11 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ | ᠵᠥᠪᠯᠡᠯ ᠤᠨ 2022 ᠣᠨ ᠤ ᠭᠤᠷᠪᠠᠳᠤᠭᠠᠷ ᠤᠳᠠᠭᠠᠨ ᠤ ᠠᠵᠢᠯ ᠤᠨ ᠬᠤᠷᠠᠯ ᠵᠢᠴᠢ ︽ᠬᠤᠶᠠᠷ ᠬᠠᠷᠢᠭᠤᠴᠠᠯᠭ᠎ᠠ︾ | ᠶᠢ ᠨᠠᠶᠢᠳᠠᠪᠤᠷᠢᠵᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ | | | ᠬᠤᠷᠠᠯ ᠠᠴᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠡ ᠶᠢᠨ ᠢᠳᠡᠭᠡᠨ ᠤ ᠵᠦᠢᠯ | ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠪᠥᠭᠡᠳ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠢ ᠰᠠᠶᠢᠲᠤᠷ | ᠬᠢᠬᠦ᠂ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ | ᠪᠠᠶᠢᠭᠤᠯᠬᠤ᠂ ᠢᠳᠡᠭᠡᠨ ᠤ ᠵᠦᠢᠯ ᠤᠨ ᠠᠮᠤᠷ ᠲᠦᠪᠰᠢᠨ ᠢ ᠲᠡᠰ ᠬᠤᠪᠢᠶᠠᠨ ᠲᠡᠰ ᠬᠤᠪᠢᠶᠠᠨ ᠪᠠᠲᠤᠯᠠᠬᠤ ᠵᠢᠴᠢ ︽ | ᠬᠤᠶᠠᠷ ᠬᠠᠷᠢᠭᠤᠴᠠᠯᠭ᠎ᠠ︾ ᠶᠢᠨ ᠠᠵᠢᠯ ᠢ ᠰᠠᠶᠢᠲᠤᠷ ᠬᠢᠬᠦ ᠲᠤᠬᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ | ᠯᠢ ᠺᠠᠶ ᠳ᠋ᠦᠩ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠢᠳᠡᠭᠡᠨ ᠤ ᠵᠦᠢᠯ ᠡᠮ ᠤᠨ | ᠵᠦᠢᠯ ᠤᠨ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠬᠠᠮᠤᠭ ᠤᠨ | ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ᠂ | ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ︾ ᠠᠷᠭ᠎ᠠ ᠶᠢ ᠬᠡᠷᠡᠭᠯᠡᠬᠦ ᠬᠡᠷᠡᠭᠲᠡᠶ ᠭᠡᠵᠦ ᠴᠢᠬᠤᠯᠠᠴᠢᠯᠠᠵᠠᠶ᠃ | ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ᠂ | ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ | ᠶᠡᠷᠦᠩᠬᠡᠶ ᠱᠦᠵᠢ ᠰᠢ ᠶᠢᠨ ᠫᠢᠩ ᠤᠨ ᠬᠤᠯᠪᠣᠭᠳᠠᠯ ᠪᠥᠬᠦᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠢᠳᠡᠭᠡᠨ ᠪᠠ ᠡᠮ ᠤᠨ ᠵᠦᠢᠯ ᠤᠨ ᠠᠶᠤᠯ ᠥᠭᠡᠢ ᠶᠢᠨ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠶ᠂ ᠯᠠᠪᠳᠠᠭᠤᠨ | ᠪᠠᠲᠤᠲᠠᠶ᠂ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠶ᠃ ᠢᠯᠠᠩᠭᠤᠶ᠎ᠠ ᠢᠳᠡᠭᠡᠨ ᠪᠠ ᠡᠮ ᠤᠨ ᠵᠦᠢᠯ ᠤᠨ | ᠠᠵᠢᠯ ᠢ ᠰᠠᠶᠢᠲᠤᠷ ᠬᠢᠬᠦ ᠶᠢ ︽ᠲᠦᠷᠪᠡᠨ ᠤᠬᠠᠮᠰᠠᠷ︾ ᠢᠶᠠᠨ ᠴᠢᠩᠭᠠᠳᠬᠠᠬᠤ ᠶᠢ ᠪᠠᠷᠢᠮᠲᠠᠯᠠᠵᠤ᠂ ︽ᠬᠤᠶᠠᠷ ᠢ | ᠬᠠᠮᠠᠭᠠᠯᠠᠬᠤ︾᠂ ︽ᠬᠤᠶᠠᠷ ᠢ ᠲᠣᠭᠲᠠᠭᠠᠬᠤ︾ ᠶᠢ ᠬᠠᠮᠠᠭᠠᠯᠠᠬᠤ ᠤᠯᠤᠰ ᠲᠦᠷᠦ ᠶᠢᠨ ᠰᠢᠯᠭᠠᠨ ᠪᠠᠶᠢᠴᠠᠭᠠᠯᠲᠠ ᠶᠢ | ᠪᠡᠶᠡᠯᠡᠭᠦᠯᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠲᠣᠭᠲᠠᠭᠤᠨ ᠪᠠᠶᠢᠬᠤ ᠰᠠᠶᠢᠨ ᠰᠠᠶᠢᠬᠠᠨ | ᠪᠠᠶᠢᠳᠠᠯ ᠢ ᠦᠷᠭᠦᠯᠵᠢᠯᠡᠨ ᠪᠠᠬᠢᠵᠢᠭᠦᠯᠵᠦ᠂ ᠠᠮᠤᠷ ᠲᠦᠪᠰᠢᠨ ᠢᠶᠠᠷ ᠬᠥᠭᠵᠢᠭᠦᠯᠬᠦ ᠬᠤᠷᠢᠭ᠎ᠠ ᠱᠤᠭᠤᠮ ᠢ ᠡᠷᠡᠰ ᠪᠠᠲᠤ | ᠰᠠᠬᠢᠬᠤ ᠬᠡᠷᠡᠭᠲᠡᠢ᠃ | ᠯᠢ ᠺᠠᠶ ᠳ᠋ᠦᠩ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠵᠦ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ | ᠡᠯ᠎ᠡ ᠵᠦᠢᠯ ᠤᠨ ᠬᠠᠷᠠᠯᠲᠠ ᠡᠭᠦᠷᠭᠡ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠢᠳᠡᠭᠡᠨ ᠤ ᠠᠮᠤᠷ ᠲᠦᠪᠰᠢᠨ ᠤ ︽ | ᠬᠤᠶᠠᠷ ᠬᠠᠷᠢᠭᠤᠴᠠᠯᠭ᠎ᠠ︾ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠱᠠᠲᠤ ᠱᠠᠲᠤ ᠬᠤᠪᠢᠶᠠᠨ ᠪᠠᠲᠤᠯᠠᠬᠤ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠤ | ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠶ᠃ ᠠᠵᠢᠯ ᠤᠨ | ᠲᠤᠬᠢᠷᠠᠭᠤᠯᠭ᠎ᠠ᠂ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠣᠯᠤᠨ ᠦᠢᠯᠡᠴᠢᠯᠡᠭᠡᠨ ᠤ ᠵᠣᠬᠢᠴᠠᠭᠤᠯᠭ᠎ᠠ ᠶᠢ | ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠤᠯᠠᠨ ᠤ ︽ᠢᠳᠡᠭᠡᠨ ᠤᠮᠳᠠᠭᠠᠨ ᠤ ᠠᠮᠤᠷ | ᠲᠦᠪᠰᠢᠨ︾ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ | ᠰᠢᠶᠠᠨ ᠤ ᠤᠳᠤᠷᠢᠳᠤᠯᠭ᠎ᠠ ᠢᠦᠢ ᠬᠤᠩ ᠯᠢᠶᠠᠩ᠂ ᠡᡁᠧ ᠰᠢᠩ ᠬᠤᠸᠠ᠂ ᠵᠤᠤ ᠬᠤᠢ ᠵᠢᠤᠢ᠂ ᠬᠦᠩ ᠰᠢᠤ | ᠯᠦᠩ᠂ ᠰᠦᠨ ᠬᠠᠢ ᠵᠢᠶᠦ᠋ᠨ᠂ ᠵᠧᠦ ᠷᠦᠢ ᠵᠢᠶᠦ᠋ᠨ᠂ ᠡᡁᠸᠥ ᠶᠢᠩ ᠬᠤᠷᠠᠯ ᠳᠤ ᠣᠷᠣᠯᠴᠠᠪᠠ᠃ | | | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |