ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2022 ᠣᠨ ᠤ 21 ᠳ᠋ᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 22 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/29
     11 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2022 ᠣᠨ ᠤ 21 ᠳ᠋ᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 22 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠬᠤᠷᠠᠯ ᠪᠣᠯᠤᠨ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠪᠠᠷᠢᠮᠵᠢᠶ᠎ᠠ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠬᠤᠷᠢᠨ ᠵᠦᠢᠯ ᠤᠨ ᠠᠷᠭ᠎ᠠ ᠬᠡᠮᠵᠢᠶ᠎ᠡ︾ ᠪᠣᠯᠤᠨ ᠤᠯᠤᠰ ᠠᠴᠠ ᠳᠠᠷᠤᠮᠠᠯᠯᠠᠨ ᠲᠠᠷᠬᠠᠭᠠᠭᠰᠠᠨ 4 ᠪᠢᠴᠢᠭ ᠮᠠᠲᠧᠷᠢᠶᠠᠯ ᠳᠤ ᠴᠢᠭᠯᠡᠭᠦᠯᠦᠨ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠠᠢ ᠠᠷᠭ᠎ᠠ  ᠬᠡᠮᠵᠢᠶ᠎ᠡ ᠶᠢ ᠤᠯᠠᠮ ᠴᠢᠨᠠᠭᠰᠢᠳᠠ ᠰᠢᠯᠢᠳᠡᠭᠵᠢᠭᠦᠯᠬᠦ ᠶᠢ ᠰᠤᠳᠤᠯᠵᠠᠢ᠃      ᠯᠢ ᠺᠠᠶ ᠳ᠋ᠦᠩ ᠴᠢᠬᠤᠯᠠᠴᠢᠯᠠᠬᠤ ᠳᠠᠭᠠᠨ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠤ ᠪᠥᠭᠡᠳ ᠪᠤᠳᠤᠯᠢᠶᠠᠨᠲᠠᠶ ᠪᠠᠶᠢᠭᠰᠠᠭᠠᠷ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠢᠮᠠᠭᠲᠠ ᠴᠢᠩᠭᠠᠷᠠᠭᠤᠯᠵᠤ᠂ ᠦᠷᠭᠦᠯᠵᠢᠯᠡᠨ ᠳᠤᠲᠠᠭᠤᠳᠠᠯ ᠢᠶᠠᠨ ᠨᠥᠬᠦᠪᠥᠷᠢᠯᠡᠵᠦ᠂ ᠠᠯᠳᠠᠰᠢ ᠭᠠᠷᠬᠤ ᠶᠢ ᠬᠤᠷᠢᠭᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠶ᠂ ᠲᠡᠭᠦᠯᠳᠡᠷᠵᠢᠭᠦᠯᠬᠦ ᠴᠢᠬᠤᠯᠠᠲᠠᠶ ᠠᠷᠭ᠎ᠠ ᠬᠡᠮᠵᠢᠶ᠎ᠡ ᠶᠢ ᠰᠠᠶᠢᠲᠤᠷ ᠨᠠᠷᠢᠯᠢᠬᠵᠢᠭᠤᠯᠬᠤ ᠬᠡᠷᠡᠭᠲᠡᠶ᠂ ᠢᠯᠠᠩᠭᠤᠶ᠎ᠠ ᠦᠨᠳᠦᠰᠦᠨ ᠲᠤᠭ᠎ᠠ ᠶᠢ ᠨᠠᠷᠢᠨ ᠨᠢᠮᠪᠠᠶ ᠣᠶᠢᠯᠠᠭᠠᠵᠤ᠂ ᠡᠮᠴᠢᠯᠡᠭᠡᠨ ᠤ ᠪᠠᠲᠤᠯᠠᠭ᠎ᠠ ᠶᠢ ᠨᠠᠷᠢᠨ ᠨᠢᠮᠪᠠᠶ ᠪᠠᠶᠢᠯᠭᠠᠵᠤ᠂ ᠵᠠᠬ᠎ᠠ ᠳᠡᠯᠭᠡᠭᠦᠷ ᠤᠨ ᠦᠶ᠋ᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢ ᠨᠠᠷᠢᠨ ᠨᠢᠮᠪᠠᠶ ᠪᠠᠶᠢᠯᠭᠠᠵᠤ᠂ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠰᠠᠶᠢᠲᠤᠷ ᠬᠢᠬᠦ ᠬᠡᠷᠡᠭᠲᠡᠶ ᠭᠡᠵᠡᠶ᠃ ᠨᠠᠶᠢᠳᠠᠪᠤᠷᠢᠵᠢᠭᠤᠯᠤᠭᠰᠠᠨ ᠢ ᠪᠠᠶᠢᠴᠠᠭᠠᠬᠤ᠂ ᠨᠠᠶᠢᠳᠠᠪᠤᠷᠢᠵᠢᠭᠤᠯᠤᠭᠰᠠᠨ ᠢ ᠪᠠᠶᠢᠴᠠᠭᠠᠬᠤ᠂ ᠨᠠᠶᠢᠳᠠᠪᠤᠷᠢᠵᠢᠭᠤᠯᠤᠭᠰᠠᠨ ᠢ ᠬᠠᠮᠢᠶᠠᠷᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠲᠤᠳᠬᠠᠵᠤ᠂ ᠵᠠᠮ ᠬᠠᠷᠢᠯᠴᠠᠭᠠᠨ ᠤ ᠪᠣᠭᠤᠮᠲᠠ ᠶᠢ ᠪᠠᠶᠢᠴᠠᠭᠠᠨ ᠰᠢᠯᠭᠠᠬᠤ᠂ ᠨᠡᠶᠢᠭᠡᠮ ᠲᠣᠭᠤᠷᠢᠭ ᠢ ᠬᠠᠮᠢᠶᠠᠷᠤᠨ ᠡᠵᠡᠮᠳᠡᠬᠦ᠂ ᠲᠠᠯᠠᠪᠤᠷ ᠭᠠᠵᠠᠷ ᠢ ᠲᠤᠰᠠᠭᠠᠷᠯᠠᠬᠤ᠂ ᠬᠦᠷᠢᠶᠡᠯᠡᠩ ᠲᠣᠭᠤᠷᠢᠭ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠳᠤ ︽ᠲᠦᠷᠪᠡ ᠶᠢ ᠴᠢᠩᠳᠠᠯᠠᠬᠤ︾ ᠶᠢ ᠪᠡᠶᠡᠯᠡᠭᠦᠯᠬᠦ ᠬᠡᠷᠡᠭᠲᠡᠢ᠃ ᠡᠮᠴᠢᠯᠡᠭᠡ ᠪᠠ ᠬᠢᠵᠢᠭ ᠢ ᠰᠡᠷᠭᠡᠶᠢᠯᠡᠬᠦ ᠡᠳ᠋ ᠪᠣᠳᠠᠰ ᠢ ᠤᠯᠠᠮ ᠨᠢᠭᠡ ᠠᠯᠬᠤᠮ ᠴᠢᠩᠭᠠᠳᠬᠠᠵᠤ᠂ ᠵᠣᠴᠢᠳ ᠤᠨ ᠪᠠᠭᠤᠳᠠᠯ ᠤᠨ ᠨᠥᠭᠡᠴᠡ ᠶᠢ ᠲᠤᠰᠠᠭᠠᠷᠯᠠᠨ᠂ ᠬᠢᠵᠢᠭ ᠢ ᠰᠡᠷᠭᠡᠶᠢᠯᠡᠬᠦ ᠬᠦᠴᠦᠨ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠪᠠᠶᠢᠷᠢᠯᠠᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠵᠢᠯᠲᠠᠨ ᠤ ᠲᠣᠬᠢᠷᠠᠭᠤᠯᠤᠯᠲᠠ ᠶᠢ ᠴᠢᠩᠭᠠᠷᠠᠭᠤᠯᠤᠨ᠂ ᠡᠮᠨᠡᠯᠭᠡ ᠶᠢᠨ ᠠᠵᠢᠯᠲᠠᠨ ᠪᠠ ᠠᠵᠢᠯᠲᠠᠨ ᠤ ᠪᠣᠯᠪᠠᠰᠤᠷᠠᠭᠤᠯᠤᠯ ᠢ ᠰᠠᠶᠢᠲᠤᠷ ᠠᠳᠬᠤᠬᠤ ᠬᠡᠷᠡᠭᠲᠡᠶ᠃ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠨᠠᠷᠢᠯᠢᠭ ᠰᠠᠶᠢᠲᠤᠷ ᠬᠢᠵᠦ᠂ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠬᠡᠪᠴᠢᠶᠡᠲᠦ ᠬᠢᠵᠢᠭ ᠤᠨ ᠪᠠᠶᠢᠳᠠᠯ ᠦᠯᠦ ᠡᠭᠦᠰᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠶ᠃      ᠯᠢ ᠺᠠᠶ ᠳ᠋ᠦᠩ ᠱᠠᠭᠠᠷᠳᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠬᠠᠷᠢᠭᠤᠴᠠᠯᠭᠠᠲᠤ ᠤᠬᠠᠮᠰᠠᠷ ᠢ ᠪᠣᠶ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠭᠤᠣᠯᠳᠠᠯᠭ᠎ᠠ ᠲᠠᠢ ᠠᠵᠢᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠤᠨᠢᠨ ᠳᠡᠭᠡᠷ᠎ᠡ ᠨᠢ ᠰᠡᠷᠭᠡᠶᠢᠯᠡᠨ ᠠᠷᠢᠯᠭᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠵᠡᠷᠭᠡ ᠬᠤᠷᠢᠭ᠎ᠠ ᠱᠤᠭᠤᠮ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠬᠤᠷᠢᠭᠯᠠᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠬᠥᠭᠵᠢᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ᠃      ᠬᠤᠷᠠᠯ ᠠᠴᠠ ᠬᠦᠴᠢᠷᠳᠡᠯᠲᠡᠢ ᠤᠯᠠᠨ ᠲᠦᠮᠡᠨ ᠢ ᠠᠪᠤᠷᠠᠨ ᠲᠤᠰᠠᠯᠠᠭᠰᠠᠨ ᠪᠠᠶᠢᠳᠠᠯ ᠢ ᠰᠣᠨᠣᠰᠤᠭᠰᠠᠨ ᠪᠥᠭᠡᠳ ᠪᠠᠰᠠ ᠦᠵᠡᠯ ᠤᠬᠠᠮᠰᠠᠷ ᠤᠨ ᠬᠡᠯᠪᠡᠷᠢ᠂ ᠦᠨᠳᠦᠰᠦᠲᠡᠨ ᠱᠠᠰᠢᠨ ᠰᠤᠷᠲᠠᠬᠤᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠣᠯᠤᠨ ᠰᠣᠶᠣᠯ ᠤᠨ ᠥᠪ ᠤᠨ ᠬᠠᠮᠠᠭᠠᠯᠠᠯᠲᠠ ᠵᠢᠴᠢ ᠤᠯᠠᠮᠵᠢᠯᠠᠯ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ ︽ᠰᠢᠩ ᠡᡁᠧ ᠰᠢᠶᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠷᠪᠠᠨ ᠳᠥᠷᠪᠡᠳᠦᠭᠡᠷ ᠲᠠᠪᠤᠨ ᠵᠢᠯ ᠤᠨ ᠬᠥᠭᠵᠢᠯᠲᠡ ᠶᠢᠨ ᠲᠥᠯᠥᠪᠵᠢᠭᠦᠯᠭᠡ ︵2021 — 2025︶ ︵ᠬᠢᠨᠠᠨ ᠵᠥᠪᠯᠡᠬᠦ ᠨᠤᠤᠷᠠᠭ︶︾ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠤᠯᠤᠰ ᠤᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠯᠲᠡ᠂ ᠬᠤᠪᠢᠶᠠᠷᠢᠯᠠᠨ ᠥᠭᠭᠦᠭᠰᠡᠨ ᠭᠠᠵᠠᠷ ᠰᠢᠷᠣᠢ ᠶᠢ ᠮᠡᠳᠡᠭᠦᠯᠦᠨ ᠵᠥᠪᠰᠢᠶᠡᠷᠡᠭᠦᠯᠬᠦ᠂ ᠳᠠᠩᠰᠠ ᠡᠪᠬᠡᠮᠡᠯ ᠢ ᠲᠣᠭᠠᠴᠢᠯᠠᠬᠤ ᠪᠠᠶᠢᠭᠤᠯᠤᠯᠲᠠ ᠵᠡᠷᠭᠡ ᠠᠵᠢᠯ ᠵᠢᠴᠢ ᠪᠡᠯᠡ ᠮᠥᠩᠭᠦ ᠶᠢ ᠰᠢᠯᠵᠢᠭᠦᠯᠦᠨ ᠥᠭᠬᠦ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠵᠠᠢ᠃      ᠰᠢᠶᠠᠨ ᠤ ᠤᠳᠤᠷᠢᠳᠤᠯᠭ᠎ᠠ ᠢᠦᠢ ᠬᠤᠩ ᠯᠢᠶᠠᠩ᠂ ᠡᡁᠧ ᠰᠢᠩ ᠬᠤᠸᠠ᠂ ᠵᠤᠤ ᠬᠤᠢ ᠵᠢᠤᠢ᠂ ᠬᠦᠩ ᠰᠢᠤ ᠯᠦᠩ᠂ ᠰᠦᠨ ᠬᠠᠢ ᠵᠢᠶᠦ᠋ᠨ᠂ ᠵᠧᠦ ᠷᠦᠢ ᠵᠢᠶᠦ᠋ᠨ᠂ ᠡᡁᠸᠥ ᠶᠢᠩ ᠬᠤᠷᠠᠯ ᠳᠤ ᠣᠷᠣᠯᠴᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3