ᠴᠠᠭ 2022 ᠣᠨ ᠤ 10 ᠰᠠᠷ᠎ᠠ ᠶᠢᠨ 9 ᠤ ᠡᠳᠦᠷ | ᠵᠣᠴᠢᠨ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠺᠠᠨ ᠸᠧᠶ | 10 ᠰᠠᠷ᠎ᠠ ᠶᠢᠨ 9 ᠤ ᠡᠳᠦᠷ ᠪᠣᠯ ᠳᠡᠯᠡᠬᠡᠶ ᠶᠢᠨ ᠰᠢᠤᠳᠠᠨ ᠤ ᠡᠳᠦᠷ ᠪᠣᠯᠤᠨ᠎ᠠ᠂ ᠬᠤᠲᠠ ᠶᠢᠨ ᠰᠢᠤᠳᠠᠨ ᠤ | ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ᠲᠣᠰ ᠤᠳᠠᠭᠠᠨ ᠤ ᠰᠤᠷᠪᠤᠯᠵᠢᠯᠠᠭ᠎ᠠ ᠶᠢ ᠬᠦᠯᠢᠶᠡᠵᠦ᠂ ᠳᠡᠯᠡᠬᠡᠶ ᠶᠢᠨ ᠰᠢᠤᠳᠠᠨ ᠤ ᠡᠳᠦᠷ ᠤᠨ ᠭᠤᠤᠯ ᠰᠡᠳᠦᠪ ᠤᠨ | ᠲᠣᠭᠤᠷᠢᠨ ᠳᠤ ᠰᠢᠤᠳᠠᠨ ᠤ ᠦᠢᠯᠡᠰ ᠤᠨ ᠣᠯᠠᠨ ᠲᠦᠮᠡᠨ ᠤ ᠠᠮᠤᠷ ᠲᠦᠪᠰᠢᠨ ᠢ ᠰᠠᠬᠢᠨ ᠬᠠᠮᠠᠭᠠᠯᠠᠬᠤ᠂ ᠣᠯᠠᠨ | ᠲᠦᠮᠡᠨ ᠤ ᠲᠥᠬᠦᠮ ᠨᠥᠬᠦᠴᠡᠯ ᠢ ᠰᠠᠬᠢᠨ ᠬᠠᠮᠠᠭᠠᠯᠠᠬᠤ᠂ ᠪᠣᠬᠢᠷᠲᠤᠯ ᠥᠬᠡᠶ ᠠᠮᠢ ᠠᠬᠤᠶ ᠶᠢ ᠰᠠᠬᠢᠨ ᠬᠠᠮᠠᠭᠠᠯᠠᠬᠤ | ᠭᠤᠤᠯ ᠰᠡᠳᠦᠪ ᠵᠢᠴᠢ ᠣᠳᠣᠬᠠᠨ ᠤ ᠠᠵᠢᠯ ᠲᠥᠷᠥᠯ ᠤᠨ ᠬᠥᠭᠵᠢᠯᠲᠡ ᠶᠢᠨ ᠣᠳᠣᠬᠢ ᠪᠠᠶᠢᠳᠠᠯ ᠪᠠ ᠪᠣᠳᠣᠯᠬᠢᠯᠠᠯ ᠢ | ᠪᠢᠳᠡᠨ ᠳᠤ ᠪᠥᠬᠦ ᠲᠠᠯ᠎ᠠ ᠪᠠᠷ ᠲᠠᠨᠢᠯᠴᠠᠭᠤᠯᠪᠠ᠃ | ᠰᠤᠷᠪᠤᠯᠵᠢᠯᠠᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠪᠦᠬᠦ ᠤᠯᠤᠰ ᠢᠶᠠᠷ ᠢᠶᠠᠨ | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠵᠤ᠂ ᠪᠦᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 73 ᠵᠢᠯ ᠤᠨ ᠤᠢ ᠶᠢ ᠪᠠᠶᠠᠷᠯᠠᠨ ᠪᠡᠯᠭᠡᠯᠡᠵᠦ ᠪᠠᠶᠢᠭ᠎ᠠ | ᠡᠳᠦᠷ ᠤᠳ ᠲᠤ᠂ ᠪᠢᠳᠡ 53 ᠳ᠋ᠤᠭᠠᠷ ᠬᠤᠭᠤᠴᠠᠭᠠᠨ ᠤ ᠳᠡᠯᠡᠬᠡᠢ ᠶᠢᠨ ᠰᠢᠦᠳᠠᠨ ᠤ ᠶᠠᠪᠤᠳᠠᠯ ᠤᠨ ᠡᠳᠦᠷ ᠢ | ᠤᠭᠲᠤᠨ ᠠᠪᠤᠯ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠳᠤ᠂ ᠪᠢᠳᠡ ᠣᠯᠠᠨ ᠳᠤ ᠤᠯᠠᠭᠠᠨᠴᠠᠪ ᠬᠤᠲᠠ ᠶᠢᠨ | ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ ᠺᠠᠨ ᠸᠧᠶ ᠶᠢ ᠤᠷᠢᠵᠤ᠂ ᠮᠠᠨ ᠤ ᠬᠤᠲᠠ ᠶᠢᠨ ᠰᠢᠤᠳᠠᠨ ᠤ ᠦᠢᠯᠡᠰ ᠤᠨ ᠠᠷᠠᠳ ᠤᠨ ᠠᠮᠢᠳᠤᠷᠠᠯ ᠪᠠ | ᠠᠵᠢᠯ ᠲᠥᠷᠥᠯ ᠤᠨ ᠬᠥᠭᠵᠢᠯᠲᠡ ᠳᠤ ᠦᠢᠯᠡᠴᠢᠯᠡᠬᠦ ᠠᠵᠢᠯ ᠤᠨ ᠲᠤᠬᠠᠶ ᠣᠯᠠᠨ ᠲᠠᠢ ᠬᠠᠮᠲᠤ ᠪᠠᠷ ᠶᠠᠷᠢᠯᠴᠠᠪᠠ᠃ | ᠺᠠᠨ ᠸᠧᠶ᠄ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ ᠥᠨᠥᠳᠦᠷ ᠪᠣᠯ 53 | ᠳ᠋ᠤᠭᠠᠷ ᠬᠤᠭᠤᠴᠠᠭᠠᠨ ᠤ ᠳᠡᠯᠡᠬᠡᠶ ᠶᠢᠨ ᠰᠢᠤᠳᠠᠨ ᠤ ᠡᠳᠦᠷ ᠮᠥᠨ᠂ ᠶᠠᠭᠤᠨ ᠤ ᠡᠮᠦᠨ᠎ᠡ ᠪᠢ ᠡᠨᠡ ᠲᠣᠬᠢᠶᠠᠯ ᠢᠶᠠᠷ | ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢ ᠲᠥᠯᠥᠭᠡᠯᠡᠵᠦ᠂ ᠮᠠᠨ ᠤ ᠬᠤᠲᠠ ᠶᠢᠨ ᠰᠢᠤᠳᠠᠨ ᠤ | ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ | ᠪᠣᠯᠤᠨ ᠨᠡᠶᠢᠭᠡᠮ ᠤᠨ ᠡᠯ᠎ᠡ ᠡᠲᠡᠭᠡᠳ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ ᠭᠡᠵᠦ ᠰᠠᠶ᠋ᠢᠬᠠᠨ ᠬᠥᠲᠥᠯᠥᠭᠴᠢ ᠪᠠᠰᠠ ᠳᠤᠷᠠᠳᠤᠭᠰᠠᠨ ᠪᠠᠶᠢᠨ᠎ᠠ︕ ᠮᠠᠨ ᠤ ᠬᠤᠲᠠ ᠶᠢᠨ ᠰᠢᠦᠳᠠᠨ ᠤ | ᠦᠢᠯᠡᠰ ᠤᠨ ᠺᠠᠳ᠋ᠷ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠢᠷᠥᠭᠡᠯ | ᠳᠡᠪᠰᠢᠭᠦᠯᠦᠶ᠎ᠡ︕ | ᠰᠤᠷᠪᠤᠯᠵᠢᠯᠠᠭᠴᠢ ᠄ ᠣᠶᠢᠯᠠᠭᠠᠭᠰᠠᠨ ᠢᠶᠠᠷ᠂ ᠳᠡᠯᠡᠬᠡᠶ ᠶᠢᠨ ᠰᠢᠤᠳᠠᠨ ᠤ ᠡᠳᠦᠷ ᠤᠨ ᠵᠢᠯ ᠪᠦᠷᠢ ᠶᠢᠨ ᠭᠤᠤᠯ | ᠰᠡᠳᠦᠪ ᠨᠢ ᠴᠥᠮ ᠠᠳᠠᠯᠢ ᠥᠬᠡᠶ ᠪᠠᠶᠢᠳᠠᠭ᠂ ᠺᠠᠨ ᠲᠣᠪᠴᠢᠶᠠᠨ ᠳᠠᠷᠤᠭ᠎ᠠ ᠪᠢᠳᠡᠨ ᠳᠤ ᠡᠨᠡ ᠵᠢᠯ ᠤᠨ ᠳᠡᠯᠡᠬᠡᠶ ᠶᠢᠨ | ᠰᠢᠤᠳᠠᠨ ᠤ ᠡᠳᠦᠷ ᠤᠨ ᠭᠤᠤᠯ ᠰᠡᠳᠦᠪ ᠢ ᠲᠠᠨᠢᠯᠴᠠᠭᠤᠯᠤᠭᠠᠳ ᠥᠭᠭᠦᠨ᠎ᠡ ᠤᠤ︖ | ᠺᠠᠨ ᠸᠧᠶ ᠄ ᠡᠨᠡ ᠵᠢᠯ ᠤᠨ ᠳᠡᠯᠡᠬᠡᠶ ᠶᠢᠨ ᠰᠢᠦᠳᠠᠨ ᠤ ᠡᠳᠦᠷ ᠤᠨ ᠭᠤᠣᠯ ᠰᠡᠳᠦᠪ ᠪᠣᠯ ︽ᠰᠢᠦᠳᠠᠨ ᠤ | ᠶᠠᠪᠤᠳᠠᠯ ᠳᠡᠯᠡᠬᠡᠶ ᠶᠢᠨ ᠪᠥᠮᠪᠥᠷᠴᠡᠭ ᠤᠨ ᠭᠡᠷ ᠣᠷᠣᠨ ᠢᠶᠠᠨ ᠰᠠᠬᠢᠨ ᠬᠠᠮᠠᠭᠠᠯᠠᠶ᠎ᠠ︾᠂ ᠰᠢᠦᠳᠠᠨ ᠭᠡᠬᠦ ᠡᠨᠡᠬᠦ ᠪᠦᠬᠦ | ᠪᠥᠮᠪᠥᠷᠴᠡᠭ ᠤᠨ ᠬᠠᠮᠤᠭ ᠤᠨ ᠲᠣᠮᠣ ᠪᠣᠳᠠᠲᠤ ᠴᠣᠭᠴᠠ ᠶᠢᠨ ᠦᠢᠯᠡᠴᠢᠯᠡᠭᠡᠨ ᠤ ᠰᠦᠯᠵᠢᠶ᠎ᠡ ᠶᠢᠨ ᠳᠡᠯᠡᠬᠡᠶ ᠶᠢᠨ | ᠪᠥᠮᠪᠥᠷᠴᠡᠭ ᠭᠡᠬᠦ ᠡᠨᠡᠬᠦ ᠬᠥᠮᠦᠨ ᠲᠥᠷᠥᠯᠬᠢᠲᠡᠨ ᠤ ᠬᠠᠮᠲᠤ ᠶᠢᠨ ᠭᠡᠷ ᠣᠷᠣᠨ ᠢ ᠰᠠᠬᠢᠨ ᠬᠠᠮᠠᠭᠠᠯᠠᠬᠤ | ᠬᠠᠷᠢᠭᠤᠴᠠᠯᠭ᠎ᠠ ᠪᠠ ᠡᠭᠦᠷᠭᠡᠯᠡᠯ ᠢ ᠭᠦᠢᠴᠡᠳ ᠢᠯᠡᠷᠡᠭᠦᠯᠵᠦ᠂ ᠰᠢᠦᠳᠠᠨ ᠤ ᠦᠢᠯᠡᠰ ᠤᠨ ᠰᠠᠶᠢᠨ ᠰᠠᠶᠢᠬᠠᠨ | ᠠᠮᠢᠳᠤᠷᠠᠯ ᠢ ᠴᠣᠭᠴᠠᠯᠠᠨ ᠪᠠᠶᠢᠭᠤᠯᠬᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠳᠤ ᠦᠢᠯᠡᠴᠢᠯᠡᠬᠦ ᠦᠷᠳᠡᠭ ᠪᠣᠯᠤᠨ ᠬᠥᠭᠡᠭᠡᠴᠡᠯᠳᠦᠯ ᠢ ᠢᠯᠡᠷᠡᠭᠦᠯᠵᠦ᠂ ᠪᠠᠰᠠ ᠳᠡᠯᠡᠬᠡᠢ ᠶᠢᠨ ᠰᠢᠦᠳᠠᠨ ᠤ | ᠦᠢᠯᠡᠰ ᠤᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ᠂ ᠦᠷᠭᠦᠯᠵᠢᠯᠡᠬᠦ ᠬᠥᠭᠵᠢᠯᠲᠡ ᠶᠢ | ᠪᠡᠶᠡᠯᠡᠭᠦᠯᠬᠦ ᠪᠠᠷ ᠴᠢᠷᠮᠠᠶᠢᠬᠤ ᠠᠯᠤᠰ ᠢᠷᠡᠭᠡᠳᠦᠢ ᠪᠣᠯᠤᠨ ᠵᠣᠷᠢᠭ ᠢ ᠭᠦᠢᠴᠡᠳ ᠢᠯᠡᠳᠬᠡᠵᠡᠢ᠃ | ᠰᠤᠷᠪᠤᠯᠵᠢᠯᠠᠭᠴᠢ ᠄ ᠲᠠᠨ ᠤ ᠦᠵᠡᠬᠦ ᠪᠠᠷ᠂ ᠳᠡᠯᠡᠬᠡᠶ ᠶᠢᠨ ᠰᠢᠤᠳᠠᠨ ᠤ ᠡᠳᠦᠷ ᠤᠨ ᠭᠤᠤᠯ ᠰᠡᠳᠦᠪ ᠨᠢ ︽ | ᠰᠢᠤᠳᠠᠨ ᠤ ᠶᠠᠪᠤᠳᠠᠯ ᠳᠡᠯᠡᠬᠡᠶ ᠶᠢᠨ ᠪᠥᠮᠪᠥᠷᠴᠡᠭ ᠤᠨ ᠬᠡᠷ ᠣᠷᠣᠨ ᠢᠶᠠᠨ ᠰᠠᠬᠢᠨ ᠬᠠᠮᠠᠭᠠᠯᠠᠨ᠎ᠠ︾᠂ ᠳᠤᠮᠳᠠᠬᠢ ︽ | ᠰᠠᠬᠢᠨ ᠬᠠᠮᠠᠭᠠᠯᠠᠨ᠎ᠠ︾ ᠭᠡᠳᠡᠭ ᠨᠢ ᠭᠤᠤᠯᠳᠠᠭᠤ ᠶᠠᠭᠤ ᠶᠢ ᠵᠢᠭᠠᠵᠤ ᠪᠠᠶᠢᠬᠤ ᠪᠣᠶ︖ | ᠺᠠᠨ ᠸᠧᠶ ᠄ ᠮᠢᠨᠦ ᠦᠵᠡᠬᠦ ᠪᠠᠷ᠂ ︽ᠰᠠᠬᠢᠨ ᠬᠠᠮᠠᠭᠠᠯᠠᠬᠤ︾ ᠶᠢ ᠭᠤᠷᠪᠠᠨ ᠲᠠᠯ᠎ᠠ ᠠᠴᠠ ᠣᠶᠢᠯᠠᠭᠠᠵᠤ | ᠪᠣᠯᠤᠨ᠎ᠠ᠂ ᠨᠢᠭᠡᠳᠦᠭᠡᠷ ᠰᠠᠬᠢᠨ ᠬᠠᠮᠠᠭᠠᠯᠠᠬᠤ ᠭᠤᠤᠯ ᠰᠡᠳᠦᠪ ᠪᠣᠯ ᠣᠯᠠᠨ ᠲᠦᠮᠡᠨ ᠤ ᠰᠢᠤᠳᠠᠨ ᠤ ᠠᠮᠤᠷ | ᠲᠦᠪᠰᠢᠨ ᠢ ᠰᠠᠬᠢᠨ ᠬᠠᠮᠠᠭᠠᠯᠠᠨ᠎ᠠ᠂ ᠬᠤᠶᠠᠳᠤᠭᠠᠷ ᠰᠠᠬᠢᠨ ᠬᠠᠮᠠᠭᠠᠯᠠᠬᠤ ᠭᠤᠤᠯ ᠰᠡᠳᠦᠪ ᠪᠣᠯ ᠣᠯᠠᠨ ᠲᠦᠮᠡᠨ ᠤ | ᠰᠠᠶᠢᠨ ᠰᠠᠶᠢᠬᠠᠨ ᠠᠮᠢᠳᠤᠷᠠᠯ ᠢ ᠰᠠᠬᠢᠨ ᠬᠠᠮᠠᠭᠠᠯᠠᠨ᠎ᠠ᠂ ᠭᠤᠷᠪᠠᠳᠤᠭᠠᠷ ᠭᠤᠤᠯ ᠰᠡᠳᠦᠪ ᠪᠣᠯ ᠪᠣᠬᠢᠷᠲᠤᠯ ᠥᠬᠡᠶ ᠬᠡᠷ | ᠣᠷᠣᠨ ᠢ ᠰᠠᠬᠢᠨ ᠬᠠᠮᠠᠭᠠᠯᠠᠨ᠎ᠠ᠃ | ᠡᠩ ᠲᠡᠷᠢᠭᠦᠨ ᠳᠤ᠂ ᠤᠯᠠᠨ ᠲᠦᠮᠡᠨ ᠤ ᠰᠢᠦᠳᠠᠨ ᠬᠡᠷᠡᠭᠯᠡᠬᠦ ᠠᠮᠤᠷ ᠲᠦᠪᠰᠢᠨ ᠢ ᠰᠠᠬᠢᠨ ᠬᠠᠮᠠᠭᠠᠯᠠᠨ᠎ᠠ᠃ | ᠣᠶᠢᠷ᠎ᠠ ᠶᠢᠨ ᠵᠢᠯ ᠤᠳ ᠲᠤ᠂ ᠢᠯᠡᠭᠡᠯᠲᠡ ᠶᠢᠨ ᠵᠠᠮ ᠮᠥᠷ ᠤᠨ ᠠᠮᠤᠷ ᠲᠦᠪᠰᠢᠨ ᠤ ᠪᠠᠶᠢᠳᠠᠯ ᠡᠳᠦᠷ ᠢᠷᠡᠬᠦᠶ᠎ᠡ | ᠬᠦᠨᠳᠦ ᠨᠣᠴᠢᠲᠠᠶ ᠪᠣᠯᠵᠣ᠂ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠨᠢᠭᠡᠨᠲᠡ ᠤᠯᠠᠮᠵᠢᠯᠠᠯᠲᠤ ᠮᠡᠳᠡᠭᠡ | ᠬᠤᠯᠪᠣᠭᠠᠨ ᠤ ᠠᠮᠤᠷ ᠲᠦᠪᠰᠢᠨ ᠪᠠᠶᠢᠭᠰᠠᠨ ᠠᠴᠠ ᠪᠠᠨ ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠮᠤᠷ | ᠲᠦᠪᠰᠢᠨ ᠬᠢᠭᠡᠳ ᠣᠯᠠᠨ ᠨᠡᠶᠢᠲᠡ ᠶᠢᠨ ᠠᠮᠤᠷ ᠲᠦᠪᠰᠢᠨ ᠤ ᠴᠢᠬᠤᠯᠠ ᠬᠡᠰᠡᠭ ᠪᠣᠯᠤᠨ ᠳᠡᠭᠡᠭᠰᠢᠯᠡᠵᠦ᠂ | ᠰᠦᠷᠳᠡᠭᠦᠯᠦᠯ ᠢ ᠡᠰᠡᠷᠭᠦᠴᠡᠬᠦ᠂ ᠬᠠᠭᠠᠴᠠᠭᠤᠯᠤᠯ ᠢ ᠡᠰᠡᠷᠭᠦᠴᠡᠬᠦ᠂ ᠬᠤᠤᠷ ᠴᠠᠭᠠᠵᠠᠯᠠᠬᠤ᠂ ᠱᠠᠯᠢᠭ ᠵᠠᠪᠬᠠᠶ ᠵᠦᠢᠯᠡᠰ ᠢ | ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ᠂ ᠡᠷᠬᠡ ᠳᠤ ᠬᠠᠯᠳᠠᠬᠤ ᠪᠠ ᠬᠠᠭᠤᠷᠮᠠᠭᠯᠠᠨ | ᠦᠢᠯᠡᠳᠬᠦ ᠶᠢ ᠡᠰᠡᠷᠭᠦᠴᠡᠬᠦ ᠵᠡᠷᠭᠡ ᠬᠦᠷᠢᠶᠡᠨ ᠳᠤ ᠬᠤᠯᠪᠣᠭᠳᠠᠭᠰᠠᠨ ᠪᠠᠶᠢᠨ᠎ᠠ᠃ ᠤᠯᠠᠭᠠᠨᠴᠠᠪ ᠬᠤᠳᠠ ᠶᠢᠨ ᠵᠠᠮ | ᠬᠠᠷᠢᠯᠴᠠᠭᠠᠨ ᠤ ᠣᠷᠣᠨ ᠪᠠᠶᠢᠷᠢ ᠳᠠᠪᠠᠭᠤᠯᠢᠭ ᠠᠴᠠ ᠪᠤᠯᠵᠤ ᠪᠢᠳᠡ ᠬᠥᠬᠡᠬᠤᠲᠠ ᠪᠣᠯᠤᠨ ᠨᠡᠶᠢᠰᠯᠡᠯ ᠪᠡᠭᠡᠵᠢᠩ ᠤᠨ | ᠠᠮᠤᠷ ᠲᠦᠪᠰᠢᠨ ᠤ ᠬᠠᠯᠬᠠᠪᠴᠢ ᠶᠢ ᠬᠦᠷᠭᠡᠬᠦ ᠡᠭᠦᠷᠭᠡ ᠶᠢ ᠰᠠᠶᠢᠲᠤᠷ ᠭᠦᠢᠴᠡᠳᠬᠡᠬᠦ ᠨᠢ ᠪᠡᠷᠬᠡ ᠬᠠᠲᠠᠭᠤᠵᠢᠯᠲᠠᠢ᠂ | ᠳᠠᠷᠤᠯᠲᠠ ᠮᠠᠰᠢ ᠶᠡᠭᠡ ᠪᠠᠶᠢᠨ᠎ᠠ᠃ ᠰᠢᠤᠳᠠᠨ ᠤ ᠶᠠᠪᠤᠳᠠᠯ ᠤᠨ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠢ | ᠰᠢᠮᠳᠠᠭᠤᠯᠤᠨ ᠬᠢᠨᠠᠯᠲᠠ ᠲᠠᠯᠪᠢᠵᠤ ᠪᠠᠶᠢᠭᠠᠳ ᠦᠨᠡᠨ ᠨᠡᠷ᠎ᠡ ᠪᠠᠷ ᠳᠠᠩᠰᠠᠯᠠᠬᠤ᠂ ᠬᠤᠷᠢᠶᠠᠨ ᠢᠯᠡᠭᠡᠵᠦ ᠰᠢᠯᠭᠠᠨ | ᠦᠵᠡᠬᠦ᠂ ᠮᠠᠰᠢᠨ ᠢᠶᠠᠷ ᠥᠩᠭᠡᠷᠡᠬᠦ ᠠᠮᠤᠷ ᠲᠦᠪᠰᠢᠨ ᠤ ᠪᠠᠶᠢᠴᠠᠭᠠᠯᠲᠠ ᠶᠢᠨ ︽ᠭᠤᠷᠪᠠᠨ ᠵᠦᠢᠯ ᠤᠨ ᠲᠦᠷᠢᠮ︾ ᠢ | ᠴᠢᠩᠭ᠎ᠠ ᠨᠠᠶᠢᠳᠠᠪᠤᠷᠢᠵᠢᠭᠤᠯᠬᠤ ᠪᠣᠯ ᠠᠵᠢᠯ ᠲᠥᠷᠥᠯ ᠤᠨ ᠠᠶᠤᠯ ᠥᠬᠡᠶ ᠦᠢᠯᠡᠳᠪᠦᠷᠢᠯᠡᠯ ᠤᠨ ᠳᠠᠪᠠᠵᠤ ᠪᠣᠯᠤᠰᠢ | ᠥᠬᠡᠶ ᠤᠯᠠᠭᠠᠨ ᠱᠤᠭᠤᠮ ᠪᠣᠯᠬᠤ ᠪᠥᠭᠡᠳ ᠪᠠᠰᠠ ᠴᠤ ᠰᠢᠤᠳᠠᠨ ᠤ ᠦᠢᠯᠡᠰ ᠤᠨ ᠠᠷᠠᠳ ᠣᠯᠠᠨ ᠤ ᠠᠮᠢ ᠨᠠᠰᠤ | ᠡᠷᠡᠭᠦᠯ ᠮᠡᠨᠳᠦ ᠪᠠ ᠠᠮᠤᠷ ᠲᠦᠪᠰᠢᠨ ᠢ ᠰᠠᠬᠢᠨ ᠬᠠᠮᠠᠭᠠᠯᠠᠬᠤ ᠶᠢᠨ ᠲᠡᠷᠢᠭᠦᠨ ᠴᠢᠬᠤᠯᠠ ᠡᠭᠦᠷᠭᠡ ᠪᠣᠯᠤᠨ᠎ᠠ᠃ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠤ ᠰᠢᠤᠳᠠᠨ ᠤ ᠦᠢᠯᠡᠰ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠳᠤ ᠲᠦᠢᠯ ᠤᠨ ᠶᠡᠭᠡ ᠳᠡᠮᠵᠢᠯᠭᠡ ᠦᠵᠡᠭᠦᠯᠵᠦ᠂ ᠡᠨᠡ ᠵᠢᠯ ᠤᠨ 4 ᠰᠠᠷ᠎ᠠ ᠳᠤ ᠬᠤᠲᠠ ᠶᠢᠨ | ᠰᠢᠤᠳᠠᠨ ᠤ ᠦᠢᠯᠡᠰ ᠤᠨ ᠠᠮᠤᠷ ᠲᠦᠪᠰᠢᠨ ᠤ ᠲᠥᠪ ᠪᠠᠶᠢᠭᠤᠯᠬᠤ ᠶᠢ ᠴᠤᠬᠤᠯᠠᠪᠤᠷᠢᠯᠠᠨ ᠬᠠᠷᠢᠭᠤᠯᠵᠤ᠂ | ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠣᠷᠣᠯᠠᠨ ᠬᠠᠮᠢᠶᠠᠷᠴᠤ᠂ ᠠᠵᠢᠯ ᠲᠥᠷᠥᠯ ᠤᠨ | ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠰᠢᠦᠳᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠪᠦᠬᠦ ᠠᠵᠢᠯ ᠲᠦᠷᠦᠯ ᠤᠨ ᠬᠠᠮᠲᠤ ᠶᠢᠨ ᠴᠢᠷᠮᠠᠶᠢᠯᠭ᠎ᠠ ᠪᠠᠷ᠂ | ᠢᠯᠡᠭᠡᠯᠲᠡ ᠶᠢᠨ ᠠᠷᠭ᠎ᠠ ᠵᠠᠮ ᠨᠢ ᠤᠯᠠᠨ ᠲᠦᠮᠡᠨ ᠤ ᠰᠢᠦᠳᠠᠨ ᠬᠡᠷᠡᠭᠯᠡᠬᠦ ᠠᠮᠤᠷ ᠲᠦᠪᠰᠢᠨ ᠢ ᠰᠠᠬᠢᠨ ᠬᠠᠮᠠᠭᠠᠯᠠᠬᠤ | ᠲᠠᠯ᠎ᠠ ᠪᠠᠷ ᠦᠷᠭᠦᠯᠵᠢᠯᠡᠨ ᠬᠦᠴᠦᠯᠡᠪᠡ᠃ | ᠳᠠᠷᠠᠭᠠᠯᠠᠪᠠᠯ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠰᠠᠬᠢᠨ ᠬᠠᠮᠠᠭᠠᠯᠠᠨ᠎ᠠ᠃ 2020 | ᠣᠨ ᠠᠴᠠ ᠨᠠᠰᠢ᠂ ᠰᠢᠨ᠎ᠡ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠳᠡᠯᠡᠬᠡᠢ ᠶᠢ ᠬᠠᠮᠤᠷᠴᠤ᠂ | ᠲᠦᠷᠭᠡᠨ ᠬᠦᠷᠭᠡᠭᠴᠢ ᠬᠢᠵᠢᠭ ᠢ ᠰᠦᠷᠦᠨ ᠤᠷᠤᠭᠰᠢᠯᠠᠵᠤ᠂ ᠤᠯᠠᠨ ᠲᠦᠮᠡᠨ ᠳᠤ ᠠᠮᠢᠳᠤᠷᠠᠯ ᠤᠨ ᠴᠢᠬᠤᠯᠠ | ᠬᠡᠷᠡᠭᠰᠡᠯ ᠢ ᠬᠦᠷᠭᠡᠵᠦ᠂ ᠬᠥᠮᠦᠨ ᠤ ᠶᠢᠷᠲᠢᠨᠴᠦ ᠶᠢᠨ ᠬᠠᠶᠢᠷ᠎ᠠ ᠬᠠᠯᠠᠮᠵᠢ ᠶᠢ ᠬᠦᠷᠭᠡᠵᠦ᠂ ᠰᠢᠦᠳᠠᠨ ᠤ ᠦᠢᠯᠡᠰ ᠤᠨ | ᠠᠵᠢᠯᠲᠠᠳ ᠤᠨ ᠡᠭᠦᠷᠭᠡ ᠬᠠᠷᠢᠭᠤᠴᠠᠯᠭ᠎ᠠ ᠶᠢ ᠬᠠᠷᠠᠭᠤᠯᠵᠠᠢ᠃ ᠤᠴᠢᠷ ᠨᠢ ᠲᠦᠷᠭᠡᠨ ᠬᠦᠷᠭᠡᠭᠴᠢ ᠲᠦᠭ ᠲᠦᠮᠡᠨ | ᠠᠶᠢᠯ ᠡᠷᠦᠬᠡ ᠲᠠᠢ ᠬᠠᠷᠢᠯᠴᠠᠵᠤ᠂ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ | ᠴᠢᠩᠭᠠᠳᠬᠠᠬᠤ ᠶᠢᠨ ᠲᠥᠯᠥᠭᠡ᠂ 2021 ᠣᠨ ᠤ 11 ᠰᠠᠷ᠎ᠠ ᠳᠤ᠂ ᠬᠤᠲᠠ ᠶᠢᠨ ᠰᠢᠦᠳᠠᠨ ᠤ ᠬᠠᠮᠢᠶᠠᠷᠤᠯᠲᠠ ᠶᠢᠨ | ᠲᠣᠪᠴᠢᠶ᠎ᠠ ᠬᠤᠲᠠ ᠶᠢᠨ ᠵᠠᠰᠠᠭ ᠤᠨ ᠣᠷᠳᠣᠨ ᠵᠢᠴᠢ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠭᠠᠵᠠᠷ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ᠂ ︽ | ᠰᠢᠦᠳᠠᠨ ᠤ ᠲᠦᠷᠭᠡᠨ ᠬᠦᠷᠭᠡᠯᠲᠡ ᠶᠢᠨ ᠬᠢᠨᠠᠨ ᠬᠡᠮᠵᠢᠬᠦ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠰᠬᠠᠶ | ᠠᠩᠭᠢ︾ ᠶᠢ ᠪᠠᠶᠢᠭᠤᠯᠵᠤ᠂ ᠡᠭᠦᠨ ᠤ ᠬᠠᠮᠲᠤ ᠬᠢᠨᠠᠨ ᠪᠠᠶᠢᠴᠠᠭᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠢ | ᠵᠣᠬᠢᠶᠠᠨ ᠪᠠᠶᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ | ᠰᠠᠯᠭᠠᠨ ᠥᠭᠬᠦ ᠲᠥᠪ ᠲᠤ ︽ᠵᠢᠷᠭᠤᠭᠠᠨ ᠲᠠᠯ᠎ᠠ ᠠᠴᠠ ᠠᠷᠢᠯᠭᠠᠬᠤ︾ ᠵᠢᠷᠤᠮ ᠢ ᠨᠡᠮᠡᠵᠦ᠂ ᠲᠤᠰᠬᠠᠶ ᠬᠥᠮᠦᠨ ᠢᠶᠠᠷ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠲᠣᠪᠴᠢᠶ᠎ᠠ ᠪᠠᠶᠢᠭᠤᠯᠤᠯᠭ᠎ᠠ ᠶᠢᠨ 24 ᠴᠠᠭ ᠢᠶᠠᠷ ᠵᠢᠵᠢᠭᠦᠷᠯᠡᠨ | ᠰᠠᠬᠢᠬᠤ᠂ ᠠᠵᠢᠯ ᠲᠥᠷᠥᠯ ᠤᠨ ᠠᠵᠢᠯᠲᠠᠳ ᠢ ᠵᠣᠬᠢᠶᠠᠨ ᠪᠠᠶᠢᠭᠤᠯᠤᠨ ᠸᠠᠺᠼᠢᠨ ᠤ ᠲᠠᠷᠢᠯᠭ᠎ᠠ ᠬᠢᠬᠦ ᠪᠠ ᠪᠥᠭᠡᠮ | ᠬᠦᠴᠢᠯ ᠢ ᠪᠠᠶᠢᠴᠠᠭᠠᠨ ᠰᠢᠯᠭᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ | ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ᠠᠵᠢᠯ ᠲᠥᠷᠥᠯ ᠤᠨ ᠬᠢᠨ ᠢ ᠰᠢᠮᠳᠠᠭᠤᠯᠵᠤ ᠪᠠᠶᠢᠭᠠᠳ ︽ | ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠠᠴᠠ ᠳᠠᠬᠢᠨ ᠰᠡᠷᠭᠡᠶᠢᠯᠡᠬᠦ ᠶᠢ ᠰᠡᠷᠭᠡᠶᠢᠯᠡᠬᠦ᠂ ᠬᠥᠮᠦᠨ ᠢ | ᠬᠠᠮᠲᠤ ᠳᠤᠨᠢ ᠰᠡᠷᠭᠡᠶᠢᠯᠡᠬᠦ︾ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠠᠵᠢᠯ ᠲᠥᠷᠥᠯ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃ | | ᠭᠤᠷᠪᠠᠳᠤᠭᠠᠷ ᠲᠤ᠂ ᠪᠣᠬᠢᠷᠲᠤᠯ ᠥᠬᠡᠶ ᠬᠡᠷ ᠣᠷᠣᠨ ᠢᠶᠠᠨ ᠰᠠᠬᠢᠨ ᠬᠠᠮᠠᠭᠠᠯᠠᠨ᠎ᠠ᠃ ᠰᠢ ᠶᠢᠨ ᠫᠢᠩ ᠤᠨ ᠠᠮᠢ | ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠤᠶᠢᠯᠠᠭᠠᠨ ᠲᠤᠤᠱᠯᠠᠭᠤᠯᠬᠤ ᠶᠢᠨ ᠲᠥᠯᠥᠭᠡ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠣᠶᠢᠷ᠎ᠠ ᠶᠢᠨ ᠵᠢᠯ ᠳᠤ᠂ ᠬᠤᠲᠠ ᠶᠢᠨ | ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ ᠠᠵᠢᠯ ᠲᠥᠷᠥᠯ ᠤᠨ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠴᠢᠬᠤᠯᠠ ᠶᠡᠭᠡ ᠲᠦᠷᠭᠡᠨ ᠬᠦᠷᠭᠡᠯᠲᠡ ᠶᠢᠨ ᠪᠣᠭᠤᠳᠠᠯ ᠤᠨ ᠬᠡᠮᠵᠢᠶ᠎ᠡ ᠶᠢ ᠪᠠᠭᠠᠰᠬᠠᠬᠤ᠂ | ᠪᠠᠷᠢᠮᠵᠢᠶᠠᠵᠢᠭᠤᠯᠬᠤ᠂ ᠤᠷᠴᠢᠯᠵᠢᠭᠤᠯᠬᠤ ᠶᠢ ᠲᠦᠷᠭᠡᠳᠬᠡᠨ ᠠᠬᠢᠭᠤᠯᠵᠤ᠂ ᠣᠯᠠᠨ ᠤᠳᠠᠭ᠎ᠠ ᠲᠤᠰᠬᠠᠶ ᠰᠡᠳᠦᠪ ᠢᠶᠠᠷ | ᠠᠵᠢᠯ ᠢᠶᠠᠨ ᠰᠤᠳᠤᠯᠤᠨ ᠪᠠᠶᠢᠷᠢᠯᠠᠭᠤᠯᠵᠤ᠂ ᠰᠢᠦᠳᠠᠨ ᠤ ᠦᠢᠯᠡᠰ ᠤᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠮᠢ ᠠᠬᠤᠶ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ ᠶᠢᠨ ᠵᠣᠬᠢᠴᠠᠭᠤᠯᠭ᠎ᠠ ᠪᠠ ᠠᠵᠢᠯ ᠤᠨ ᠠᠬᠢᠭᠤᠯᠤᠯᠲᠠ ᠶᠢ ᠨᠢᠭᠡᠳᠦᠯᠲᠡᠶ ᠲᠥᠯᠥᠪᠯᠡᠬᠦ ᠶᠢ | ᠴᠢᠩᠭᠠᠳᠬᠠᠬᠤ ᠶᠢᠨ ᠬᠠᠮᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ 2022 | ᠣᠨ ᠳᠤ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠮᠢ ᠠᠬᠤᠶ ᠶᠢᠨ ᠣᠷᠴᠢᠨ ᠨᠥᠬᠦᠴᠡᠯ ᠤᠨ | ᠬᠠᠮᠠᠭᠠᠯᠠᠯᠲᠠ ᠶᠢᠨ ᠪᠠᠶᠢᠴᠠᠭᠠᠯᠲᠠ ᠶᠢ ᠨᠡᠶᠢᠲᠡ 16 ᠤᠳᠠᠭ᠎ᠠ ᠥᠷᠨᠢᠭᠦᠯᠵᠦ᠂ ᠡᠭᠦᠨ ᠳᠤ 5 ᠤᠳᠠᠭ᠎ᠠ ᠲᠤᠰᠬᠠᠶ | ᠪᠠᠶᠢᠴᠠᠭᠠᠯᠲᠠ ᠬᠢᠵᠦ᠂ ᠪᠥᠬᠦ ᠬᠤᠲᠠ ᠶᠢᠨ 9 ᠬᠤᠰᠢᠭᠤ ᠰᠢᠶᠠᠨ ᠬᠤᠲᠠ ᠲᠣᠭᠤᠷᠢᠭ ᠢ ᠬᠠᠮᠤᠷᠤᠨ ᠪᠠᠶᠢᠴᠠᠭᠠᠵᠤ᠂ | ᠨᠡᠶᠢᠲᠡ 69 ᠡᠵᠡᠩᠨᠡᠯᠲᠡ ᠶᠢᠨ ᠲᠣᠤᠷ ᠴᠡᠭ ︵ᠲᠡᠭᠦᠰᠬᠡᠯ ᠤᠨ ᠬᠡᠰᠡᠭ ᠢ ᠪᠠᠭᠲᠠᠭᠠᠨ᠎ᠠ︶ ᠢ ᠪᠠᠶᠢᠴᠠᠭᠠᠵᠤ᠂ ᠨᠡᠶᠢᠲᠡ | 5 ᠤᠳᠠᠭ᠎ᠠ ᠶᠢ ᠬᠡᠷᠡᠭ ᠪᠣᠯᠭᠠᠨ ᠳᠡᠩᠰᠡᠯᠡᠵᠦ᠂ ᠡᠯ᠎ᠡ ᠠᠵᠤ ᠠᠬᠤᠶᠢᠯᠠᠯ ᠳᠤ ᠬᠦᠴᠦᠷᠬᠡᠭ ᠶᠡᠭᠡ ᠰᠦᠷᠳᠡᠭᠦᠯᠬᠦ | ᠦᠢᠯᠡᠳᠦᠯ ᠦᠵᠡᠭᠦᠯᠦᠭᠰᠡᠨ ᠪᠠᠶᠢᠨ᠎ᠠ᠃ ᠣᠲᠣ ᠪᠣᠯᠲᠠᠯ᠎ᠠ᠂ ᠪᠥᠬᠦ ᠬᠤᠲᠠ ᠶᠢᠨ ᠬᠤᠳᠠᠯᠳᠤᠨ ᠠᠪᠴᠤ ᠬᠡᠷᠡᠭᠯᠡᠭᠰᠡᠨ | ᠪᠠᠷᠢᠮᠵᠢᠶ᠎ᠠ ᠳᠤ ᠨᠡᠶᠢᠴᠡᠭᠰᠡᠨ ᠪᠣᠭᠤᠳᠠᠯ ᠤᠨ ᠮᠠᠲ᠋ᠧᠷᠢᠶᠠᠯ ᠤᠨ ᠬᠠᠷᠢᠴᠠᠯ 97.4% ᠬᠦᠷᠴᠦ᠂ ᠵᠢᠷᠤᠮᠵᠢᠯ ᠶᠣᠰᠣᠭᠠᠷ | ᠪᠢᠲᠡᠭᠦᠮᠵᠢᠯᠡᠨ ᠤᠭᠰᠠᠷᠠᠬᠤ ᠠᠵᠢᠯᠯᠠᠭᠠᠨ ᠤ ᠬᠠᠷᠢᠴᠠᠯ 97.2% ᠬᠦᠷᠴᠦ᠂ ᠡᠷᠭᠢᠯᠳᠦᠭᠦᠯᠦᠨ ᠲᠦᠷᠭᠡᠨ ᠬᠦᠷᠭᠡᠬᠦ | ᠬᠠᠶᠢᠷᠴᠠᠭ ︵ᠬᠠᠶᠢᠷᠴᠠᠭ︶ ᠤᠨ ᠬᠡᠷᠡᠭᠯᠡᠭᠰᠡᠨ ᠬᠡᠮᠵᠢᠶ᠎ᠡ 1.02 ᠲᠦᠮᠡ ᠳᠤ ᠬᠦᠷᠴᠦ᠂ ᠳᠠᠬᠢᠨ ᠬᠡᠷᠡᠭᠯᠡᠭᠰᠡᠨ | ᠸᠠᠭᠠᠷᠤᠨ ᠴᠠᠭᠠᠰᠤᠨ ᠬᠠᠶᠢᠷᠴᠠᠭ ᠤᠨ ᠲᠤᠭ᠎ᠠ 52.79 ᠲᠦᠮᠡ ᠳᠤ ᠬᠦᠷᠴᠡᠶ᠃ | ᠰᠤᠷᠪᠤᠯᠵᠢᠯᠠᠭᠴᠢ ᠄ ᠰᠢᠦᠳᠠᠨ ᠲᠦᠷᠭᠡᠨ ᠬᠦᠷᠭᠡᠯᠲᠡ ᠨᠢ ᠨᠢᠭᠡᠨᠲᠡ ᠭᠠᠵᠠᠷ ᠪᠣᠯᠭᠠᠨ ᠳᠤ ᠪᠠᠶᠢᠳᠠᠭ᠂ | ᠬᠡᠷᠡᠭᠯᠡᠬᠦ ᠥᠬᠡᠶ ᠬᠥᠮᠦᠨ ᠥᠬᠡᠶ ᠠᠮᠢᠳᠤᠷᠠᠯ ᠤᠨ ᠦᠵᠡᠭᠳᠡᠯ ᠪᠣᠯᠵᠠᠶ᠂ ᠥᠩᠭᠡᠷᠡᠭᠰᠡᠨ ᠳᠤ ︽ᠬᠡᠷ ᠤᠨ ᠵᠠᠬᠢᠳᠠᠯ | ᠲᠦᠮᠡᠨ ᠵᠣᠭᠤᠰ ᠲᠠᠢ ᠲᠡᠩᠴᠡᠨ᠎ᠡ︾᠂ ᠣᠲᠣ ᠪᠣᠯᠬᠤ ᠳᠤ ︽ᠲᠦᠷᠭᠡᠨ ᠬᠦᠷᠭᠡᠯᠲᠡ ᠨᠢ ᠬᠥᠮᠦᠰ ᠤᠨ ᠰᠡᠳᠬᠢᠯ ᠢ | ᠳᠤᠯᠠᠭᠠᠴᠠᠭᠤᠯᠤᠨ᠎ᠠ︾᠂ ᠰᠢ ᠶᠢᠨ ᠫᠢᠩ ᠶᠡᠷᠦᠩᠬᠡᠶ ᠱᠦᠵᠢ ᠲᠦᠷᠭᠡᠨ ᠬᠦᠷᠭᠡᠯᠲᠡ ᠶᠢᠨ ᠪᠢᠴᠢᠬᠠᠨ ᠠᠬ᠎ᠠ ᠪᠣᠯ | ᠰᠠᠶᠢᠨ ᠰᠠᠶᠢᠬᠠᠨ ᠠᠮᠢᠳᠤᠷᠠᠯ ᠤᠨ ᠰᠠᠬᠢᠨ ᠬᠠᠮᠠᠭᠠᠯᠠᠭᠴᠢ ᠪᠠ ᠡᠭᠦᠳᠦᠨ ᠪᠦᠲᠦᠭᠡᠭᠴᠢ ᠮᠥᠨ᠂ ᠮᠠᠨ ᠤ ᠠᠮᠢᠳᠤᠷᠠᠯ | ᠦᠨᠡᠬᠡᠷ ᠲᠦᠷᠭᠡᠨ ᠬᠦᠷᠭᠡᠯᠲᠡ ᠶᠢᠨ ᠪᠢᠴᠢᠬᠠᠨ ᠠᠬ᠎ᠠ ᠶᠢᠨ ᠰᠠᠬᠢᠨ ᠬᠠᠮᠠᠭᠠᠯᠠᠯᠲᠠ ᠠᠴᠠ ᠪᠣᠯᠵᠣ ᠨᠠᠩ ᠳᠥᠭᠦᠮ | ᠳᠥᠲᠡ ᠪᠥᠭᠡᠳ ᠨᠠᠩ ᠰᠠᠶᠢᠨ ᠰᠠᠶᠢᠬᠠᠨ ᠪᠣᠯᠵᠠᠶ ᠭᠡᠵᠦ ᠮᠠᠭᠲᠠᠵᠠᠶ᠃ ᠲᠡᠭᠡᠪᠡᠯ ᠣᠳᠣᠬᠠᠨ ᠳᠤ ᠮᠠᠨ ᠤ ᠬᠤᠲᠠ ᠶᠢᠨ | ᠰᠢᠦᠳᠠᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠶᠠᠮᠠᠷ ᠪᠤᠢ︖ | ᠺᠠᠨ ᠸᠧᠶ ᠄ ᠪᠢ ᠳᠣᠤᠷᠠᠬᠢ ᠬᠡᠳᠦᠨ ᠲᠤᠭ᠎ᠠ ᠪᠠᠷᠢᠮᠲᠠ ᠪᠠᠷ ᠠᠵᠢᠯ ᠲᠥᠷᠥᠯ ᠤᠨ ᠬᠥᠭᠵᠢᠯᠲᠡ ᠶᠢᠨ | ᠪᠠᠶᠢᠳᠠᠯ ᠢ ᠬᠤᠷᠢᠶᠠᠩᠭᠤᠶᠢᠯᠠᠪᠠ᠄ ᠨᠢᠭᠡ ᠳᠤ᠂ ᠠᠵᠤ ᠠᠬᠤᠶᠢᠯᠠᠯ ᠵᠢᠴᠢ ᠦᠨᠳᠦᠰᠦᠨ ᠱᠠᠲᠤᠨ ᠤ ᠡᠵᠡᠩᠨᠡᠯᠲᠡ ᠶᠢᠨ | ᠲᠣᠤᠷ ᠴᠡᠭ ᠤᠨ ᠪᠠᠶᠢᠷᠢᠯᠠᠭᠤᠯᠤᠯᠲᠠ ᠶᠢᠨ ᠪᠠᠶᠢᠳᠠᠯ᠂ ᠣᠳᠣᠬᠠᠨ ᠳᠤ ᠪᠥᠬᠦ ᠬᠤᠲᠠ ᠳᠤ ᠨᠡᠶᠢᠲᠡ 43 ᠲᠦᠷᠭᠡᠨ | ᠬᠦᠷᠭᠡᠯᠲᠡ ᠶᠢᠨ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠪᠠᠶᠢᠵᠤ᠂ 370 ᠲᠦᠷᠭᠡᠨ ᠬᠦᠷᠭᠡᠯᠲᠡ ᠶᠢᠨ | ᠡᠴᠦᠰ ᠤᠨ ᠲᠣᠤᠷ ᠴᠡᠭ ᠢ ᠳᠠᠩᠰᠠᠯᠠᠭᠤᠯᠵᠠᠶ᠃ ᠪᠥᠬᠦ ᠬᠤᠲᠠ ᠳᠤ ᠨᠡᠶᠢᠲᠡ 140 ᠰᠢᠤᠳᠠᠨ ᠤ ᠲᠦᠭᠡᠮᠡᠯ | ᠦᠢᠯᠡᠴᠢᠯᠡᠭᠡᠨ ᠤ ᠡᠵᠡᠩᠨᠡᠯᠲᠡ ᠶᠢᠨ ᠲᠣᠤᠷ ᠴᠡᠭ ᠲᠠᠢ ᠪᠠᠶᠢᠵᠤ᠂ ᠪᠣᠶ ᠪᠥᠬᠦᠶ ᠰᠤᠮᠤ ᠰᠢᠶᠠᠩ ᠪᠠᠯᠭᠠᠰᠤ ᠶᠢ | ᠬᠠᠮᠤᠷᠴᠤ᠂ 1294 ᠪᠠᠶᠢᠭᠤᠯᠤᠮᠵᠢ ᠶᠢᠨ ᠳᠦᠷᠢᠮᠲᠦ ᠲᠣᠰᠬᠤᠨ ᠳᠤ ᠴᠥᠮ ᠰᠢᠭᠤᠳ ᠰᠢᠤᠳᠠᠨ ᠨᠡᠪᠲᠡᠷᠡᠪᠡ᠃ | ᠬᠤᠶᠠᠷ ᠲᠤ᠂ ᠠᠵᠢᠯ ᠲᠥᠷᠥᠯ ᠤᠨ ᠬᠥᠭᠵᠢᠯᠲᠡ ᠶᠢᠨ ᠲᠦᠢᠮᠣ ᠪᠠᠶᠢᠳᠠᠯ᠃ ᠠᠷᠪᠠ ᠶᠢᠰᠦᠳᠦᠭᠡᠷ ᠶᠡᠭᠡ ᠬᠤᠷᠠᠯ ᠠᠴᠠ | ᠨᠠᠰᠢ ︵2018 ᠣᠨ ᠠᠴᠠ 2021 ᠣᠨ ᠪᠣᠯᠲᠠᠯ᠎ᠠ︶ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠶᠡᠷᠦᠩᠬᠡᠶ | ᠬᠡᠮᠵᠢᠶ᠎ᠡ ᠵᠢᠯ ᠪᠦᠷᠢ ᠳᠤᠮᠳᠠᠴᠢ ᠪᠠᠷ 30.26% ᠨᠡᠮᠡᠭᠳᠡᠵᠡᠶ᠃ 2021 ᠣᠨ ᠳᠤ᠂ ᠪᠥᠬᠦ ᠬᠤᠲᠠ ᠶᠢᠨ | ᠰᠢᠤᠳᠠᠨ ᠤ ᠠᠵᠢᠯ ᠲᠥᠷᠥᠯ ᠤᠨ ᠲᠤᠬᠠᠶᠢᠯᠠᠭᠰᠠᠨ ᠠᠵᠢᠯ ᠤᠨ ᠶᠡᠷᠦᠩᠬᠡᠶ ᠬᠡᠮᠵᠢᠶ᠎ᠡ 35591.70 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.23% ᠪᠠᠷ ᠨᠡᠮᠡᠭᠳᠡᠪᠡ︔ ᠰᠢᠤᠳᠠᠨ ᠤ ᠠᠵᠢᠯ | ᠲᠥᠷᠥᠯ ᠤᠨ ᠲᠤᠬᠠᠶᠢᠯᠠᠭᠰᠠᠨ ᠠᠵᠢᠯ ᠤᠨ ᠣᠷᠣᠯᠭ᠎ᠠ ︵ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠰᠢᠭᠤᠳ | ᠡᠵᠡᠩᠨᠡᠯᠲᠡ ᠶᠢᠨ ᠣᠷᠣᠯᠭ᠎ᠠ ᠪᠠᠭᠲᠠᠬᠤ ᠥᠬᠡᠶ︶ 38912.48 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 17.15% ᠪᠠᠷ ᠨᠡᠮᠡᠭᠳᠡᠪᠡ᠃ ᠬᠢᠵᠢᠭ ᠤᠨ ᠪᠠᠶᠢᠳᠠᠯ ᠤᠨ ᠨᠥᠯᠥᠭᠡ ᠪᠠᠷ᠂ 2022 | ᠣᠨ ᠤ 1 — 8 ᠰᠠᠷ᠎ᠠ ᠳᠤ᠂ ᠪᠥᠬᠦ ᠬᠤᠲᠠ ᠶᠢᠨ ᠰᠢᠤᠳᠠᠨ ᠤ ᠠᠵᠢᠯ ᠲᠥᠷᠥᠯ ᠤᠨ ᠲᠤᠬᠠᠶᠢᠯᠠᠭᠰᠠᠨ ᠠᠵᠢᠯ ᠤᠨ | ᠣᠷᠣᠯᠭ᠎ᠠ ︵ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠰᠢᠭᠤᠳ ᠡᠵᠡᠩᠨᠡᠯᠲᠡ ᠶᠢᠨ ᠣᠷᠣᠯᠭ᠎ᠠ ᠪᠠᠭᠲᠠᠬᠤ ᠥᠬᠡᠶ︶ | ᠨᠡᠶᠢᠲᠡ 26948.99 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5. | 34% ᠪᠠᠷ ᠨᠡᠮᠡᠭᠳᠡᠪᠡ︔ ᠲᠤᠬᠠᠶᠢᠯᠠᠭᠰᠠᠨ ᠠᠵᠢᠯ ᠤᠨ ᠶᠡᠷᠦᠩᠬᠡᠶ ᠬᠡᠮᠵᠢᠶ᠎ᠡ ᠨᠡᠶᠢᠲᠡ 23810.55 ᠲᠦᠮᠡᠨ | ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.05% ᠪᠠᠷ ᠨᠡᠮᠡᠭᠳᠡᠪᠡ᠂ ᠡᠭᠦᠨ ᠳᠤ ᠪᠥᠬᠦ | ᠬᠤᠲᠠ ᠶᠢᠨ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ | ᠬᠡᠮᠵᠢᠶ᠎ᠡ ᠨᠡᠶᠢᠲᠡ 872.07 ᠲᠦᠮᠡᠨ ᠬᠤᠪᠢ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 27. | 06% ᠪᠠᠷ ᠨᠡᠮᠡᠭᠳᠡᠪᠡ︔ ᠲᠤᠬᠠᠶᠢᠯᠠᠭᠰᠠᠨ ᠠᠵᠢᠯ ᠤᠨ ᠣᠷᠣᠯᠭ᠎ᠠ ᠨᠡᠶᠢᠲᠡ 15234.36 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.06% ᠨᠡᠮᠡᠭᠳᠡᠵᠡᠶ᠃ | ᠰᠤᠷᠪᠤᠯᠵᠢᠯᠠᠭᠴᠢ ᠄ ᠰᠠᠶ᠋ᠢᠬᠠᠨ ᠲᠠᠨ ᠤ ᠲᠠᠨᠢᠯᠴᠠᠭᠤᠯᠤᠭᠰᠠᠨ ᠪᠥᠬᠦ ᠬᠤᠲᠠ ᠶᠢᠨ 1294 | ᠪᠠᠶᠢᠭᠤᠯᠤᠮᠵᠢ ᠶᠢᠨ ᠳᠦᠷᠢᠮᠲᠦ ᠲᠣᠰᠬᠤᠨ ᠳᠤ ᠨᠢᠭᠡᠨᠲᠡ ᠴᠥᠮ ᠰᠢᠭᠤᠳ ᠰᠢᠤᠳᠠᠨ ᠨᠡᠪᠲᠡᠷᠡᠬᠦ ᠶᠢ ᠪᠡᠶᠡᠯᠡᠭᠦᠯᠵᠡᠶ᠂ | ᠡᠨᠡ ᠨᠢ ᠬᠥᠳᠡᠭᠡ ᠲᠣᠰᠬᠤᠨ ᠤ ᠲᠦᠷᠭᠡᠨ ᠬᠦᠷᠭᠡᠯᠲᠡ ᠨᠢ ᠴᠦ ᠪᠠᠶᠢᠭᠤᠯᠤᠮᠵᠢ ᠶᠢᠨ ᠳᠦᠷᠢᠮᠲᠦ ᠲᠣᠰᠬᠤᠨ ᠳᠤ | ᠰᠢᠭᠤᠳ ᠬᠦᠷᠴᠦ ᠲᠠᠶᠢᠯᠤᠨ᠎ᠠ ᠭᠡᠰᠡᠨ ᠦᠭᠡ ᠤᠤ︖ | ᠺᠠᠨ ᠸᠧᠶ ᠄ 2018 ᠣᠨ ᠳᠤ ᠮᠠᠨ ᠤ ᠬᠤᠲᠠ ᠨᠢᠭᠡᠨᠲᠡ ᠪᠠᠶᠢᠭᠤᠯᠤᠮᠵᠢ ᠶᠢᠨ ᠳᠦᠷᠢᠮᠲᠦ ᠲᠣᠰᠬᠤᠨ ᠳᠤ | ᠪᠦᠬᠦᠨ ᠢᠶᠠᠷ ᠢᠶᠠᠨ ᠰᠢᠭᠤᠳ ᠰᠢᠤᠳᠠᠨ ᠨᠡᠪᠲᠡᠷᠡᠬᠦ ᠶᠢ ᠪᠡᠶᠡᠯᠡᠭᠦᠯᠵᠡᠶ᠂ ᠡᠨᠡ ᠨᠢ ᠭᠤᠤᠯᠳᠠᠭᠤ ᠰᠢᠤᠳᠠᠨ ᠤ ᠠᠷᠭ᠎ᠠ | ᠵᠠᠮ ᠢᠶᠠᠷ ᠬᠥᠳᠡᠭᠡ ᠲᠣᠰᠬᠤᠨ ᠳᠤ ᠬᠦᠷᠭᠡᠬᠦ ᠲᠦᠷᠭᠡᠨ ᠬᠦᠷᠭᠡᠯᠲᠡ ᠶᠢ ᠵᠢᠭᠠᠵᠤ ᠪᠣᠶ᠃ ︽ᠲᠤᠭ᠎ᠠ ᠪᠠᠷᠢᠮᠲᠠ ᠪᠠᠷ | ᠰᠢᠤᠳᠠᠨ ᠨᠡᠪᠲᠡᠷᠡᠭᠦᠯᠬᠦ︾ ᠠᠴᠠ ᠵᠠᠶᠢᠯᠠᠰᠬᠢᠬᠦ ᠶᠢᠨ ᠲᠥᠯᠥᠭᠡ᠂ ᠤᠯᠤᠰ ᠤᠨ ᠰᠢᠤᠳᠠᠨ ᠤ ᠲᠣᠪᠴᠢᠶ᠎ᠠ ᠪᠠᠰᠠ ᠺᠠᠷᠲ | ᠪᠦᠷᠢᠳᠬᠡᠭᠦᠯᠬᠦ ᠵᠥᠭᠡᠯᠡᠨ ᠲᠣᠨᠤᠭ ᠰᠤᠳᠤᠯᠤᠨ ᠦᠢᠯᠡᠳᠴᠦ᠂ ᠬᠦᠷᠭᠡᠭᠴᠢ ᠶᠢ ᠲᠦᠷᠭᠡᠨ ᠬᠦᠷᠭᠡᠬᠦ ᠵᠦᠢᠯ ᠢ | ᠲᠣᠰᠬᠤᠨ ᠳᠤ ᠬᠦᠷᠭᠡᠭᠰᠡᠨ ᠤ ᠳᠠᠷᠠᠭ᠎ᠠ ᠭᠠᠷ ᠤᠲᠠᠰᠤᠨ ᠤ ᠣᠷᠣᠨ ᠪᠠᠶᠢᠷᠢ ᠪᠠᠨ ᠲᠣᠭᠲᠠᠭᠠᠵᠤ ᠺᠠᠷᠲ | ᠪᠦᠷᠢᠳᠬᠡᠭᠦᠯᠬᠦ ᠬᠡᠷᠡᠭᠲᠡᠶ ᠭᠡᠵᠦ ᠱᠠᠭᠠᠷᠳᠠᠪᠠ᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠰᠠᠷ᠎ᠠ | ᠪᠦᠷᠢ ᠶᠢᠨ ᠪᠦᠷᠢᠳᠬᠡᠯ ᠤᠨ ᠺᠠᠷᠲ ᠪᠦᠷᠢᠳᠬᠡᠭᠦᠯᠦᠭᠰᠡᠨ ᠨᠣᠷᠮ᠎ᠠ ᠶᠢ ᠣᠳᠣᠬᠠᠨ ᠤ ᠬᠦᠷᠭᠡᠭᠴᠢ ᠶᠢᠨ ᠺᠠᠷᠲ | ᠪᠦᠷᠢᠳᠬᠡᠭᠦᠯᠦᠭᠰᠡᠨ ᠪᠠᠶᠢᠳᠠᠯ ᠠᠴᠠ ᠦᠵᠡᠪᠡᠯ᠂ ᠪᠥᠬᠦ ᠬᠤᠲᠠ ᠶᠢᠨ ᠪᠠᠶᠢᠭᠤᠯᠤᠯᠳᠤ ᠲᠣᠰᠬᠤᠨ ᠤ ᠺᠠᠷᠲ | ᠪᠦᠷᠢᠳᠬᠡᠭᠦᠯᠦᠭᠰᠡᠨ ᠨᠣᠷᠮ᠎ᠠ ᠦᠨᠳᠦᠰᠦᠨ ᠳᠡᠭᠡᠨ 99% ᠠᠴᠠ ᠳᠡᠭᠡᠭᠰᠢ ᠬᠦᠷᠴᠦ᠂ ᠰᠢᠤᠳᠠᠨ ᠨᠡᠪᠲᠡᠷᠡᠬᠦ ᠠᠵᠢᠯ ᠢ | ᠦᠷᠭᠦᠯᠵᠢᠯᠡᠨ ᠨᠠᠶᠢᠳᠠᠪᠤᠷᠢᠵᠢᠭᠤᠯᠵᠤ ᠪᠠᠶᠢᠨ᠎ᠠ᠃ | ᠰᠤᠷᠪᠤᠯᠵᠢᠯᠠᠭᠴᠢ ᠄ ᠲᠦᠷᠭᠡᠨ ᠬᠦᠷᠭᠡᠯᠲᠡ ᠶᠢ ᠲᠣᠰᠬᠤᠨ ᠳᠤ ᠬᠦᠷᠭᠡᠬᠦ ᠬᠠᠷᠠᠯᠲᠠ ᠶᠢ ᠪᠡᠶᠡᠯᠡᠭᠦᠯᠬᠦ ᠳᠤ | ᠪᠠᠰᠠ ᠮᠠᠰᠢ ᠬᠤᠯᠠ ᠵᠠᠮ ᠪᠠᠶᠢᠨ᠎ᠠ ᠤᠤ ᠥᠬᠡᠶ ᠤᠤ︖ | ᠺᠠᠨ ᠸᠧᠶ ᠄ ᠮᠠᠨ ᠤ ᠬᠤᠲᠠ ᠶᠢᠨ ᠨᠤᠲᠤᠭ ᠳᠡᠪᠢᠰᠬᠡᠷ ᠥᠷᠭᠡᠨ ᠠᠭᠤᠳᠠᠮ᠂ ᠬᠥᠳᠡᠭᠡ ᠲᠣᠰᠬᠤᠨ ᠤ | ᠭᠠᠵᠠᠷ ᠨᠤᠲᠤᠭ ᠠᠭᠤᠳᠠᠮ ᠬᠥᠮᠦᠨ ᠠᠮᠠ ᠴᠥᠭᠡᠨ᠂ ᠲᠦᠷᠭᠡᠨ ᠬᠦᠷᠭᠡᠯᠲᠡ ᠶᠢᠨ ᠵᠠᠬ᠎ᠠ ᠳᠡᠯᠭᠡᠭᠦᠷ ᠤᠨ ᠪᠠᠭᠲᠠᠭᠠᠮᠵᠢ | ᠪᠠᠰᠠ ᠨᠡᠯᠢᠶᠡᠳ ᠪᠠᠭ᠎ᠠ᠂ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠠᠵᠢᠯ ᠦᠷᠭᠦᠯᠵᠢᠯᠡᠨ | ᠠᠭᠢᠵᠤ ᠪᠠᠶᠢᠨ᠎ᠠ᠃ 2021 ᠣᠨ ᠤ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠵᠠᠭᠤᠨ | ᠡᠳᠦᠷ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠠᠷᠠᠭ᠎ᠠ᠂ ᠮᠠᠨ ᠤ ᠬᠤᠲᠠ ᠰᠢᠦᠳᠠᠨ᠂ ᠱᠦᠨ ᠹᠧᠩ᠂ ᠵᠢᠩ | ᠳ᠋ᠦᠩ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠶᠢ ᠦᠨᠳᠦᠰᠦᠨ ᠳᠡᠭᠡᠨ ᠪᠦᠷᠬᠦᠬᠦᠯᠬᠦ ᠶᠢ ᠪᠡᠶᠡᠯᠡᠭᠦᠯᠪᠡ | ᠂ 2022 ᠣᠨ ᠳᠤ᠂ ᠮᠠᠨ ᠤ ᠭᠤᠣᠯ ᠬᠠᠷᠠᠯᠲᠠ ᠪᠣᠯ ᠲᠦᠷᠭᠡᠨ ᠬᠦᠷᠭᠡᠯᠲᠡ ᠶᠢᠨ ᠬᠠᠮᠲᠤᠷᠠᠯᠴᠠᠭᠠᠨ ᠤ ᠲᠦᠷᠦᠯ | ᠲᠡᠮᠳᠡᠭ ᠤᠨ ᠬᠡᠪᠴᠢᠶ᠎ᠡ ᠪᠠ ᠭᠦᠨᠴᠡ ᠶᠢ ᠥᠷᠭᠡᠳᠬᠡᠵᠦ᠂ ᠨᠡᠩ ᠤᠯᠠᠨ ᠲᠦᠷᠭᠡᠨ ᠬᠦᠷᠭᠡᠯᠲᠡ ᠶᠢᠨ ᠠᠵᠤ | ᠠᠬᠤᠶᠢᠯᠠᠯ ᠤᠨ ᠵᠠᠬ᠎ᠠ ᠳᠡᠯᠭᠡᠭᠦᠷ ᠤᠨ ᠬᠦᠴᠦᠨ ᠳᠤ ᠲᠦᠰᠢᠭᠯᠡᠨ᠂ ᠤᠯᠠᠨ ᠠᠷᠭ᠎ᠠ ᠵᠠᠮ ᠢᠶᠠᠷ ᠲᠦᠷᠭᠡᠨ | ᠬᠦᠷᠭᠡᠯᠲᠡ ᠶᠢ ᠲᠣᠰᠬᠤᠨ ᠳᠤ ᠣᠷᠣᠭᠤᠯᠬᠤ ᠶᠢ ᠵᠣᠷᠢᠭᠵᠢᠭᠤᠯᠬᠤ ᠶᠠᠪᠤᠳᠠᠯ ᠪᠣᠯᠤᠨ᠎ᠠ᠃ | ᠡᠨᠡᠬᠦ ᠠᠵᠢᠯ ᠨᠢ ᠬᠤᠲᠠ ᠶᠢᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠶᠢ ᠣᠯᠵᠤ᠂ ᠣᠶᠢᠷ᠎ᠠ ᠳᠤ᠂ | ᠤᠯᠠᠭᠠᠨᠴᠠᠪ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︽ᠤᠯᠠᠭᠠᠨᠴᠠᠪ ᠬᠤᠲᠠ ᠶᠢᠨ ᠮᠠᠯᠵᠢᠬᠤ | ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠬᠦ ᠠᠵᠢᠯ ᠤᠨ | ᠲᠥᠰᠦᠯ︾ ᠢ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ᠂ ︽ᠲᠥᠰᠦᠯ︾ ᠳᠤ ᠪᠥᠬᠦ ᠬᠤᠲᠠ ᠶᠢᠨ ᠬᠤᠰᠢᠭᠤ ᠰᠢᠶᠠᠨ | ᠬᠤᠲᠠ ᠲᠣᠭᠤᠷᠢᠭ ᠤᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠢᠶᠠᠷ ᠰᠠᠭᠤᠷᠢ ᠪᠣᠯᠭᠠᠭᠰᠠᠨ | ᠭᠤᠷᠪᠠᠨ ᠳᠡᠰ ᠤᠨ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠰᠢᠰᠲ᠋ᠧᠮᠵᠢ ᠶᠢ | ᠪᠠᠶᠢᠭᠤᠯᠤᠨ᠎ᠠ᠂ ᠡᠭᠦᠨ ᠳᠤ ︽ᠵᠠᠮ ᠬᠠᠷᠢᠯᠴᠠᠭ᠎ᠠ ᠰᠢᠤᠳᠠᠨ ᠤ ᠬᠠᠮᠲᠤᠷᠠᠯᠴᠠᠭ᠎ᠠ︾ ᠶᠢ ᠳᠥᠯᠭᠢᠨ ᠠᠬᠢᠭᠤᠯᠬᠤ᠂ | ᠰᠢᠶᠠᠨ ᠤ ᠬᠡᠪᠴᠢᠶᠡᠨ ᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ | ᠲᠡᠭᠦᠯᠳᠡᠷᠵᠢᠭᠦᠯᠬᠦ ᠶᠢ ᠪᠠᠭᠲᠠᠭᠠᠨ᠎ᠠ︔ ︽ᠰᠢᠤᠳᠠᠨ ᠢ ᠰᠢᠶᠠᠩ ᠳᠤ ᠪᠠᠶᠢᠯᠭᠠᠬᠤ︾ ᠶᠢᠨ ᠳᠠᠪᠠᠭᠤᠯᠢᠭ ᠢ ᠪᠠᠳᠠᠷᠠᠭᠤᠯᠤᠨ | ᠂ ᠮᠠᠯᠵᠢᠬᠤ ᠲᠠᠷᠢᠶᠠᠯᠠᠬᠤ ᠣᠷᠣᠨ ᠤ ᠰᠢᠤᠳᠠᠨ ᠤ ᠰᠠᠭᠤᠷᠢ ᠪᠡᠯᠡᠳᠬᠡᠮᠵᠢ ᠪᠠ ᠦᠢᠯᠡᠴᠢᠯᠡᠭᠡᠨ ᠤ ᠲᠣᠤᠷ | ᠰᠦᠯᠵᠢᠶ᠎ᠡ ᠶᠢ ᠬᠠᠮᠲᠤᠪᠠᠷ ᠭᠥᠷᠳᠡᠬᠦ ᠶᠢ ᠴᠢᠩᠭᠠᠳᠬᠠᠵᠤ᠂ ᠰᠢᠤᠳᠠᠨ ᠤ ᠠᠵᠤ ᠠᠬᠤᠶᠢᠯᠠᠯ ᠬᠢᠭᠡᠳ ᠲᠦᠷᠭᠡᠨ ᠬᠦᠷᠭᠡᠬᠦ | ᠠᠵᠤ ᠠᠬᠤᠶᠢᠯᠠᠯ ᠤᠨ ᠦᠵᠦᠭᠦᠷ ᠤᠨ ᠬᠦᠷᠭᠡᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠵᠣᠷᠢᠭᠵᠢᠭᠤᠯᠵᠤ᠂ | ᠰᠤᠮᠤ ᠰᠢᠶᠠᠩ ᠪᠠᠯᠭᠠᠰᠤ ᠶᠢᠨ ᠬᠦᠷᠭᠡᠬᠦ ᠪᠠᠷᠠᠭᠠᠨ ᠤ ᠭᠦᠢᠯᠭᠡᠭᠡᠨ ᠤ ᠳᠠᠮᠵᠢᠭᠤᠯᠬᠤ ᠵᠠᠩᠭᠢᠯᠠᠭ᠎ᠠ ᠶᠢᠨ ᠴᠡᠭ ᠢ ᠪᠣᠶ | ᠪᠣᠯᠭᠠᠨ᠎ᠠ︔ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠨᠠᠷᠠᠲᠤ ᠲᠥᠷᠥᠯ | ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ | ᠭᠦᠢᠯᠭᠡᠭᠡᠨ ᠤ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ | ᠳ᠋ᠤᠨᠢᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠪᠠᠰᠠ ᠡᠯ᠎ᠡ ᠭᠠᠵᠠᠷ ᠣᠷᠣᠨ ᠢ ᠢᠳᠡᠪᠬᠢᠲᠡᠶ ᠪᠠᠷ | ᠬᠥᠲᠥᠯᠦᠨ ᠵᠢᠯᠣᠭᠤᠳᠴᠤ ᠪᠠᠶᠢᠭᠠᠳ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠭᠤᠤᠯᠯᠠᠭᠤᠯᠬᠤ ᠶᠢ ᠪᠠᠷᠢᠮᠲᠠᠯᠠᠵᠤ᠂ | ︽ᠰᠢᠤᠳᠠᠨ ᠲᠦᠷᠭᠡᠨ ᠬᠤᠷᠰᠢᠯᠴᠠᠬᠤ︾ ︽ᠲᠦᠷᠭᠡᠨ ᠬᠤᠷᠰᠢᠯᠴᠠᠬᠤ︾ ︽ᠲᠦᠷᠭᠡᠨ ᠬᠤᠳᠠᠯᠳᠤᠭᠠᠴᠢᠨ ᠤ | ᠬᠤᠷᠰᠢᠯᠴᠠᠬᠤ︾ ︽ᠵᠠᠮ ᠬᠠᠷᠢᠯᠴᠠᠭ᠎ᠠ ᠰᠢᠤᠳᠠᠨ ᠬᠤᠷᠰᠢᠯᠴᠠᠬᠤ︾ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ | ᠳᠠᠮᠵᠢᠭᠤᠯᠤᠨ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠶᠢ ᠠᠬᠢᠭᠤᠯᠵᠤ᠂ ᠭᠤᠷᠪᠠᠨ ᠱᠠᠲᠤᠨ ᠤ | ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠪᠡ᠃ | ᠰᠤᠷᠪᠤᠯᠵᠢᠯᠠᠭᠴᠢ ᠄ ᠵᠠᠰᠠᠭ ᠤᠨ ᠣᠷᠳᠣᠨ ᠤ ᠢᠯᠡ ᠭᠠᠷ ᠪᠣᠯᠤᠨ ᠵᠠᠬ᠎ᠠ ᠳᠡᠯᠭᠡᠭᠦᠷ ᠤᠨ ᠢᠯᠡ ᠪᠤᠰᠤ ᠭᠠᠷ | ᠬᠠᠮᠲᠤᠪᠠᠷ ᠬᠦᠴᠦᠯᠡᠬᠦ ᠪᠠᠷ ᠳᠠᠮᠵᠢᠵᠤ᠂ ᠤᠳᠠᠯ ᠦᠭᠡᠢ ᠮᠠᠨ ᠤ ︽ᠲᠦᠷᠭᠡᠨ ᠬᠦᠷᠭᠡᠯᠲᠡ ᠶᠢ ᠲᠣᠰᠬᠤᠨ ᠳᠤ ᠬᠦᠷᠭᠡᠬᠦ | ︾ ᠠᠵᠢᠯ ᠴᠤ ᠨᠡᠩ ᠶᠡᠭᠡ ᠰᠢᠪᠲᠤᠯᠤᠯᠲᠠ ᠲᠠᠢ ᠪᠣᠯᠬᠤ ᠶᠢ ᠢᠲᠡᠭᠡᠵᠦ ᠪᠠᠶᠢᠨ᠎ᠠ᠃ ᠺᠠᠨ ᠲᠣᠪᠴᠢᠶᠠᠨ ᠳᠠᠷᠤᠭ᠎ᠠ ᠶᠢᠨ | ᠲᠠᠨᠢᠯᠴᠠᠭᠤᠯᠭ᠎ᠠ ᠪᠠᠷ ᠳᠠᠮᠵᠢᠭᠤᠯᠤᠨ᠂ ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠠᠵᠢᠯ | ᠲᠥᠷᠥᠯ ᠤᠨ ᠬᠠᠮᠢᠶᠠᠷᠤᠯᠲᠠ ᠪᠠ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠲᠠᠯ᠎ᠠ ᠪᠠᠷ ᠶᠡᠭᠡ ᠬᠡᠮᠵᠢᠶᠡᠨ ᠤ ᠠᠵᠢᠯ | ᠬᠢᠭᠰᠡᠨ ᠢ ᠣᠯᠠᠨ ᠢᠶᠠᠷ ᠢᠶᠠᠨ ᠭᠦᠢᠴᠡᠳ ᠣᠶᠢᠯᠠᠭᠠᠵᠤ ᠮᠡᠳᠡᠬᠦ ᠶᠢ ᠢᠲᠡᠭᠡᠵᠦ ᠪᠠᠶᠢᠨ᠎ᠠ᠃ | ᠺᠠᠨ ᠸᠧᠶ ᠄ ᠮᠠᠨ ᠤ ᠠᠵᠢᠯ ᠢ ᠨᠤᠲᠠᠯᠠᠭᠰᠠᠨ ᠳᠤ ᠲᠠᠯᠠᠷᠬᠠᠵᠤ ᠪᠠᠶᠢᠨ᠎ᠠ᠃ ᠠᠮᠵᠢᠯᠲᠠ ᠪᠠᠨ ᠣᠯᠵᠤ | ᠬᠠᠷᠠᠬᠤ ᠶᠢᠨ ᠬᠠᠮᠲᠤ᠂ ᠡᠭᠦᠨ ᠢ ᠪᠢᠳᠡ ᠪᠠᠰᠠ ᠰᠡᠷᠭᠡᠭ ᠢᠶᠠᠷ ᠲᠠᠨᠢᠵᠤ ᠣᠯᠤᠯ᠎ᠠ᠃ ᠣᠳᠣᠬᠠᠨ ᠤ ᠳᠡᠯᠡᠬᠡᠶ ᠶᠢᠷᠲᠢᠨᠴᠦ | ᠶᠠᠭ ᠵᠠᠭᠤᠨ ᠵᠢᠯ ᠳᠤ ᠭᠠᠷᠤᠭ᠎ᠠ ᠦᠭᠡᠶ ᠶᠡᠭᠡ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠳᠡᠯᠡᠬᠡᠢ ᠶᠢᠨ ᠣᠷᠴᠢᠨ | ᠲᠣᠭᠤᠷᠢᠨ ᠡᠳᠦᠷ ᠢᠷᠡᠬᠦᠶ᠎ᠡ ᠪᠤᠳᠤᠯᠢᠶᠠᠨᠲᠠᠢ ᠪᠤᠯᠵᠤ᠂ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠨᠥᠯᠥᠭᠡ ᠥᠷᠭᠡᠨ ᠳᠡᠯᠭᠡᠷ ᠠᠯᠤᠰ ᠬᠡᠳᠤ ᠶᠢᠨ ᠪᠠᠶᠢᠵᠤ᠂ ᠲᠣᠭᠲᠠᠭᠤᠨ ᠪᠤᠰᠤ ᠴᠢᠨᠠᠷᠲᠠᠢ | ᠲᠣᠭᠲᠠᠭᠠᠯᠲᠤ ᠪᠤᠰᠤ ᠴᠢᠨᠠᠷᠲᠠᠢ ᠬᠦᠴᠦᠨ ᠵᠦᠢᠯ ᠭᠡᠨᠡᠳᠲᠡ ᠨᠡᠮᠡᠭᠳᠡᠵᠦ᠂ ᠰᠢᠦᠳᠠᠨ ᠤ ᠦᠢᠯᠡᠰ ᠤᠨ ᠠᠵᠤ | ᠠᠬᠤᠢ ᠶᠢᠨ ᠣᠷᠴᠢᠯ ᠢ ᠰᠢᠯᠤᠭᠤᠳᠬᠠᠬᠤ᠂ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ᠂ ᠪᠣᠯᠪᠠᠰᠤᠨ ᠤ | ᠠᠭᠤᠰᠤᠯᠴᠠᠯ ᠢ ᠪᠡᠶᠡᠯᠡᠭᠦᠯᠬᠦ᠂ ᠴᠢᠮᠡᠭᠡ ᠬᠤᠯᠪᠣᠭᠠᠨ ᠤ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠬᠢ | ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠲᠠᠯ᠎ᠠ ᠪᠠᠷ ᠯᠤᠲᠤ ᠶᠡᠭᠡ ᠥᠷᠢᠰᠥᠯᠳᠦᠭᠡᠨ ᠳᠤ ᠲᠤᠯᠭᠠᠷᠠᠵᠤ᠂ ᠨᠠᠮ ᠤᠨ | ᠰᠢᠦᠳᠠᠨ ᠤ ᠦᠢᠯᠡᠰ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠬᠤ ᠴᠢᠬᠤᠯᠠᠲᠠᠢ ᠪᠠᠶᠢᠨ᠎ᠠ᠃ | ᠬᠤᠶᠢᠰᠢᠳᠠ ᠶᠢᠨ ᠠᠵᠢᠯ ᠤᠨ ᠳᠤᠮᠳᠠ᠂ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ | ᠵᠢᠯᠣᠭᠤᠳᠤᠮᠵᠢ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠠᠭᠤᠰᠤᠯᠴᠠᠬᠤ ᠪᠠᠷ ᠲᠤᠯᠬᠤ ᠴᠡᠭ ᠪᠣᠯᠭᠠᠵᠤ᠂ ᠠᠷᠠᠳ ᠲᠦᠮᠡᠨ ᠤ ᠰᠢᠦᠳᠠᠨ ᠬᠡᠷᠡᠭᠯᠡᠬᠦ ᠬᠡᠷᠡᠭᠴᠡᠭᠡ ᠶᠢ | ᠬᠠᠩᠭᠠᠬᠤ ᠪᠠᠷ ᠦᠨᠳᠦᠰᠦ ᠪᠣᠯᠭᠠᠵᠤ᠂ ᠵᠠᠰᠠᠯᠲᠠ ᠶᠢᠨ ᠰᠢᠰᠲ᠋ᠧᠮ ᠤᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠰᠠᠭᠤᠷᠢ | ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ︽ᠨᠢᠭᠡ ᠵᠠᠬᠢᠳᠠᠯ ᠨᠢᠭᠡ ᠰᠡᠳᠬᠢᠯ︾᠂ ︽ᠲᠦᠮᠡᠨ ᠡᠷᠦᠬᠡ ᠲᠠᠢ ᠰᠡᠳᠬᠢᠯ ᠵᠢᠷᠦᠬᠡ ᠪᠠᠨ | ᠬᠤᠯᠪᠣᠵᠤ᠂ ᠳᠡᠯᠡᠬᠡᠢ ᠳ᠋ᠠᠬᠢᠨ ᠳᠤ ᠢᠲᠡᠭᠡᠯ ᠲᠠᠢ ᠪᠠᠶᠢᠬᠤ︾ ᠰᠢᠯᠢᠳᠡᠭ ᠤᠯᠠᠮᠵᠢᠯᠠᠯ ᠢ ᠰᠠᠶᠢᠲᠤᠷ ᠤᠯᠠᠮᠵᠢᠯᠠᠵᠤ᠂ | ᠣᠨ ᠤ ᠰᠢᠦᠳᠠᠨ ᠤ ᠦᠢᠯᠡᠰ ᠢ ᠰᠠᠶᠢᠲᠤᠷ ᠡᠷᠬᠢᠯᠡᠬᠦ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠲᠠᠢ ᠨᠡᠩ | ᠣᠶᠢᠷᠠᠲᠤᠭᠤᠯᠬᠤ ᠶᠢ ᠪᠠᠷᠢᠮᠲᠠᠯᠠᠵᠤ᠂ ᠠᠷᠠᠳ ᠤᠯᠠᠨ ᠤ ᠰᠠᠶᠢᠨ ᠰᠠᠶᠢᠬᠠᠨ ᠰᠢᠦᠳᠠᠨ ᠲᠡᠮᠳᠡᠭ ᠬᠡᠷᠡᠭᠯᠡᠬᠦ | ᠬᠡᠷᠡᠭᠴᠡᠭᠡ ᠳᠠᠬᠢ ︽ᠪᠠᠴᠢᠮ ᠪᠡᠷᠬᠡ ᠵᠣᠪᠠᠨᠢᠯ︾ ᠤᠨ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠵᠦ᠂ ᠠᠷᠠᠳ | ᠤᠯᠠᠨ ᠤ ᠰᠢᠦᠳᠠᠨ ᠲᠡᠮᠳᠡᠭ ᠬᠡᠷᠡᠭᠯᠡᠬᠦ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ | ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠬᠠᠮᠲᠤ ᠶᠢᠨ ᠬᠥᠭᠵᠢᠯᠲᠡ ᠶᠢ | ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠪᠡ᠃ | ᠨᠠᠮ ᠤᠨ ᠬᠤᠷᠢᠳᠤᠭᠠᠷ ᠶᠡᠭᠡ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ᠂ ᠬᠤᠳᠠ ᠶᠢᠨ | ᠰᠢᠦᠳᠠᠨ ᠤ ᠶᠠᠪᠤᠳᠠᠯ ᠤᠨ ᠬᠠᠮᠢᠶᠠᠷᠤᠯᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠰᠢᠦᠳᠠᠨ ᠤ | ᠶᠠᠪᠤᠳᠠᠯ ᠤᠨ ᠬᠠᠮᠢᠶᠠᠷᠤᠯᠲᠠ ᠶᠢᠨ ᠲᠤᠪᠴᠢᠶ᠎ᠡ᠂ ᠬᠤᠳᠠ ᠶᠢᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ | ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠯᠬᠡᠭᠯᠡᠨ | ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠣᠯᠤᠨ᠎ᠠ︕ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |