ᠰᠢᠩ ᠾᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠪᠤᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/1
     11 ᠰᠠᠷ᠎ᠠ ᠶᠢᠨ 29 ᠤ ᠡᠳᠦᠷ᠂ ᠰᠢᠩ ᠾᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠪᠤᠳᠤᠭᠠᠷ ᠬᠤᠷᠠᠯ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠷᠦᠢ᠂ ᠳᠡᠳ᠋ ᠡᠷᠬᠢᠯᠡᠭᠴᠢ ᠵᠢᠶ ᠰᠢᠶᠤᠤ ᠬᠤᠶ᠂ ᠴᠢᠶᠣᠤ ᠷᠦᠩ᠂ ᠶᠤᠸᠠᠨ ᠢ ᠶᠢᠨ ᠵᠢᠴᠢ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠬᠤᠷᠠᠯ ᠳᠤ ᠣᠷᠣᠯᠴᠠᠵᠠᠶ᠃ ᠵᠣᠣ ᠷᠦᠢ ᠬᠤᠷᠠᠯ ᠡᠷᠭᠢᠯᠡᠪᠡ᠃
     ᠬᠤᠷᠠᠯ ᠠᠴᠠ ︽ᠵᠢᠷᠤᠮᠵᠢᠯ ᠤᠨ ᠴᠢᠨᠠᠷᠲᠠᠢ ᠪᠢᠴᠢᠭ  ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠭᠰᠡᠨ ᠰᠠᠨᠠᠯ︾ ᠢ ᠬᠢᠨᠠᠨ ᠵᠥᠪᠯᠡᠭᠰᠡᠨ ᠪᠥᠭᠡᠳ ᠪᠠᠲᠤᠯᠠᠪᠠ︔ ︽ᠰᠢᠶᠠᠨ ᠤ ᠠᠷᠠᠳ ᠤᠨ ᠵᠠᠰᠠᠭ ᠤᠨ ᠣᠷᠳᠣᠨ ᠤ ︿ᠦᠯᠡᠳᠡᠭᠡᠯ ᠭᠦᠢᠴᠡᠳᠬᠡᠬᠦ ᠲᠤᠭ᠎ᠠ ᠶᠢ ᠠᠮᠢᠳᠤᠯᠢᠭ ᠪᠣᠯᠭᠠᠬᠤ ᠶᠢ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠮᠡᠳᠡᠭᠦᠯᠦᠯᠲᠡ﹀ ᠶᠢ ᠵᠥᠪᠰᠢᠶᠡᠷᠡᠬᠦ ᠲᠤᠬᠠᠶ  ᠰᠢᠢᠳᠪᠤᠷᠢ︾︔ ︽2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠭᠰᠡᠨ ᠰᠠᠨᠠᠯ︾︔ ︽ᠤᠯᠤᠰ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠶᠠᠷᠢᠯᠴᠠᠭᠰᠠᠨ ᠰᠠᠨᠠᠯ︾︔ ︽ᠶᠠᠯ᠎ᠠ ᠪᠠᠨ ᠮᠡᠳᠡᠷᠡᠵᠦ ᠰᠢᠳᠬᠡᠯ ᠢ ᠮᠡᠳᠡᠷᠡᠭᠰᠡᠨ ᠢ ᠠᠭᠤᠴᠢᠯᠠᠨ ᠰᠢᠳᠬᠡᠬᠦ ᠲᠦᠷᠢᠮ ᠢ ᠬᠡᠷᠡᠭᠯᠡᠭᠰᠡᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠶᠠᠷᠢᠯᠴᠠᠭᠰᠠᠨ ᠰᠠᠨᠠᠯ︾᠃      ᠬᠤᠷᠠᠯ ᠠᠴᠠ ᠪᠠᠰᠠ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠡ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ︔ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠶᠢᠨ 2022 ᠣᠨ ᠤ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ      ᠵᠤᠤ ᠷᠦᠢ ᠵᠢᠭᠠᠵᠤ  ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠤᠯᠤᠰ ᠲᠦᠷᠦ ᠶᠢᠨ ᠤᠬᠠᠮᠰᠠᠷ ᠦᠵᠡᠯ ᠰᠠᠨᠠᠭ᠎ᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠡᠳᠬᠢᠴᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠭᠤᠣᠯᠳᠠᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠶᠢ ᠡᠭᠦᠳᠬᠦ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠳᠡᠭᠡᠷ᠎ᠡ ᠦᠨᠡᠨᠬᠦ ᠠᠭᠤᠰᠤᠯᠴᠠᠭᠤᠯᠵᠤ᠂ ᠰᠢᠩ ᠡᡁᠧ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠬᠤ᠂ ᠰᠢᠨ᠎ᠡ ᠶᠢ ᠡᠭᠦᠳᠦᠨ ᠬᠥᠭᠵᠢᠬᠦ ᠶᠢ ᠴᠢᠷᠮᠠᠶᠢᠨ ᠠᠬᠢᠭᠤᠯᠬᠤ ᠬᠡᠷᠡᠭᠲᠡᠢ᠃      ᠵᠣᠣ ᠷᠦᠢ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠣᠨᠣᠯ ᠤᠨ ᠰᠤᠳᠤᠯᠭᠠᠨ ᠢ ᠲᠠᠰᠤᠷᠠᠯᠲᠠ ᠥᠬᠡᠶ ᠴᠢᠩᠭᠠᠳᠬᠠᠨ᠂ ᠠᠷᠠᠳ ᠣᠯᠠᠨ ᠤ  ᠤᠶᠢᠯᠡᠳᠤᠯᠭᠡ ᠶᠢᠨ ᠳᠤᠮᠳᠠ ᠡᠭᠦᠳᠦᠨ ᠪᠦᠲᠦᠭᠡᠭᠰᠡᠨ ᠰᠠᠶᠢᠨ ᠠᠷᠭ᠎ᠠ᠂ ᠰᠠᠶᠢᠨ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠨ ᠪᠣᠯᠪᠠᠰᠤᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠣᠨᠣᠯ ᠪᠠ ᠠᠵᠢᠯ ᠤᠨ ᠤᠶᠢᠯᠡᠳᠤᠯᠭᠡ ᠶᠢᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠳᠥᠯᠭᠢᠨ ᠠᠬᠢᠭᠤᠯᠬᠤ ᠬᠡᠷᠡᠭᠲᠡᠶ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠶᠢ ᠡᠭᠦᠳᠬᠦ ᠶᠢ ᠴᠢᠬᠤᠯᠠ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠰᠢᠨ᠎ᠡ ᠶᠢ ᠡᠭᠦᠳᠬᠦ ᠣᠶᠢᠯᠠᠭᠠᠭᠳᠠᠬᠤᠨ᠂ ᠰᠢᠨ᠎ᠡ ᠶᠢ ᠡᠭᠦᠳᠬᠦ ᠪᠣᠳᠠᠲᠤ ᠦᠷ᠎ᠡ ᠪᠦᠲᠦᠮᠵᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠨ᠎ᠡ ᠶᠢ ᠡᠭᠦᠳᠬᠦ ᠥᠨᠳᠦᠷᠯᠢᠭ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠪᠦᠬᠦ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠢᠮᠠᠭᠲᠠ ᠤᠯᠠᠮᠵᠢᠯᠠᠨ ᠵᠠᠯᠭᠠᠮᠵᠢᠯᠠᠬᠤ ᠶᠢᠨ ᠳᠤᠮᠳᠠ ᠬᠥᠭᠵᠢᠭᠦᠯᠬᠦ᠂ ᠬᠥᠭᠵᠢᠭᠦᠯᠬᠦ ᠶᠢᠨ ᠳᠤᠮᠳᠠ ᠰᠢᠨ᠎ᠡ ᠶᠢ ᠡᠭᠦᠳᠬᠦ ᠰᠠᠶᠢᠨ ᠰᠠᠶᠢᠬᠠᠨ ᠪᠠᠶᠢᠳᠠᠯ ᠲᠠᠢ ᠪᠠᠶᠢᠯᠭᠠᠵᠤ᠂ ᠰᠢᠨ᠎ᠡ ᠭᠠᠷᠤᠭ᠎ᠠ ᠳᠡᠭᠡᠷ᠎ᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠶ᠃    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠶ ᠬᠤᠩ ᠯᠢᠶᠠᠩ᠂ ᠰᠢᠭᠦᠬᠦ ᠬᠤᠷᠢᠶᠠᠨ ᠤ ᠳᠠᠷᠤᠭ᠎ᠠ ᠵᠠᠩ ᠰᠢᠶᠤᠤ ᠶᠠᠨ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠠᠩ ᡁᠢ ᠮᠢᠨ ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯᠭ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠬᠤᠷᠠᠯ ᠳᠤ ᠰᠤᠯᠠ ᠣᠷᠣᠯᠴᠠᠪᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3