ᠭᠤᠣᠯ ᠰᠡᠳᠦᠪ ᠄ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠰᠢᠦᠳᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠᠷ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2022/11/8
     ᠴᠠᠭ 2022 ᠣᠨ ᠤ 10 ᠰᠠᠷ᠎ᠠ ᠶᠢᠨ 9 ᠤ ᠡᠳᠦᠷ      ᠵᠣᠴᠢᠨ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠺᠠᠨ ᠸᠧᠶ      10 ᠰᠠᠷ᠎ᠠ ᠶᠢᠨ 9 ᠤ ᠡᠳᠦᠷ ᠪᠣᠯ ᠳᠡᠯᠡᠬᠡᠶ ᠶᠢᠨ ᠰᠢᠤᠳᠠᠨ ᠤ ᠡᠳᠦᠷ ᠪᠣᠯᠤᠨ᠎ᠠ᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠲᠣᠰ ᠤᠳᠠᠭᠠᠨ ᠤ ᠰᠤᠷᠪᠤᠯᠵᠢᠯᠠᠭ᠎ᠠ ᠶᠢ ᠬᠦᠯᠢᠶᠡᠵᠦ᠂ ᠳᠡᠯᠡᠬᠡᠶ ᠶᠢᠨ ᠰᠢᠤᠳᠠᠨ ᠤ ᠡᠳᠦᠷ ᠤᠨ ᠭᠤᠤᠯ ᠰᠡᠳᠦᠪ ᠤᠨ ᠲᠣᠭᠤᠷᠢᠨ ᠳᠤ ᠰᠢᠤᠳᠠᠨ ᠤ ᠦᠢᠯᠡᠰ ᠤᠨ ᠣᠯᠠᠨ ᠲᠦᠮᠡᠨ ᠤ ᠠᠮᠤᠷ ᠲᠦᠪᠰᠢᠨ ᠢ ᠰᠠᠬᠢᠨ ᠬᠠᠮᠠᠭᠠᠯᠠᠬᠤ᠂ ᠣᠯᠠᠨ ᠲᠦᠮᠡᠨ ᠤ ᠲᠥᠬᠦᠮ ᠨᠥᠬᠦᠴᠡᠯ ᠢ ᠰᠠᠬᠢᠨ ᠬᠠᠮᠠᠭᠠᠯᠠᠬᠤ᠂ ᠪᠣᠬᠢᠷᠲᠤᠯ ᠥᠬᠡᠶ ᠠᠮᠢ ᠠᠬᠤᠶ ᠶᠢ ᠰᠠᠬᠢᠨ ᠬᠠᠮᠠᠭᠠᠯᠠᠬᠤ ᠭᠤᠤᠯ ᠰᠡᠳᠦᠪ ᠵᠢᠴᠢ ᠣᠳᠣᠬᠠᠨ ᠤ ᠠᠵᠢᠯ ᠲᠥᠷᠥᠯ ᠤᠨ ᠬᠥᠭᠵᠢᠯᠲᠡ ᠶᠢᠨ ᠣᠳᠣᠬᠢ ᠪᠠᠶᠢᠳᠠᠯ ᠪᠠ ᠪᠣᠳᠣᠯᠬᠢᠯᠠᠯ ᠢ ᠪᠢᠳᠡᠨ ᠳᠤ ᠪᠥᠬᠦ ᠲᠠᠯ᠎ᠠ ᠪᠠᠷ ᠲᠠᠨᠢᠯᠴᠠᠭᠤᠯᠪᠠ᠃       ᠰᠤᠷᠪᠤᠯᠵᠢᠯᠠᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠪᠦᠬᠦ ᠤᠯᠤᠰ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠵᠤ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 73 ᠵᠢᠯ ᠤᠨ ᠤᠢ ᠶᠢ ᠪᠠᠶᠠᠷᠯᠠᠨ ᠪᠡᠯᠭᠡᠯᠡᠵᠦ ᠪᠠᠶᠢᠭ᠎ᠠ ᠡᠳᠦᠷ ᠤᠳ ᠲᠤ᠂ ᠪᠢᠳᠡ 53 ᠳ᠋ᠤᠭᠠᠷ ᠬᠤᠭᠤᠴᠠᠭᠠᠨ ᠤ ᠳᠡᠯᠡᠬᠡᠢ ᠶᠢᠨ ᠰᠢᠦᠳᠠᠨ ᠤ ᠶᠠᠪᠤᠳᠠᠯ ᠤᠨ ᠡᠳᠦᠷ ᠢ ᠤᠭᠲᠤᠨ ᠠᠪᠤᠯ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠳᠤ᠂ ᠪᠢᠳᠡ ᠣᠯᠠᠨ ᠳᠤ ᠤᠯᠠᠭᠠᠨᠴᠠᠪ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠺᠠᠨ ᠸᠧᠶ ᠶᠢ ᠤᠷᠢᠵᠤ᠂ ᠮᠠᠨ ᠤ ᠬᠤᠲᠠ ᠶᠢᠨ ᠰᠢᠤᠳᠠᠨ ᠤ  ᠦᠢᠯᠡᠰ ᠤᠨ ᠠᠷᠠᠳ ᠤᠨ ᠠᠮᠢᠳᠤᠷᠠᠯ ᠪᠠ ᠠᠵᠢᠯ ᠲᠥᠷᠥᠯ ᠤᠨ ᠬᠥᠭᠵᠢᠯᠲᠡ ᠳᠤ ᠦᠢᠯᠡᠴᠢᠯᠡᠬᠦ ᠠᠵᠢᠯ ᠤᠨ ᠲᠤᠬᠠᠶ ᠣᠯᠠᠨ ᠲᠠᠢ ᠬᠠᠮᠲᠤ ᠪᠠᠷ ᠶᠠᠷᠢᠯᠴᠠᠪᠠ᠃       ᠺᠠᠨ ᠸᠧᠶ᠄ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ ᠥᠨᠥᠳᠦᠷ ᠪᠣᠯ 53 ᠳ᠋ᠤᠭᠠᠷ ᠬᠤᠭᠤᠴᠠᠭᠠᠨ ᠤ ᠳᠡᠯᠡᠬᠡᠶ ᠶᠢᠨ ᠰᠢᠤᠳᠠᠨ ᠤ ᠡᠳᠦᠷ ᠮᠥᠨ᠂ ᠶᠠᠭᠤᠨ ᠤ ᠡᠮᠦᠨ᠎ᠡ ᠪᠢ ᠡᠨᠡ ᠲᠣᠬᠢᠶᠠᠯ ᠢᠶᠠᠷ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢ ᠲᠥᠯᠥᠭᠡᠯᠡᠵᠦ᠂ ᠮᠠᠨ ᠤ ᠬᠤᠲᠠ ᠶᠢᠨ ᠰᠢᠤᠳᠠᠨ ᠤ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ ᠨᠡᠶᠢᠭᠡᠮ ᠤᠨ ᠡᠯ᠎ᠡ ᠡᠲᠡᠭᠡᠳ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ᠭᠡᠵᠦ ᠰᠠᠶ᠋ᠢᠬᠠᠨ ᠬᠥᠲᠥᠯᠥᠭᠴᠢ ᠪᠠᠰᠠ ᠳᠤᠷᠠᠳᠤᠭᠰᠠᠨ ᠪᠠᠶᠢᠨ᠎ᠠ︕ ᠮᠠᠨ ᠤ ᠬᠤᠲᠠ ᠶᠢᠨ ᠰᠢᠦᠳᠠᠨ ᠤ ᠦᠢᠯᠡᠰ ᠤᠨ ᠺᠠᠳ᠋ᠷ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠢᠷᠥᠭᠡᠯ ᠳᠡᠪᠰᠢᠭᠦᠯᠦᠶ᠎ᠡ︕       ᠰᠤᠷᠪᠤᠯᠵᠢᠯᠠᠭᠴᠢ ᠄ ᠣᠶᠢᠯᠠᠭᠠᠭᠰᠠᠨ ᠢᠶᠠᠷ᠂ ᠳᠡᠯᠡᠬᠡᠶ ᠶᠢᠨ ᠰᠢᠤᠳᠠᠨ ᠤ ᠡᠳᠦᠷ ᠤᠨ ᠵᠢᠯ ᠪᠦᠷᠢ ᠶᠢᠨ ᠭᠤᠤᠯ ᠰᠡᠳᠦᠪ ᠨᠢ ᠴᠥᠮ ᠠᠳᠠᠯᠢ ᠥᠬᠡᠶ ᠪᠠᠶᠢᠳᠠᠭ᠂ ᠺᠠᠨ ᠲᠣᠪᠴᠢᠶᠠᠨ ᠳᠠᠷᠤᠭ᠎ᠠ ᠪᠢᠳᠡᠨ ᠳᠤ ᠡᠨᠡ ᠵᠢᠯ ᠤᠨ ᠳᠡᠯᠡᠬᠡᠶ ᠶᠢᠨ ᠰᠢᠤᠳᠠᠨ ᠤ ᠡᠳᠦᠷ ᠤᠨ ᠭᠤᠤᠯ ᠰᠡᠳᠦᠪ ᠢ ᠲᠠᠨᠢᠯᠴᠠᠭᠤᠯᠤᠭᠠᠳ ᠥᠭᠭᠦᠨ᠎ᠡ  ᠤᠤ︖      ᠺᠠᠨ ᠸᠧᠶ ᠄  ᠡᠨᠡ ᠵᠢᠯ ᠤᠨ ᠳᠡᠯᠡᠬᠡᠶ ᠶᠢᠨ ᠰᠢᠦᠳᠠᠨ ᠤ ᠡᠳᠦᠷ ᠤᠨ ᠭᠤᠣᠯ ᠰᠡᠳᠦᠪ ᠪᠣᠯ ︽ᠰᠢᠦᠳᠠᠨ ᠤ ᠶᠠᠪᠤᠳᠠᠯ ᠳᠡᠯᠡᠬᠡᠶ ᠶᠢᠨ ᠪᠥᠮᠪᠥᠷᠴᠡᠭ ᠤᠨ ᠭᠡᠷ ᠣᠷᠣᠨ ᠢᠶᠠᠨ ᠰᠠᠬᠢᠨ ᠬᠠᠮᠠᠭᠠᠯᠠᠶ᠎ᠠ︾᠂ ᠰᠢᠦᠳᠠᠨ ᠭᠡᠬᠦ ᠡᠨᠡᠬᠦ ᠪᠦᠬᠦ ᠪᠥᠮᠪᠥᠷᠴᠡᠭ ᠤᠨ ᠬᠠᠮᠤᠭ ᠤᠨ ᠲᠣᠮᠣ ᠪᠣᠳᠠᠲᠤ ᠴᠣᠭᠴᠠ ᠶᠢᠨ ᠦᠢᠯᠡᠴᠢᠯᠡᠭᠡᠨ ᠤ ᠰᠦᠯᠵᠢᠶ᠎ᠡ ᠶᠢᠨ ᠳᠡᠯᠡᠬᠡᠶ ᠶᠢᠨ ᠪᠥᠮᠪᠥᠷᠴᠡᠭ ᠭᠡᠬᠦ ᠡᠨᠡᠬᠦ ᠬᠥᠮᠦᠨ ᠲᠥᠷᠥᠯᠬᠢᠲᠡᠨ ᠤ ᠬᠠᠮᠲᠤ ᠶᠢᠨ ᠭᠡᠷ ᠣᠷᠣᠨ ᠢ ᠰᠠᠬᠢᠨ ᠬᠠᠮᠠᠭᠠᠯᠠᠬᠤ ᠬᠠᠷᠢᠭᠤᠴᠠᠯᠭ᠎ᠠ ᠪᠠ ᠡᠭᠦᠷᠭᠡᠯᠡᠯ ᠢ ᠭᠦᠢᠴᠡᠳ ᠢᠯᠡᠷᠡᠭᠦᠯᠵᠦ᠂ ᠰᠢᠦᠳᠠᠨ ᠤ ᠦᠢᠯᠡᠰ ᠤᠨ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠨ ᠪᠠᠶᠢᠭᠤᠯᠬᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠦᠢᠯᠡᠴᠢᠯᠡᠬᠦ ᠦᠷᠳᠡᠭ ᠪᠣᠯᠤᠨ ᠬᠥᠭᠡᠭᠡᠴᠡᠯᠳᠦᠯ ᠢ ᠢᠯᠡᠷᠡᠭᠦᠯᠵᠦ᠂ ᠪᠠᠰᠠ ᠳᠡᠯᠡᠬᠡᠢ ᠶᠢᠨ ᠰᠢᠦᠳᠠᠨ ᠤ ᠦᠢᠯᠡᠰ ᠤᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠪᠠᠷ ᠴᠢᠷᠮᠠᠶᠢᠬᠤ ᠠᠯᠤᠰ ᠢᠷᠡᠭᠡᠳᠦᠢ ᠪᠣᠯᠤᠨ ᠵᠣᠷᠢᠭ ᠢ ᠭᠦᠢᠴᠡᠳ ᠢᠯᠡᠳᠬᠡᠵᠡᠢ᠃      ᠰᠤᠷᠪᠤᠯᠵᠢᠯᠠᠭᠴᠢ ᠄ ᠲᠠᠨ ᠤ ᠦᠵᠡᠬᠦ ᠪᠠᠷ᠂ ᠳᠡᠯᠡᠬᠡᠶ ᠶᠢᠨ ᠰᠢᠤᠳᠠᠨ ᠤ ᠡᠳᠦᠷ ᠤᠨ ᠭᠤᠤᠯ ᠰᠡᠳᠦᠪ ᠨᠢ ︽ᠰᠢᠤᠳᠠᠨ ᠤ ᠶᠠᠪᠤᠳᠠᠯ ᠳᠡᠯᠡᠬᠡᠶ ᠶᠢᠨ ᠪᠥᠮᠪᠥᠷᠴᠡᠭ ᠤᠨ ᠬᠡᠷ ᠣᠷᠣᠨ ᠢᠶᠠᠨ ᠰᠠᠬᠢᠨ ᠬᠠᠮᠠᠭᠠᠯᠠᠨ᠎ᠠ︾᠂ ᠳᠤᠮᠳᠠᠬᠢ ︽ᠰᠠᠬᠢᠨ ᠬᠠᠮᠠᠭᠠᠯᠠᠨ᠎ᠠ︾ ᠭᠡᠳᠡᠭ ᠨᠢ ᠭᠤᠤᠯᠳᠠᠭᠤ ᠶᠠᠭᠤ ᠶᠢ ᠵᠢᠭᠠᠵᠤ ᠪᠠᠶᠢᠬᠤ ᠪᠣᠶ︖      ᠺᠠᠨ ᠸᠧᠶ ᠄ ᠮᠢᠨᠦ ᠦᠵᠡᠬᠦ ᠪᠠᠷ᠂ ︽ᠰᠠᠬᠢᠨ ᠬᠠᠮᠠᠭᠠᠯᠠᠬᠤ︾ ᠶᠢ ᠭᠤᠷᠪᠠᠨ ᠲᠠᠯ᠎ᠠ ᠠᠴᠠ ᠣᠶᠢᠯᠠᠭᠠᠵᠤ ᠪᠣᠯᠤᠨ᠎ᠠ᠂ ᠨᠢᠭᠡᠳᠦᠭᠡᠷ ᠰᠠᠬᠢᠨ ᠬᠠᠮᠠᠭᠠᠯᠠᠬᠤ ᠭᠤᠤᠯ ᠰᠡᠳᠦᠪ ᠪᠣᠯ ᠣᠯᠠᠨ ᠲᠦᠮᠡᠨ ᠤ ᠰᠢᠤᠳᠠᠨ ᠤ ᠠᠮᠤᠷ ᠲᠦᠪᠰᠢᠨ ᠢ ᠰᠠᠬᠢᠨ ᠬᠠᠮᠠᠭᠠᠯᠠᠨ᠎ᠠ᠂ ᠬᠤᠶᠠᠳᠤᠭᠠᠷ ᠰᠠᠬᠢᠨ ᠬᠠᠮᠠᠭᠠᠯᠠᠬᠤ ᠭᠤᠤᠯ ᠰᠡᠳᠦᠪ ᠪᠣᠯ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠰᠠᠬᠢᠨ ᠬᠠᠮᠠᠭᠠᠯᠠᠨ᠎ᠠ᠂ ᠭᠤᠷᠪᠠᠳᠤᠭᠠᠷ ᠭᠤᠤᠯ ᠰᠡᠳᠦᠪ ᠪᠣᠯ ᠪᠣᠬᠢᠷᠲᠤᠯ ᠥᠬᠡᠶ ᠬᠡᠷ ᠣᠷᠣᠨ ᠢ ᠰᠠᠬᠢᠨ ᠬᠠᠮᠠᠭᠠᠯᠠᠨ᠎ᠠ᠃      ᠡᠩ ᠲᠡᠷᠢᠭᠦᠨ ᠳᠤ᠂ ᠤᠯᠠᠨ ᠲᠦᠮᠡᠨ ᠤ ᠰᠢᠦᠳᠠᠨ ᠬᠡᠷᠡᠭᠯᠡᠬᠦ ᠠᠮᠤᠷ ᠲᠦᠪᠰᠢᠨ ᠢ ᠰᠠᠬᠢᠨ ᠬᠠᠮᠠᠭᠠᠯᠠᠨ᠎ᠠ᠃ ᠣᠶᠢᠷ᠎ᠠ ᠶᠢᠨ ᠵᠢᠯ ᠤᠳ ᠲᠤ᠂ ᠢᠯᠡᠭᠡᠯᠲᠡ ᠶᠢᠨ ᠵᠠᠮ ᠮᠥᠷ ᠤᠨ ᠠᠮᠤᠷ ᠲᠦᠪᠰᠢᠨ ᠤ ᠪᠠᠶᠢᠳᠠᠯ ᠡᠳᠦᠷ ᠢᠷᠡᠬᠦᠶ᠎ᠡ ᠬᠦᠨᠳᠦ ᠨᠣᠴᠢᠲᠠᠶ ᠪᠣᠯᠵᠣ᠂ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠨᠢᠭᠡᠨᠲᠡ ᠤᠯᠠᠮᠵᠢᠯᠠᠯᠲᠤ ᠮᠡᠳᠡᠭᠡ ᠬᠤᠯᠪᠣᠭᠠᠨ ᠤ ᠠᠮᠤᠷ ᠲᠦᠪᠰᠢᠨ ᠪᠠᠶᠢᠭᠰᠠᠨ ᠠᠴᠠ ᠪᠠᠨ ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠬᠢᠭᠡᠳ ᠣᠯᠠᠨ ᠨᠡᠶᠢᠲᠡ ᠶᠢᠨ ᠠᠮᠤᠷ ᠲᠦᠪᠰᠢᠨ ᠤ ᠴᠢᠬᠤᠯᠠ ᠬᠡᠰᠡᠭ ᠪᠣᠯᠤᠨ ᠳᠡᠭᠡᠭᠰᠢᠯᠡᠵᠦ᠂ ᠰᠦᠷᠳᠡᠭᠦᠯᠦᠯ ᠢ ᠡᠰᠡᠷᠭᠦᠴᠡᠬᠦ᠂ ᠬᠠᠭᠠᠴᠠᠭᠤᠯᠤᠯ ᠢ ᠡᠰᠡᠷᠭᠦᠴᠡᠬᠦ᠂ ᠬᠤᠤᠷ ᠴᠠᠭᠠᠵᠠᠯᠠᠬᠤ᠂ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ᠂ ᠡᠷᠬᠡ ᠳᠤ ᠬᠠᠯᠳᠠᠬᠤ ᠪᠠ ᠬᠠᠭᠤᠷᠮᠠᠭᠯᠠᠨ ᠦᠢᠯᠡᠳᠬᠦ ᠶᠢ ᠡᠰᠡᠷᠭᠦᠴᠡᠬᠦ ᠵᠡᠷᠭᠡ ᠬᠦᠷᠢᠶᠡᠨ ᠳᠤ ᠬᠤᠯᠪᠣᠭᠳᠠᠭᠰᠠᠨ ᠪᠠᠶᠢᠨ᠎ᠠ᠃ ᠤᠯᠠᠭᠠᠨᠴᠠᠪ ᠬᠤᠳᠠ ᠶᠢᠨ ᠵᠠᠮ ᠬᠠᠷᠢᠯᠴᠠᠭᠠᠨ ᠤ ᠣᠷᠣᠨ ᠪᠠᠶᠢᠷᠢ ᠳᠠᠪᠠᠭᠤᠯᠢᠭ ᠠᠴᠠ ᠪᠤᠯᠵᠤ ᠪᠢᠳᠡ ᠬᠥᠬᠡᠬᠤᠲᠠ ᠪᠣᠯᠤᠨ ᠨᠡᠶᠢᠰᠯᠡᠯ ᠪᠡᠭᠡᠵᠢᠩ ᠤᠨ ᠠᠮᠤᠷ ᠲᠦᠪᠰᠢᠨ ᠤ ᠬᠠᠯᠬᠠᠪᠴᠢ ᠶᠢ ᠬᠦᠷᠭᠡᠬᠦ ᠡᠭᠦᠷᠭᠡ ᠶᠢ ᠰᠠᠶᠢᠲᠤᠷ ᠭᠦᠢᠴᠡᠳᠬᠡᠬᠦ ᠨᠢ ᠪᠡᠷᠬᠡ ᠬᠠᠲᠠᠭᠤᠵᠢᠯᠲᠠᠢ᠂ ᠳᠠᠷᠤᠯᠲᠠ ᠮᠠᠰᠢ ᠶᠡᠭᠡ ᠪᠠᠶᠢᠨ᠎ᠠ᠃ ᠰᠢᠤᠳᠠᠨ ᠤ ᠶᠠᠪᠤᠳᠠᠯ ᠤᠨ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠢ ᠰᠢᠮᠳᠠᠭᠤᠯᠤᠨ ᠬᠢᠨᠠᠯᠲᠠ ᠲᠠᠯᠪᠢᠵᠤ ᠪᠠᠶᠢᠭᠠᠳ ᠦᠨᠡᠨ ᠨᠡᠷ᠎ᠡ ᠪᠠᠷ ᠳᠠᠩᠰᠠᠯᠠᠬᠤ᠂ ᠬᠤᠷᠢᠶᠠᠨ ᠢᠯᠡᠭᠡᠵᠦ ᠰᠢᠯᠭᠠᠨ ᠦᠵᠡᠬᠦ᠂ ᠮᠠᠰᠢᠨ ᠢᠶᠠᠷ ᠥᠩᠭᠡᠷᠡᠬᠦ ᠠᠮᠤᠷ ᠲᠦᠪᠰᠢᠨ ᠤ ᠪᠠᠶᠢᠴᠠᠭᠠᠯᠲᠠ ᠶᠢᠨ ︽ᠭᠤᠷᠪᠠᠨ ᠵᠦᠢᠯ ᠤᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠬᠤ ᠪᠣᠯ ᠠᠵᠢᠯ ᠲᠥᠷᠥᠯ ᠤᠨ ᠠᠶᠤᠯ ᠥᠬᠡᠶ ᠦᠢᠯᠡᠳᠪᠦᠷᠢᠯᠡᠯ ᠤᠨ ᠳᠠᠪᠠᠵᠤ ᠪᠣᠯᠤᠰᠢ ᠥᠬᠡᠶ ᠤᠯᠠᠭᠠᠨ ᠱᠤᠭᠤᠮ ᠪᠣᠯᠬᠤ ᠪᠥᠭᠡᠳ ᠪᠠᠰᠠ ᠴᠤ ᠰᠢᠤᠳᠠᠨ ᠤ ᠦᠢᠯᠡᠰ ᠤᠨ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠪᠠ ᠠᠮᠤᠷ ᠲᠦᠪᠰᠢᠨ ᠢ ᠰᠠᠬᠢᠨ ᠬᠠᠮᠠᠭᠠᠯᠠᠬᠤ ᠶᠢᠨ ᠲᠡᠷᠢᠭᠦᠨ ᠴᠢᠬᠤᠯᠠ ᠡᠭᠦᠷᠭᠡ ᠪᠣᠯᠤᠨ᠎ᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠤ ᠰᠢᠤᠳᠠᠨ ᠤ   ᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤ ᠲᠦᠢᠯ ᠤᠨ ᠶᠡᠭᠡ ᠳᠡᠮᠵᠢᠯᠭᠡ ᠦᠵᠡᠭᠦᠯᠵᠦ᠂ ᠡᠨᠡ ᠵᠢᠯ ᠤᠨ 4 ᠰᠠᠷ᠎ᠠ ᠳᠤ ᠬᠤᠲᠠ ᠶᠢᠨ ᠰᠢᠤᠳᠠᠨ ᠤ ᠦᠢᠯᠡᠰ ᠤᠨ ᠠᠮᠤᠷ ᠲᠦᠪᠰᠢᠨ ᠤ ᠲᠥᠪ ᠪᠠᠶᠢᠭᠤᠯᠬᠤ ᠶᠢ ᠴᠤᠬᠤᠯᠠᠪᠤᠷᠢᠯᠠᠨ ᠬᠠᠷᠢᠭᠤᠯᠵᠤ᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠣᠷᠣᠯᠠᠨ ᠬᠠᠮᠢᠶᠠᠷᠴᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠰᠢᠦᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠪᠦᠬᠦ ᠠᠵᠢᠯ ᠲᠦᠷᠦᠯ ᠤᠨ ᠬᠠᠮᠲᠤ ᠶᠢᠨ ᠴᠢᠷᠮᠠᠶᠢᠯᠭ᠎ᠠ ᠪᠠᠷ᠂ ᠢᠯᠡᠭᠡᠯᠲᠡ ᠶᠢᠨ ᠠᠷᠭ᠎ᠠ ᠵᠠᠮ ᠨᠢ ᠤᠯᠠᠨ ᠲᠦᠮᠡᠨ ᠤ ᠰᠢᠦᠳᠠᠨ ᠬᠡᠷᠡᠭᠯᠡᠬᠦ ᠠᠮᠤᠷ ᠲᠦᠪᠰᠢᠨ ᠢ ᠰᠠᠬᠢᠨ ᠬᠠᠮᠠᠭᠠᠯᠠᠬᠤ ᠲᠠᠯ᠎ᠠ ᠪᠠᠷ ᠦᠷᠭᠦᠯᠵᠢᠯᠡᠨ ᠬᠦᠴᠦᠯᠡᠪᠡ᠃      ᠳᠠᠷᠠᠭᠠᠯᠠᠪᠠᠯ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠰᠠᠬᠢᠨ ᠬᠠᠮᠠᠭᠠᠯᠠᠨ᠎ᠠ᠃ 2020 ᠣᠨ ᠠᠴᠠ ᠨᠠᠰᠢ᠂ ᠰᠢᠨ᠎ᠡ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠳᠡᠯᠡᠬᠡᠢ ᠶᠢ ᠬᠠᠮᠤᠷᠴᠤ᠂ ᠲᠦᠷᠭᠡᠨ ᠬᠦᠷᠭᠡᠭᠴᠢ ᠬᠢᠵᠢᠭ ᠢ ᠰᠦᠷᠦᠨ ᠤᠷᠤᠭᠰᠢᠯᠠᠵᠤ᠂ ᠤᠯᠠᠨ ᠲᠦᠮᠡᠨ ᠳᠤ ᠠᠮᠢᠳᠤᠷᠠᠯ ᠤᠨ ᠴᠢᠬᠤᠯᠠ ᠬᠡᠷᠡᠭᠰᠡᠯ ᠢ ᠬᠦᠷᠭᠡᠵᠦ᠂ ᠬᠥᠮᠦᠨ ᠤ ᠶᠢᠷᠲᠢᠨᠴᠦ ᠶᠢᠨ ᠬᠠᠶᠢᠷ᠎ᠠ ᠬᠠᠯᠠᠮᠵᠢ ᠶᠢ ᠬᠦᠷᠭᠡᠵᠦ᠂ ᠰᠢᠦᠳᠠᠨ ᠤ ᠦᠢᠯᠡᠰ ᠤᠨ ᠠᠵᠢᠯᠲᠠᠳ ᠤᠨ ᠡᠭᠦᠷᠭᠡ ᠬᠠᠷᠢᠭᠤᠴᠠᠯᠭ᠎ᠠ ᠶᠢ ᠬᠠᠷᠠᠭᠤᠯᠵᠠᠢ᠃ ᠤᠴᠢᠷ ᠨᠢ ᠲᠦᠷᠭᠡᠨ ᠬᠦᠷᠭᠡᠭᠴᠢ ᠲᠦᠭ ᠲᠦᠮᠡᠨ ᠠᠶᠢᠯ ᠡᠷᠦᠬᠡ ᠲᠠᠢ ᠬᠠᠷᠢᠯᠴᠠᠵᠤ᠂ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠬᠤ ᠶᠢᠨ ᠲᠥᠯᠥᠭᠡ᠂ 2021 ᠣᠨ ᠤ 11 ᠰᠠᠷ᠎ᠠ ᠳᠤ᠂ ᠬᠤᠲᠠ ᠶᠢᠨ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠵᠠᠰᠠᠭ ᠤᠨ ᠣᠷᠳᠣᠨ ᠵᠢᠴᠢ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ᠂ ︽ᠰᠢᠦᠳᠠᠨ ᠤ ᠲᠦᠷᠭᠡᠨ ᠬᠦᠷᠭᠡᠯᠲᠡ ᠶᠢᠨ ᠬᠢᠨᠠᠨ ᠬᠡᠮᠵᠢᠬᠦ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠰᠬᠠᠶ ᠠᠩᠭᠢ︾ ᠶᠢ ᠪᠠᠶᠢᠭᠤᠯᠵᠤ᠂ ᠡᠭᠦᠨ ᠤ ᠬᠠᠮᠲᠤ ᠬᠢᠨᠠᠨ ᠪᠠᠶᠢᠴᠠᠭᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠰᠠᠯᠭᠠᠨ ᠥᠭᠬᠦ ᠲᠥᠪ ᠲᠤ ︽ᠵᠢᠷᠭᠤᠭᠠᠨ ᠲᠠᠯ᠎ᠠ ᠠᠴᠠ ᠠᠷᠢᠯᠭᠠᠬᠤ︾ ᠵᠢᠷᠤᠮ ᠢ ᠨᠡᠮᠡᠵᠦ᠂ ᠲᠤᠰᠬᠠᠶ ᠬᠥᠮᠦᠨ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠲᠣᠪᠴᠢᠶ᠎ᠠ ᠪᠠᠶᠢᠭᠤᠯᠤᠯᠭ᠎ᠠ ᠶᠢᠨ 24 ᠴᠠᠭ ᠢᠶᠠᠷ ᠵᠢᠵᠢᠭᠦᠷᠯᠡᠨ ᠰᠠᠬᠢᠬᠤ᠂ ᠠᠵᠢᠯ ᠲᠥᠷᠥᠯ ᠤᠨ ᠠᠵᠢᠯᠲᠠᠳ ᠢ ᠵᠣᠬᠢᠶᠠᠨ ᠪᠠᠶᠢᠭᠤᠯᠤᠨ ᠸᠠᠺᠼᠢᠨ ᠤ ᠲᠠᠷᠢᠯᠭ᠎ᠠ ᠬᠢᠬᠦ ᠪᠠ ᠪᠥᠭᠡᠮ ᠬᠦᠴᠢᠯ ᠢ ᠪᠠᠶᠢᠴᠠᠭᠠᠨ ᠰᠢᠯᠭᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ᠠᠵᠢᠯ ᠲᠥᠷᠥᠯ ᠤᠨ ᠬᠢᠨ ᠢ ᠰᠢᠮᠳᠠᠭᠤᠯᠵᠤ ᠪᠠᠶᠢᠭᠠᠳ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠠᠴᠠ ᠳᠠᠬᠢᠨ ᠰᠡᠷᠭᠡᠶᠢᠯᠡᠬᠦ ᠶᠢ ᠰᠡᠷᠭᠡᠶᠢᠯᠡᠬᠦ᠂ ᠬᠥᠮᠦᠨ ᠢ ᠬᠠᠮᠲᠤ ᠳᠤᠨᠢ ᠰᠡᠷᠭᠡᠶᠢᠯᠡᠬᠦ︾ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠲᠥᠷᠥᠯ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃      ᠭᠤᠷᠪᠠᠳᠤᠭᠠᠷ ᠲᠤ᠂ ᠪᠣᠬᠢᠷᠲᠤᠯ ᠥᠬᠡᠶ ᠬᠡᠷ ᠣᠷᠣᠨ ᠢᠶᠠᠨ ᠰᠠᠬᠢᠨ ᠬᠠᠮᠠᠭᠠᠯᠠᠨ᠎ᠠ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠤᠶᠢᠯᠠᠭᠠᠨ ᠲᠤᠤᠱᠯᠠᠭᠤᠯᠬᠤ ᠶᠢᠨ ᠲᠥᠯᠥᠭᠡ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠣᠶᠢᠷ᠎ᠠ ᠶᠢᠨ ᠵᠢᠯ ᠳᠤ᠂ ᠬᠤᠲᠠ ᠶᠢᠨ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ ᠠᠵᠢᠯ ᠲᠥᠷᠥᠯ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠬᠤᠯᠠ ᠶᠡᠭᠡ ᠲᠦᠷᠭᠡᠨ ᠬᠦᠷᠭᠡᠯᠲᠡ ᠶᠢᠨ ᠪᠣᠭᠤᠳᠠᠯ ᠤᠨ ᠬᠡᠮᠵᠢᠶ᠎ᠡ ᠶᠢ ᠪᠠᠭᠠᠰᠬᠠᠬᠤ᠂ ᠪᠠᠷᠢᠮᠵᠢᠶᠠᠵᠢᠭᠤᠯᠬᠤ᠂ ᠤᠷᠴᠢᠯᠵᠢᠭᠤᠯᠬᠤ ᠶᠢ ᠲᠦᠷᠭᠡᠳᠬᠡᠨ ᠠᠬᠢᠭᠤᠯᠵᠤ᠂ ᠣᠯᠠᠨ ᠤᠳᠠᠭ᠎ᠠ ᠲᠤᠰᠬᠠᠶ ᠰᠡᠳᠦᠪ ᠢᠶᠠᠷ ᠠᠵᠢᠯ ᠢᠶᠠᠨ ᠰᠤᠳᠤᠯᠤᠨ ᠪᠠᠶᠢᠷᠢᠯᠠᠭᠤᠯᠵᠤ᠂ ᠰᠢᠦᠳᠠᠨ ᠤ ᠦᠢᠯᠡᠰ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠵᠣᠬᠢᠴᠠᠭᠤᠯᠭ᠎ᠠ ᠪᠠ ᠠᠵᠢᠯ ᠤᠨ ᠠᠬᠢᠭᠤᠯᠤᠯᠲᠠ ᠶᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠬᠤ ᠶᠢᠨ ᠬᠠᠮᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ 2022 ᠣᠨ ᠳᠤ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠪᠠᠶᠢᠴᠠᠭᠠᠯᠲᠠ ᠶᠢ ᠨᠡᠶᠢᠲᠡ 16 ᠤᠳᠠᠭ᠎ᠠ ᠥᠷᠨᠢᠭᠦᠯᠵᠦ᠂ ᠡᠭᠦᠨ ᠳᠤ 5 ᠤᠳᠠᠭ᠎ᠠ ᠲᠤᠰᠬᠠᠶ ᠪᠠᠶᠢᠴᠠᠭᠠᠯᠲᠠ ᠬᠢᠵᠦ᠂ ᠪᠥᠬᠦ ᠬᠤᠲᠠ ᠶᠢᠨ 9 ᠬᠤᠰᠢᠭᠤ ᠰᠢᠶᠠᠨ ᠬᠤᠲᠠ ᠲᠣᠭᠤᠷᠢᠭ ᠢ ᠬᠠᠮᠤᠷᠤᠨ ᠪᠠᠶᠢᠴᠠᠭᠠᠵᠤ᠂ ᠨᠡᠶᠢᠲᠡ 69 ᠡᠵᠡᠩᠨᠡᠯᠲᠡ ᠶᠢᠨ ᠲᠣᠤᠷ ᠴᠡᠭ ︵ᠲᠡᠭᠦᠰᠬᠡᠯ ᠤᠨ ᠬᠡᠰᠡᠭ ᠢ ᠪᠠᠭᠲᠠᠭᠠᠨ᠎ᠠ︶ ᠢ ᠪᠠᠶᠢᠴᠠᠭᠠᠵᠤ᠂ ᠨᠡᠶᠢᠲᠡ 5 ᠤᠳᠠᠭ᠎ᠠ ᠶᠢ ᠬᠡᠷᠡᠭ ᠪᠣᠯᠭᠠᠨ ᠳᠡᠩᠰᠡᠯᠡᠵᠦ᠂ ᠡᠯ᠎ᠡ ᠠᠵᠤ ᠠᠬᠤᠶᠢᠯᠠᠯ ᠳᠤ ᠬᠦᠴᠦᠷᠬᠡᠭ ᠶᠡᠭᠡ ᠰᠦᠷᠳᠡᠭᠦᠯᠬᠦ ᠦᠢᠯᠡᠳᠦᠯ ᠦᠵᠡᠭᠦᠯᠦᠭᠰᠡᠨ ᠪᠠᠶᠢᠨ᠎ᠠ᠃ ᠣᠲᠣ ᠪᠣᠯᠲᠠᠯ᠎ᠠ᠂ ᠪᠥᠬᠦ ᠬᠤᠲᠠ ᠶᠢᠨ ᠬᠤᠳᠠᠯᠳᠤᠨ ᠠᠪᠴᠤ ᠬᠡᠷᠡᠭᠯᠡᠭᠰᠡᠨ ᠪᠠᠷᠢᠮᠵᠢᠶ᠎ᠠ ᠳᠤ ᠨᠡᠶᠢᠴᠡᠭᠰᠡᠨ ᠪᠣᠭᠤᠳᠠᠯ ᠤᠨ ᠮᠠᠲ᠋ᠧᠷᠢᠶᠠᠯ ᠤᠨ ᠬᠠᠷᠢᠴᠠᠯ 97.4% ᠬᠦᠷᠴᠦ᠂ ᠵᠢᠷᠤᠮᠵᠢᠯ ᠶᠣᠰᠣᠭᠠᠷ ᠪᠢᠲᠡᠭᠦᠮᠵᠢᠯᠡᠨ ᠤᠭᠰᠠᠷᠠᠬᠤ ᠠᠵᠢᠯᠯᠠᠭᠠᠨ ᠤ ᠬᠠᠷᠢᠴᠠᠯ 97.2% ᠬᠦᠷᠴᠦ᠂ ᠡᠷᠭᠢᠯᠳᠦᠭᠦᠯᠦᠨ ᠲᠦᠷᠭᠡᠨ ᠬᠦᠷᠭᠡᠬᠦ ᠬᠠᠶᠢᠷᠴᠠᠭ ︵ᠬᠠᠶᠢᠷᠴᠠᠭ︶ ᠤᠨ ᠬᠡᠷᠡᠭᠯᠡᠭᠰᠡᠨ ᠬᠡᠮᠵᠢᠶ᠎ᠡ 1.02 ᠲᠦᠮᠡ ᠳᠤ ᠬᠦᠷᠴᠦ᠂ ᠳᠠᠬᠢᠨ ᠬᠡᠷᠡᠭᠯᠡᠭᠰᠡᠨ ᠸᠠᠭᠠᠷᠤᠨ ᠴᠠᠭᠠᠰᠤᠨ ᠬᠠᠶᠢᠷᠴᠠᠭ ᠤᠨ ᠲᠤᠭ᠎ᠠ 52.79 ᠲᠦᠮᠡ ᠳᠤ ᠬᠦᠷᠴᠡᠶ᠃       ᠰᠤᠷᠪᠤᠯᠵᠢᠯᠠᠭᠴᠢ ᠄ ᠰᠢᠦᠳᠠᠨ ᠲᠦᠷᠭᠡᠨ ᠬᠦᠷᠭᠡᠯᠲᠡ ᠨᠢ ᠨᠢᠭᠡᠨᠲᠡ ᠭᠠᠵᠠᠷ ᠪᠣᠯᠭᠠᠨ ᠳᠤ ᠪᠠᠶᠢᠳᠠᠭ᠂ ᠬᠡᠷᠡᠭᠯᠡᠬᠦ ᠥᠬᠡᠶ ᠬᠥᠮᠦᠨ ᠥᠬᠡᠶ ᠠᠮᠢᠳᠤᠷᠠᠯ ᠤᠨ ᠦᠵᠡᠭᠳᠡᠯ ᠪᠣᠯᠵᠠᠶ᠂ ᠥᠩᠭᠡᠷᠡᠭᠰᠡᠨ ᠳᠤ ︽ᠬᠡᠷ ᠤᠨ ᠵᠠᠬᠢᠳᠠᠯ ᠲᠦᠮᠡᠨ ᠵᠣᠭᠤᠰ ᠲᠠᠢ ᠲᠡᠩᠴᠡᠨ᠎ᠡ︾᠂ ᠣᠲᠣ ᠪᠣᠯᠬᠤ ᠳᠤ ︽ᠲᠦᠷᠭᠡᠨ ᠬᠦᠷᠭᠡᠯᠲᠡ ᠨᠢ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ︾᠂ ᠰᠢ ᠶᠢᠨ ᠫᠢᠩ ᠶᠡᠷᠦᠩᠬᠡᠶ ᠱᠦᠵᠢ ᠲᠦᠷᠭᠡᠨ ᠬᠦᠷᠭᠡᠯᠲᠡ ᠶᠢᠨ ᠪᠢᠴᠢᠬᠠᠨ ᠠᠬ᠎ᠠ ᠪᠣᠯ ᠰᠠᠶᠢᠨ ᠰᠠᠶᠢᠬᠠᠨ ᠠᠮᠢᠳᠤᠷᠠᠯ ᠤᠨ ᠰᠠᠬᠢᠨ ᠬᠠᠮᠠᠭᠠᠯᠠᠭᠴᠢ ᠪᠠ ᠡᠭᠦᠳᠦᠨ ᠪᠦᠲᠦᠭᠡᠭᠴᠢ ᠮᠥᠨ᠂ ᠮᠠᠨ ᠤ ᠠᠮᠢᠳᠤᠷᠠᠯ ᠦᠨᠡᠬᠡᠷ ᠲᠦᠷᠭᠡᠨ ᠬᠦᠷᠭᠡᠯᠲᠡ ᠶᠢᠨ ᠪᠢᠴᠢᠬᠠᠨ ᠠᠬ᠎ᠠ ᠶᠢᠨ ᠰᠠᠬᠢᠨ ᠬᠠᠮᠠᠭᠠᠯᠠᠯᠲᠠ ᠠᠴᠠ ᠪᠣᠯᠵᠣ ᠨᠠᠩ ᠳᠥᠭᠦᠮ ᠳᠥᠲᠡ ᠪᠥᠭᠡᠳ ᠨᠠᠩ ᠰᠠᠶᠢᠨ ᠰᠠᠶᠢᠬᠠᠨ ᠪᠣᠯᠵᠠᠶ ᠭᠡᠵᠦ ᠮᠠᠭᠲᠠᠵᠠᠶ᠃ ᠲᠡᠭᠡᠪᠡᠯ ᠣᠳᠣᠬᠠᠨ ᠳᠤ ᠮᠠᠨ ᠤ ᠬᠤᠲᠠ ᠶᠢᠨ ᠰᠢᠦᠳᠠᠨ ᠤ ᠦᠢᠯᠡᠰ ᠤᠨ ᠬᠥᠭᠵᠢᠯᠲᠡ ᠶᠢᠨ  ᠪᠠᠶᠢᠳᠠᠯ ᠶᠠᠮᠠᠷ ᠪᠤᠢ︖       ᠺᠠᠨ ᠸᠧᠶ ᠄ ᠪᠢ ᠳᠣᠤᠷᠠᠬᠢ ᠬᠡᠳᠦᠨ ᠲᠤᠭ᠎ᠠ ᠪᠠᠷᠢᠮᠲᠠ ᠪᠠᠷ ᠠᠵᠢᠯ ᠲᠥᠷᠥᠯ ᠤᠨ ᠬᠥᠭᠵᠢᠯᠲᠡ ᠶᠢᠨ ᠪᠠᠶᠢᠳᠠᠯ ᠢ ᠬᠤᠷᠢᠶᠠᠩᠭᠤᠶᠢᠯᠠᠪᠠ᠄ ᠨᠢᠭᠡ ᠳᠤ᠂ ᠠᠵᠤ ᠠᠬᠤᠶᠢᠯᠠᠯ ᠵᠢᠴᠢ ᠦᠨᠳᠦᠰᠦᠨ ᠱᠠᠲᠤᠨ ᠤ ᠡᠵᠡᠩᠨᠡᠯᠲᠡ ᠶᠢᠨ ᠲᠣᠤᠷ ᠴᠡᠭ ᠤᠨ ᠪᠠᠶᠢᠷᠢᠯᠠᠭᠤᠯᠤᠯᠲᠠ ᠶᠢᠨ ᠪᠠᠶᠢᠳᠠᠯ᠂ ᠣᠳᠣᠬᠠᠨ ᠳᠤ ᠪᠥᠬᠦ ᠬᠤᠲᠠ ᠳᠤ ᠨᠡᠶᠢᠲᠡ 43 ᠲᠦᠷᠭᠡᠨ ᠬᠦᠷᠭᠡᠯᠲᠡ ᠶᠢᠨ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠪᠠᠶᠢᠵᠤ᠂ 370 ᠲᠦᠷᠭᠡᠨ ᠬᠦᠷᠭᠡᠯᠲᠡ ᠶᠢᠨ ᠡᠴᠦᠰ ᠤᠨ ᠲᠣᠤᠷ ᠴᠡᠭ ᠢ ᠳᠠᠩᠰᠠᠯᠠᠭᠤᠯᠵᠠᠶ᠃ ᠪᠥᠬᠦ ᠬᠤᠲᠠ ᠳᠤ ᠨᠡᠶᠢᠲᠡ 140 ᠰᠢᠤᠳᠠᠨ ᠤ ᠲᠦᠭᠡᠮᠡᠯ ᠦᠢᠯᠡᠴᠢᠯᠡᠭᠡᠨ ᠤ ᠡᠵᠡᠩᠨᠡᠯᠲᠡ ᠶᠢᠨ ᠲᠣᠤᠷ ᠴᠡᠭ ᠲᠠᠢ ᠪᠠᠶᠢᠵᠤ᠂ ᠪᠣᠶ ᠪᠥᠬᠦᠶ ᠰᠤᠮᠤ ᠰᠢᠶᠠᠩ ᠪᠠᠯᠭᠠᠰᠤ ᠶᠢ ᠬᠠᠮᠤᠷᠴᠤ᠂ 1294 ᠪᠠᠶᠢᠭᠤᠯᠤᠮᠵᠢ ᠶᠢᠨ ᠳᠦᠷᠢᠮᠲᠦ ᠲᠣᠰᠬᠤᠨ ᠳᠤ ᠴᠥᠮ ᠰᠢᠭᠤᠳ ᠰᠢᠤᠳᠠᠨ ᠨᠡᠪᠲᠡᠷᠡᠪᠡ᠃ ᠬᠤᠶᠠᠷ ᠲᠤ᠂ ᠠᠵᠢᠯ ᠲᠥᠷᠥᠯ ᠤᠨ ᠬᠥᠭᠵᠢᠯᠲᠡ ᠶᠢᠨ ᠲᠦᠢᠮᠣ ᠪᠠᠶᠢᠳᠠᠯ᠃ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ ︵2018 ᠣᠨ ᠠᠴᠠ 2021 ᠣᠨ ᠪᠣᠯᠲᠠᠯ᠎ᠠ︶ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠶᠡᠷᠦᠩᠬᠡᠶ ᠬᠡᠮᠵᠢᠶ᠎ᠡ ᠵᠢᠯ ᠪᠦᠷᠢ ᠳᠤᠮᠳᠠᠴᠢ ᠪᠠᠷ 30.26% ᠨᠡᠮᠡᠭᠳᠡᠵᠡᠶ᠃ 2021 ᠣᠨ ᠳᠤ᠂ ᠪᠥᠬᠦ ᠬᠤᠲᠠ ᠶᠢᠨ ᠰᠢᠤᠳᠠᠨ ᠤ ᠠᠵᠢᠯ ᠲᠥᠷᠥᠯ ᠤᠨ ᠲᠤᠬᠠᠶᠢᠯᠠᠭᠰᠠᠨ ᠠᠵᠢᠯ ᠤᠨ ᠶᠡᠷᠦᠩᠬᠡᠶ ᠬᠡᠮᠵᠢᠶ᠎ᠡ 35591.70 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.23% ᠪᠠᠷ ᠨᠡᠮᠡᠭᠳᠡᠪᠡ︔ ᠰᠢᠤᠳᠠᠨ ᠤ ᠠᠵᠢᠯ ᠲᠥᠷᠥᠯ ᠤᠨ ᠲᠤᠬᠠᠶᠢᠯᠠᠭᠰᠠᠨ ᠠᠵᠢᠯ ᠤᠨ ᠣᠷᠣᠯᠭ᠎ᠠ ︵ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠰᠢᠭᠤᠳ ᠡᠵᠡᠩᠨᠡᠯᠲᠡ ᠶᠢᠨ ᠣᠷᠣᠯᠭ᠎ᠠ ᠪᠠᠭᠲᠠᠬᠤ ᠥᠬᠡᠶ︶ 38912.48 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 17.15% ᠪᠠᠷ ᠨᠡᠮᠡᠭᠳᠡᠪᠡ᠃ ᠬᠢᠵᠢᠭ ᠤᠨ ᠪᠠᠶᠢᠳᠠᠯ ᠤᠨ ᠨᠥᠯᠥᠭᠡ ᠪᠠᠷ᠂ 2022 ᠣᠨ ᠤ 1 — 8 ᠰᠠᠷ᠎ᠠ ᠳᠤ᠂ ᠪᠥᠬᠦ ᠬᠤᠲᠠ ᠶᠢᠨ ᠰᠢᠤᠳᠠᠨ ᠤ ᠠᠵᠢᠯ ᠲᠥᠷᠥᠯ ᠤᠨ ᠲᠤᠬᠠᠶᠢᠯᠠᠭᠰᠠᠨ ᠠᠵᠢᠯ ᠤᠨ ᠣᠷᠣᠯᠭ᠎ᠠ ︵ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠰᠢᠭᠤᠳ ᠡᠵᠡᠩᠨᠡᠯᠲᠡ ᠶᠢᠨ ᠣᠷᠣᠯᠭ᠎ᠠ ᠪᠠᠭᠲᠠᠬᠤ ᠥᠬᠡᠶ︶ ᠨᠡᠶᠢᠲᠡ 26948.99 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.34% ᠪᠠᠷ ᠨᠡᠮᠡᠭᠳᠡᠪᠡ︔ ᠲᠤᠬᠠᠶᠢᠯᠠᠭᠰᠠᠨ ᠠᠵᠢᠯ ᠤᠨ ᠶᠡᠷᠦᠩᠬᠡᠶ ᠬᠡᠮᠵᠢᠶ᠎ᠡ ᠨᠡᠶᠢᠲᠡ 23810.55 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.05% ᠪᠠᠷ ᠨᠡᠮᠡᠭᠳᠡᠪᠡ᠂ ᠡᠭᠦᠨ ᠳᠤ ᠪᠥᠬᠦ ᠬᠤᠲᠠ ᠶᠢᠨ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠶᠢᠲᠡ 872.07 ᠲᠦᠮᠡᠨ ᠬᠤᠪᠢ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 27.06% ᠪᠠᠷ ᠨᠡᠮᠡᠭᠳᠡᠪᠡ︔ ᠲᠤᠬᠠᠶᠢᠯᠠᠭᠰᠠᠨ ᠠᠵᠢᠯ ᠤᠨ ᠣᠷᠣᠯᠭ᠎ᠠ ᠨᠡᠶᠢᠲᠡ 15234.36 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.06% ᠨᠡᠮᠡᠭᠳᠡᠵᠡᠶ᠃      ᠰᠤᠷᠪᠤᠯᠵᠢᠯᠠᠭᠴᠢ ᠄ ᠰᠠᠶ᠋ᠢᠬᠠᠨ ᠲᠠᠨ ᠤ ᠲᠠᠨᠢᠯᠴᠠᠭᠤᠯᠤᠭᠰᠠᠨ ᠪᠥᠬᠦ ᠬᠤᠲᠠ ᠶᠢᠨ 1294 ᠪᠠᠶᠢᠭᠤᠯᠤᠮᠵᠢ ᠶᠢᠨ ᠳᠦᠷᠢᠮᠲᠦ ᠲᠣᠰᠬᠤᠨ ᠳᠤ ᠨᠢᠭᠡᠨᠲᠡ ᠴᠥᠮ ᠰᠢᠭᠤᠳ ᠰᠢᠤᠳᠠᠨ ᠨᠡᠪᠲᠡᠷᠡᠬᠦ ᠶᠢ ᠪᠡᠶᠡᠯᠡᠭᠦᠯᠵᠡᠶ᠂ ᠡᠨᠡ ᠨᠢ ᠬᠥᠳᠡᠭᠡ ᠲᠣᠰᠬᠤᠨ ᠤ ᠲᠦᠷᠭᠡᠨ ᠬᠦᠷᠭᠡᠯᠲᠡ ᠨᠢ ᠴᠦ ᠪᠠᠶᠢᠭᠤᠯᠤᠮᠵᠢ ᠶᠢᠨ ᠳᠦᠷᠢᠮᠲᠦ ᠲᠣᠰᠬᠤᠨ ᠳᠤ ᠰᠢᠭᠤᠳ ᠬᠦᠷᠴᠦ ᠲᠠᠶᠢᠯᠤᠨ᠎ᠠ ᠭᠡᠰᠡᠨ ᠦᠭᠡ  ᠤᠤ︖      ᠺᠠᠨ ᠸᠧᠶ ᠄ 2018 ᠣᠨ ᠳᠤ ᠮᠠᠨ ᠤ ᠬᠤᠲᠠ ᠨᠢᠭᠡᠨᠲᠡ ᠪᠠᠶᠢᠭᠤᠯᠤᠮᠵᠢ ᠶᠢᠨ ᠳᠦᠷᠢᠮᠲᠦ ᠲᠣᠰᠬᠤᠨ ᠳᠤ ᠪᠦᠬᠦᠨ ᠢᠶᠠᠷ ᠢᠶᠠᠨ ᠰᠢᠭᠤᠳ ᠰᠢᠤᠳᠠᠨ ᠨᠡᠪᠲᠡᠷᠡᠬᠦ ᠶᠢ ᠪᠡᠶᠡᠯᠡᠭᠦᠯᠵᠡᠶ᠂ ᠡᠨᠡ ᠨᠢ ᠭᠤᠤᠯᠳᠠᠭᠤ ᠰᠢᠤᠳᠠᠨ ᠤ ᠠᠷᠭ᠎ᠠ ᠵᠠᠮ ᠢᠶᠠᠷ ᠬᠥᠳᠡᠭᠡ ᠲᠣᠰᠬᠤᠨ ᠳᠤ ᠬᠦᠷᠭᠡᠬᠦ ᠲᠦᠷᠭᠡᠨ ᠬᠦᠷᠭᠡᠯᠲᠡ ᠶᠢ ᠵᠢᠭᠠᠵᠤ ᠪᠣᠶ᠃ ︽ᠲᠤᠭ᠎ᠠ ᠪᠠᠷᠢᠮᠲᠠ ᠪᠠᠷ ᠰᠢᠤᠳᠠᠨ ᠨᠡᠪᠲᠡᠷᠡᠭᠦᠯᠬᠦ︾ ᠠᠴᠠ ᠵᠠᠶᠢᠯᠠᠰᠬᠢᠬᠦ ᠶᠢᠨ ᠲᠥᠯᠥᠭᠡ᠂ ᠤᠯᠤᠰ ᠤᠨ ᠰᠢᠤᠳᠠᠨ ᠤ ᠲᠣᠪᠴᠢᠶ᠎ᠠ ᠪᠠᠰᠠ ᠺᠠᠷᠲ ᠪᠦᠷᠢᠳᠬᠡᠭᠦᠯᠬᠦ ᠵᠥᠭᠡᠯᠡᠨ ᠲᠣᠨᠤᠭ ᠰᠤᠳᠤᠯᠤᠨ ᠦᠢᠯᠡᠳᠴᠦ᠂ ᠬᠦᠷᠭᠡᠭᠴᠢ ᠶᠢ ᠲᠦᠷᠭᠡᠨ ᠬᠦᠷᠭᠡᠬᠦ ᠵᠦᠢᠯ ᠢ ᠲᠣᠰᠬᠤᠨ ᠳᠤ ᠬᠦᠷᠭᠡᠭᠰᠡᠨ ᠤ ᠳᠠᠷᠠᠭ᠎ᠠ ᠭᠠᠷ ᠤᠲᠠᠰᠤᠨ ᠤ ᠣᠷᠣᠨ ᠪᠠᠶᠢᠷᠢ ᠪᠠᠨ ᠲᠣᠭᠲᠠᠭᠠᠵᠤ ᠺᠠᠷᠲ ᠪᠦᠷᠢᠳᠬᠡᠭᠦᠯᠬᠦ ᠬᠡᠷᠡᠭᠲᠡᠶ ᠭᠡᠵᠦ ᠱᠠᠭᠠᠷᠳᠠᠪᠠ᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠰᠠᠷ᠎ᠠ ᠪᠦᠷᠢ ᠶᠢᠨ ᠪᠦᠷᠢᠳᠬᠡᠯ ᠤᠨ ᠺᠠᠷᠲ ᠪᠦᠷᠢᠳᠬᠡᠭᠦᠯᠦᠭᠰᠡᠨ ᠨᠣᠷᠮ᠎ᠠ ᠶᠢ ᠣᠳᠣᠬᠠᠨ ᠤ ᠬᠦᠷᠭᠡᠭᠴᠢ ᠶᠢᠨ ᠺᠠᠷᠲ ᠪᠦᠷᠢᠳᠬᠡᠭᠦᠯᠦᠭᠰᠡᠨ ᠪᠠᠶᠢᠳᠠᠯ ᠠᠴᠠ ᠦᠵᠡᠪᠡᠯ᠂ ᠪᠥᠬᠦ ᠬᠤᠲᠠ ᠶᠢᠨ ᠪᠠᠶᠢᠭᠤᠯᠤᠯᠳᠤ ᠲᠣᠰᠬᠤᠨ ᠤ ᠺᠠᠷᠲ ᠪᠦᠷᠢᠳᠬᠡᠭᠦᠯᠦᠭᠰᠡᠨ ᠨᠣᠷᠮ᠎ᠠ ᠦᠨᠳᠦᠰᠦᠨ ᠳᠡᠭᠡᠨ 99% ᠠᠴᠠ ᠳᠡᠭᠡᠭᠰᠢ ᠬᠦᠷᠴᠦ᠂ ᠰᠢᠤᠳᠠᠨ ᠨᠡᠪᠲᠡᠷᠡᠬᠦ ᠠᠵᠢᠯ ᠢ ᠦᠷᠭᠦᠯᠵᠢᠯᠡᠨ ᠨᠠᠶᠢᠳᠠᠪᠤᠷᠢᠵᠢᠭᠤᠯᠵᠤ ᠪᠠᠶᠢᠨ᠎ᠠ᠃       ᠰᠤᠷᠪᠤᠯᠵᠢᠯᠠᠭᠴᠢ ᠄ ᠲᠦᠷᠭᠡᠨ ᠬᠦᠷᠭᠡᠯᠲᠡ ᠶᠢ ᠲᠣᠰᠬᠤᠨ ᠳᠤ ᠬᠦᠷᠭᠡᠬᠦ ᠬᠠᠷᠠᠯᠲᠠ ᠶᠢ ᠪᠡᠶᠡᠯᠡᠭᠦᠯᠬᠦ ᠳᠤ ᠪᠠᠰᠠ ᠮᠠᠰᠢ ᠬᠤᠯᠠ ᠵᠠᠮ ᠪᠠᠶᠢᠨ᠎ᠠ  ᠤᠤ ᠥᠬᠡᠶ  ᠤᠤ︖       ᠺᠠᠨ ᠸᠧᠶ ᠄ ᠮᠠᠨ ᠤ ᠬᠤᠲᠠ ᠶᠢᠨ ᠨᠤᠲᠤᠭ ᠳᠡᠪᠢᠰᠬᠡᠷ ᠥᠷᠭᠡᠨ ᠠᠭᠤᠳᠠᠮ᠂ ᠬᠥᠳᠡᠭᠡ ᠲᠣᠰᠬᠤᠨ ᠤ ᠭᠠᠵᠠᠷ ᠨᠤᠲᠤᠭ ᠠᠭᠤᠳᠠᠮ ᠬᠥᠮᠦᠨ ᠠᠮᠠ ᠴᠥᠭᠡᠨ᠂ ᠲᠦᠷᠭᠡᠨ ᠬᠦᠷᠭᠡᠯᠲᠡ ᠶᠢᠨ ᠵᠠᠬ᠎ᠠ ᠳᠡᠯᠭᠡᠭᠦᠷ ᠤᠨ ᠪᠠᠭᠲᠠᠭᠠᠮᠵᠢ ᠪᠠᠰᠠ ᠨᠡᠯᠢᠶᠡᠳ ᠪᠠᠭ᠎ᠠ᠂ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠠᠵᠢᠯ ᠦᠷᠭᠦᠯᠵᠢᠯᠡᠨ ᠠᠭᠢᠵᠤ ᠪᠠᠶᠢᠨ᠎ᠠ᠃ 2021 ᠣᠨ ᠤ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠵᠠᠭᠤᠨ ᠡᠳᠦᠷ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠠᠷᠠᠭ᠎ᠠ᠂ ᠮᠠᠨ ᠤ ᠬᠤᠲᠠ ᠰᠢᠦᠳᠠᠨ᠂ ᠱᠦᠨ ᠹᠧᠩ᠂ ᠵᠢᠩ ᠳ᠋ᠦᠩ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠶᠢ ᠦᠨᠳᠦᠰᠦᠨ ᠳᠡᠭᠡᠨ ᠪᠦᠷᠬᠦᠬᠦᠯᠬᠦ ᠶᠢ ᠪᠡᠶᠡᠯᠡᠭᠦᠯᠪᠡ ᠂ 2022 ᠣᠨ ᠳᠤ᠂ ᠮᠠᠨ ᠤ ᠭᠤᠣᠯ ᠬᠠᠷᠠᠯᠲᠠ ᠪᠣᠯ ᠲᠦᠷᠭᠡᠨ ᠬᠦᠷᠭᠡᠯᠲᠡ ᠶᠢᠨ ᠬᠠᠮᠲᠤᠷᠠᠯᠴᠠᠭᠠᠨ ᠤ ᠲᠦᠷᠦᠯ ᠲᠡᠮᠳᠡᠭ ᠤᠨ ᠬᠡᠪᠴᠢᠶ᠎ᠡ ᠪᠠ ᠭᠦᠨᠴᠡ ᠶᠢ ᠥᠷᠭᠡᠳᠬᠡᠵᠦ᠂ ᠨᠡᠩ ᠤᠯᠠᠨ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠬᠦᠴᠦᠨ ᠳᠤ ᠲᠦᠰᠢᠭᠯᠡᠨ᠂ ᠤᠯᠠᠨ ᠠᠷᠭ᠎ᠠ ᠵᠠᠮ ᠢᠶᠠᠷ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠶᠢ ᠵᠣᠷᠢᠭᠵᠢᠭᠤᠯᠬᠤ ᠶᠠᠪᠤᠳᠠᠯ ᠪᠣᠯᠤᠨ᠎ᠠ᠃      ᠡᠨᠡᠬᠦ ᠠᠵᠢᠯ ᠨᠢ ᠬᠤᠲᠠ ᠶᠢᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠶᠢ ᠣᠯᠵᠤ᠂ ᠣᠶᠢᠷ᠎ᠠ ᠳᠤ᠂ ᠤᠯᠠᠭᠠᠨᠴᠠᠪ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︽ᠤᠯᠠᠭᠠᠨᠴᠠᠪ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠬᠦ ᠠᠵᠢᠯ ᠤᠨ ᠲᠥᠰᠦᠯ︾ ᠢ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ᠂ ︽ᠲᠥᠰᠦᠯ︾ ᠳᠤ ᠪᠥᠬᠦ ᠬᠤᠲᠠ ᠶᠢᠨ ᠬᠤᠰᠢᠭᠤ ᠰᠢᠶᠠᠨ ᠬᠤᠲᠠ ᠲᠣᠭᠤᠷᠢᠭ ᠤᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠢᠶᠠᠷ ᠰᠠᠭᠤᠷᠢ ᠪᠣᠯᠭᠠᠭᠰᠠᠨ ᠭᠤᠷᠪᠠᠨ ᠳᠡᠰ ᠤᠨ ᠲᠦᠷᠭᠡᠨ ᠬᠦᠷᠭᠡᠬᠦ ᠪᠠᠷᠠᠭᠠᠨ ᠤ  ᠭᠦᠢᠯᠭᠡᠭᠡᠨ ᠤ ᠳᠣᠭᠢᠷᠠᠭᠤᠯᠤᠨ ᠬᠦᠷᠭᠡᠬᠦ ᠰᠢᠰᠲ᠋ᠧᠮᠵᠢ ᠶᠢ ᠪᠠᠶᠢᠭᠤᠯᠤᠨ᠎ᠠ᠂ ᠡᠭᠦᠨ ᠳᠤ ︽ᠵᠠᠮ ᠬᠠᠷᠢᠯᠴᠠᠭ᠎ᠠ ᠰᠢᠤᠳᠠᠨ ᠤ ᠬᠠᠮᠲᠤᠷᠠᠯᠴᠠᠭ᠎ᠠ︾ ᠶᠢ ᠳᠥᠯᠭᠢᠨ ᠠᠬᠢᠭᠤᠯᠬᠤ᠂ ᠰᠢᠶᠠᠨ ᠤ ᠬᠡᠪᠴᠢᠶᠡᠨ ᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠶᠢ ᠪᠠᠭᠲᠠᠭᠠᠨ᠎ᠠ︔ ︽ᠰᠢᠤᠳᠠᠨ ᠢ ᠰᠢᠶᠠᠩ ᠳᠤ ᠪᠠᠶᠢᠯᠭᠠᠬᠤ︾ ᠶᠢᠨ ᠳᠠᠪᠠᠭᠤᠯᠢᠭ ᠢ ᠪᠠᠳᠠᠷᠠᠭᠤᠯᠤᠨ ᠂ ᠮᠠᠯᠵᠢᠬᠤ ᠲᠠᠷᠢᠶᠠᠯᠠᠬᠤ ᠣᠷᠣᠨ ᠤ ᠰᠢᠤᠳᠠᠨ ᠤ ᠰᠠᠭᠤᠷᠢ ᠪᠡᠯᠡᠳᠬᠡᠮᠵᠢ ᠪᠠ  ᠦᠢᠯᠡᠴᠢᠯᠡᠭᠡᠨ ᠤ ᠲᠣᠤᠷ ᠰᠦᠯᠵᠢᠶ᠎ᠡ ᠶᠢ ᠬᠠᠮᠲᠤᠪᠠᠷ ᠭᠥᠷᠳᠡᠬᠦ ᠶᠢ ᠴᠢᠩᠭᠠᠳᠬᠠᠵᠤ᠂ ᠰᠢᠤᠳᠠᠨ ᠤ ᠠᠵᠤ ᠠᠬᠤᠶᠢᠯᠠᠯ ᠬᠢᠭᠡᠳ ᠲᠦᠷᠭᠡᠨ ᠬᠦᠷᠭᠡᠬᠦ ᠠᠵᠤ ᠠᠬᠤᠶᠢᠯᠠᠯ ᠤᠨ ᠦᠵᠦᠭᠦᠷ ᠤᠨ ᠬᠦᠷᠭᠡᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠵᠣᠷᠢᠭᠵᠢᠭᠤᠯᠵᠤ᠂ ᠰᠤᠮᠤ ᠰᠢᠶᠠᠩ ᠪᠠᠯᠭᠠᠰᠤ ᠶᠢᠨ ᠬᠦᠷᠭᠡᠬᠦ ᠪᠠᠷᠠᠭᠠᠨ ᠤ  ᠭᠦᠢᠯᠭᠡᠭᠡᠨ ᠤ ᠳᠠᠮᠵᠢᠭᠤᠯᠬᠤ ᠵᠠᠩᠭᠢᠯᠠᠭ᠎ᠠ ᠶᠢᠨ ᠴᠡᠭ ᠢ ᠪᠣᠶ ᠪᠣᠯᠭᠠᠨ᠎ᠠ︔ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ  ᠭᠦᠢᠯᠭᠡᠭᠡᠨ ᠤ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳ᠋ᠤᠨᠢᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠪᠠᠰᠠ ᠡᠯ᠎ᠡ ᠭᠠᠵᠠᠷ ᠣᠷᠣᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠭᠤᠤᠯᠯᠠᠭᠤᠯᠬᠤ ᠶᠢ ᠪᠠᠷᠢᠮᠲᠠᠯᠠᠵᠤ᠂ ︽ᠰᠢᠤᠳᠠᠨ ᠲᠦᠷᠭᠡᠨ ᠬᠤᠷᠰᠢᠯᠴᠠᠬᠤ︾ ︽ᠲᠦᠷᠭᠡᠨ ᠬᠤᠷᠰᠢᠯᠴᠠᠬᠤ︾ ︽ᠲᠦᠷᠭᠡᠨ ᠬᠤᠳᠠᠯᠳᠤᠭᠠᠴᠢᠨ ᠤ ᠬᠤᠷᠰᠢᠯᠴᠠᠬᠤ︾ ︽ᠵᠠᠮ ᠬᠠᠷᠢᠯᠴᠠᠭ᠎ᠠ ᠰᠢᠤᠳᠠᠨ ᠬᠤᠷᠰᠢᠯᠴᠠᠬᠤ︾ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠶᠢ ᠠᠬᠢᠭᠤᠯᠵᠤ᠂ ᠭᠤᠷᠪᠠᠨ ᠱᠠᠲᠤᠨ ᠤ ᠪᠠᠷᠠᠭᠠᠨ ᠤ  ᠭᠦᠢᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠪᠡ᠃       ᠰᠤᠷᠪᠤᠯᠵᠢᠯᠠᠭᠴᠢ ᠄ ᠵᠠᠰᠠᠭ ᠤᠨ ᠣᠷᠳᠣᠨ ᠤ ᠢᠯᠡ ᠭᠠᠷ ᠪᠣᠯᠤᠨ ᠵᠠᠬ᠎ᠠ ᠳᠡᠯᠭᠡᠭᠦᠷ ᠤᠨ ᠢᠯᠡ ᠪᠤᠰᠤ ᠭᠠᠷ ᠬᠠᠮᠲᠤᠪᠠᠷ ᠬᠦᠴᠦᠯᠡᠬᠦ ᠪᠠᠷ ᠳᠠᠮᠵᠢᠵᠤ᠂ ᠤᠳᠠᠯ ᠦᠭᠡᠢ ᠮᠠᠨ ᠤ ︽ᠲᠦᠷᠭᠡᠨ ᠬᠦᠷᠭᠡᠯᠲᠡ ᠶᠢ ᠲᠣᠰᠬᠤᠨ ᠳᠤ ᠬᠦᠷᠭᠡᠬᠦ ︾ ᠠᠵᠢᠯ ᠴᠤ ᠨᠡᠩ ᠶᠡᠭᠡ ᠰᠢᠪᠲᠤᠯᠤᠯᠲᠠ ᠲᠠᠢ ᠪᠣᠯᠬᠤ ᠶᠢ ᠢᠲᠡᠭᠡᠵᠦ ᠪᠠᠶᠢᠨ᠎ᠠ᠃ ᠺᠠᠨ ᠲᠣᠪᠴᠢᠶᠠᠨ ᠳᠠᠷᠤᠭ᠎ᠠ ᠶᠢᠨ ᠲᠠᠨᠢᠯᠴᠠᠭᠤᠯᠭ᠎ᠠ ᠪᠠᠷ ᠳᠠᠮᠵᠢᠭᠤᠯᠤᠨ᠂ ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠠᠵᠢᠯ ᠲᠥᠷᠥᠯ ᠤᠨ ᠬᠠᠮᠢᠶᠠᠷᠤᠯᠲᠠ ᠪᠠ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠭᠰᠡᠨ ᠢ ᠣᠯᠠᠨ ᠢᠶᠠᠷ ᠢᠶᠠᠨ ᠭᠦᠢᠴᠡᠳ ᠣᠶᠢᠯᠠᠭᠠᠵᠤ ᠮᠡᠳᠡᠬᠦ ᠶᠢ ᠢᠲᠡᠭᠡᠵᠦ ᠪᠠᠶᠢᠨ᠎ᠠ᠃      ᠺᠠᠨ ᠸᠧᠶ ᠄ ᠮᠠᠨ ᠤ ᠠᠵᠢᠯ ᠢ ᠨᠤᠲᠠᠯᠠᠭᠰᠠᠨ ᠳᠤ ᠲᠠᠯᠠᠷᠬᠠᠵᠤ ᠪᠠᠶᠢᠨ᠎ᠠ᠃ ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠡᠭᠦᠨ ᠢ ᠪᠢᠳᠡ ᠪᠠᠰᠠ ᠰᠡᠷᠭᠡᠭ ᠢᠶᠠᠷ ᠲᠠᠨᠢᠵᠤ ᠣᠯᠤᠯ᠎ᠠ᠃ ᠣᠳᠣᠬᠠᠨ ᠤ ᠳᠡᠯᠡᠬᠡᠶ ᠶᠢᠷᠲᠢᠨᠴᠦ ᠶᠠᠭ ᠵᠠᠭᠤᠨ ᠵᠢᠯ ᠳᠤ ᠭᠠᠷᠤᠭ᠎ᠠ ᠦᠭᠡᠶ ᠶᠡᠭᠡ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠳᠡᠯᠡᠬᠡᠢ ᠶᠢᠨ ᠣᠷᠴᠢᠨ ᠲᠣᠭᠤᠷᠢᠨ ᠡᠳᠦᠷ ᠢᠷᠡᠬᠦᠶ᠎ᠡ ᠪᠤᠳᠤᠯᠢᠶᠠᠨᠲᠠᠢ ᠪᠤᠯᠵᠤ᠂ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠥᠷᠭᠡᠨ ᠳᠡᠯᠭᠡᠷ ᠠᠯᠤᠰ ᠬᠡᠳᠤ ᠶᠢᠨ ᠪᠠᠶᠢᠵᠤ᠂ ᠲᠣᠭᠲᠠᠭᠤᠨ ᠪᠤᠰᠤ ᠴᠢᠨᠠᠷᠲᠠᠢ ᠲᠣᠭᠲᠠᠭᠠᠯᠲᠤ ᠪᠤᠰᠤ ᠴᠢᠨᠠᠷᠲᠠᠢ ᠬᠦᠴᠦᠨ ᠵᠦᠢᠯ ᠭᠡᠨᠡᠳᠲᠡ ᠨᠡᠮᠡᠭᠳᠡᠵᠦ᠂ ᠰᠢᠦᠳᠠᠨ ᠤ ᠦᠢᠯᠡᠰ ᠤᠨ ᠠᠵᠤ ᠠᠬᠤᠢ ᠶᠢᠨ ᠣᠷᠴᠢᠯ ᠢ ᠰᠢᠯᠤᠭᠤᠳᠬᠠᠬᠤ᠂ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ᠂ ᠪᠣᠯᠪᠠᠰᠤᠨ ᠤ ᠠᠭᠤᠰᠤᠯᠴᠠᠯ ᠢ ᠪᠡᠶᠡᠯᠡᠭᠦᠯᠬᠦ᠂ ᠴᠢᠮᠡᠭᠡ ᠬᠤᠯᠪᠣᠭᠠᠨ ᠤ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠬᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠲᠠᠯ᠎ᠠ ᠪᠠᠷ ᠯᠤᠲᠤ ᠶᠡᠭᠡ ᠥᠷᠢᠰᠥᠯᠳᠦᠭᠡᠨ ᠳᠤ ᠲᠤᠯᠭᠠᠷᠠᠵᠤ᠂ ᠨᠠᠮ ᠤᠨ ᠰᠢᠦᠳᠠᠨ ᠤ ᠦᠢᠯᠡᠰ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠬᠤ ᠴᠢᠬᠤᠯᠠᠲᠠᠢ ᠪᠠᠶᠢᠨ᠎ᠠ᠃      ᠬᠤᠶᠢᠰᠢᠳᠠ ᠶᠢᠨ ᠠᠵᠢᠯ ᠤᠨ ᠳᠤᠮᠳᠠ᠂ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠵᠢᠯᠣᠭᠤᠳᠤᠮᠵᠢ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠪᠠᠷ ᠲᠤᠯᠬᠤ ᠴᠡᠭ ᠪᠣᠯᠭᠠᠵᠤ᠂ ᠠᠷᠠᠳ ᠲᠦᠮᠡᠨ ᠤ ᠰᠢᠦᠳᠠᠨ ᠬᠡᠷᠡᠭᠯᠡᠬᠦ ᠬᠡᠷᠡᠭᠴᠡᠭᠡ ᠶᠢ ᠬᠠᠩᠭᠠᠬᠤ ᠪᠠᠷ ᠦᠨᠳᠦᠰᠦ ᠪᠣᠯᠭᠠᠵᠤ᠂ ᠵᠠᠰᠠᠯᠲᠠ ᠶᠢᠨ ᠰᠢᠰᠲ᠋ᠧᠮ ᠤᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠰᠠᠭᠤᠷᠢ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠨᠢᠭᠡ ᠵᠠᠬᠢᠳᠠᠯ ᠨᠢᠭᠡ ᠰᠡᠳᠬᠢᠯ︾᠂ ︽ᠲᠦᠮᠡᠨ ᠡᠷᠦᠬᠡ ᠲᠠᠢ ᠰᠡᠳᠬᠢᠯ ᠵᠢᠷᠦᠬᠡ ᠪᠠᠨ ᠬᠤᠯᠪᠣᠵᠤ᠂ ᠳᠡᠯᠡᠬᠡᠢ ᠳ᠋ᠠᠬᠢᠨ ᠳᠤ ᠢᠲᠡᠭᠡᠯ ᠲᠠᠢ ᠪᠠᠶᠢᠬᠤ︾ ᠰᠢᠯᠢᠳᠡᠭ ᠤᠯᠠᠮᠵᠢᠯᠠᠯ ᠢ ᠰᠠᠶᠢᠲᠤᠷ ᠤᠯᠠᠮᠵᠢᠯᠠᠵᠤ᠂ ᠣᠨ ᠤ ᠰᠢᠦᠳᠠᠨ ᠤ ᠦᠢᠯᠡᠰ ᠢ ᠰᠠᠶᠢᠲᠤᠷ ᠡᠷᠬᠢᠯᠡᠬᠦ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠲᠠᠢ ᠨᠡᠩ ᠣᠶᠢᠷᠠᠲᠤᠭᠤᠯᠬᠤ ᠶᠢ ᠪᠠᠷᠢᠮᠲᠠᠯᠠᠵᠤ᠂ ᠠᠷᠠᠳ ᠤᠯᠠᠨ ᠤ ᠰᠠᠶᠢᠨ ᠰᠠᠶᠢᠬᠠᠨ ᠰᠢᠦᠳᠠᠨ ᠲᠡᠮᠳᠡᠭ ᠬᠡᠷᠡᠭᠯᠡᠬᠦ ᠬᠡᠷᠡᠭᠴᠡᠭᠡ ᠳᠠᠬᠢ ︽ᠪᠠᠴᠢᠮ ᠪᠡᠷᠬᠡ ᠵᠣᠪᠠᠨᠢᠯ︾ ᠤᠨ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠰᠢᠦᠳᠠᠨ ᠲᠡᠮᠳᠡᠭ ᠬᠡᠷᠡᠭᠯᠡᠬᠦ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠬᠠᠮᠲᠤ ᠶᠢᠨ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠪᠡ᠃      ᠨᠠᠮ ᠤᠨ ᠬᠤᠷᠢᠳᠤᠭᠠᠷ ᠶᠡᠭᠡ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ᠂ ᠬᠤᠳᠠ ᠶᠢᠨ ᠰᠢᠦᠳᠠᠨ ᠤ ᠶᠠᠪᠤᠳᠠᠯ ᠤᠨ ᠬᠠᠮᠢᠶᠠᠷᠤᠯᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠰᠢᠦᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠤᠪᠴᠢᠶ᠎ᠡ᠂ ᠬᠤᠳᠠ ᠶᠢᠨ ᠨᠠᠮ ᠤᠨ  ᠬᠤᠷᠢᠶ᠎ᠡ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠣᠯᠤᠨ᠎ᠠ︕                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3