ᠵᠢᠶᠦ᠋ᠨ᠂ ᠡᡁᠸᠥ ᠶᠢᠩ ᠬᠤᠷᠠᠯ ᠳᠤ ᠣᠷᠣᠯᠴᠠᠪᠠ᠃                                                                             ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3