ᠰᠢᠩ ᠾᠧ ᠰᠢᠶᠠᠨ ᠤ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠬᠥᠳᠡᠭᠡ ᠲᠣᠰᠬᠤᠨ ᠤ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2022/12/1
     ᠬᠥᠳᠡᠭᠡ ᠲᠣᠰᠬᠤᠨ ᠪᠣᠯ ᠬᠢᠵᠢᠭ ᠤᠨ ᠪᠠᠶᠢᠳᠠᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠵᠠᠩᠭᠢᠯᠠᠭ᠎ᠠ ᠶᠢᠨ ᠭᠤᠭᠴᠤᠭ᠎ᠠ ᠮᠥᠨ᠂ ᠪᠠᠰᠠ ᠴᠤ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠵᠦ᠂ ᠳᠣᠲᠣᠭᠠᠳᠤ ᠠᠴᠠ ᠳᠠᠬᠢᠨ ᠰᠡᠷᠭᠡᠶᠢᠯᠡᠬᠦ︾ ᠶᠢᠨ ᠪᠦᠲᠦᠮᠵᠢᠲᠡᠶ ᠰᠡᠷᠭᠡᠶᠢᠯᠡᠯᠲᠡ ᠶᠢᠨ ᠱᠤᠭᠤᠮ ᠮᠥᠨ᠃ ᠣᠳᠣᠬᠠᠨ ᠤ ᠬᠢᠵᠢᠭ ᠤᠨ ᠪᠠᠶᠢᠳᠠᠯ ᠤᠨ ᠰᠢᠨ᠎ᠡ ᠬᠤᠪᠢᠷᠠᠯᠲᠠ ᠳᠤ ᠴᠢᠭᠯᠡᠭᠦᠯᠦᠨ᠂ ᠰᠢᠩ ᠡᡁᠧ ᠰᠢᠶᠠᠨ ᠤ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠬᠥᠳᠡᠭᠡ ᠲᠣᠰᠬᠤᠨ ᠤ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠪᠠᠬᠢᠵᠢᠭᠦᠯᠪᠡ᠃
     ᠣᠶᠢᠷ᠎ᠠ ᠳᠤ᠂ ᠰᠢᠩ ᠾᠧ ᠰᠢᠶᠠᠨ ᠤ ᠡᠤ ᠬᠥ᠋ ᠴᠢᠤᠸᠠᠨ ᠰᠢᠶᠠᠩ ᠤᠨ ᠬᠢᠨ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠵᠠᠷᠴᠢᠮ ᠢ ᠪᠠᠷᠢᠮᠲᠠᠯᠠᠵᠤ᠂ ᠰᠢᠶᠠᠩ ᠤᠨ ᠵᠠᠰᠠᠭ ᠤᠨ ᠣᠷᠳᠣᠨ ᠰᠢᠩ ᠾᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠤ ᠬᠥ᠋ ᠴᠢᠤᠸᠠᠨ ᠬᠢᠨᠠᠨ ᠬᠠᠮᠢᠶᠠᠷᠬᠤ ᠭᠠᠵᠠᠷ᠂ ᠲᠣᠮᠢᠯᠠᠭᠰᠠᠨ ᠰᠠᠯᠪᠤᠷᠢ ᠪᠠ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠪᠠᠶᠢᠩᠭᠤ ᠶᠢᠨ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠥᠷᠨᠢᠭᠦᠯᠪᠡ᠃ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠡᠦ ᠬᠥ᠋ ᠴᠢᠤᠸᠠᠨ ᠰᠢᠶᠠᠩ ᠤᠨ ᠣᠷᠣᠨ ᠪᠦᠰᠡ ᠶᠢᠨ ᠳᠣᠲᠣᠷᠠᠬᠢ ᠠᠵᠤ ᠠᠬᠤᠶᠢᠯᠠᠯ᠂ ᠬᠤᠳᠠᠯᠳᠤᠭᠠᠨ ᠤ ᠬᠡᠳᠦ ᠳᠡᠯᠭᠡᠭᠦᠷ᠂ ᠪᠦᠷᠢᠨ ᠪᠠᠷᠠᠭᠠᠲᠤ ᠳᠡᠯᠭᠡᠭᠦᠷ ᠵᠡᠷᠭᠡ ᠬᠥᠮᠦᠰ ᠤᠨ ᠨᠡᠭᠦᠳᠡᠯ ᠨᠡᠯᠢᠶᠡᠳ ᠶᠡᠭᠡ ᠭᠠᠵᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠢᠨᠠᠯᠲᠠ ᠪᠠᠶᠢᠴᠠᠭᠠᠯᠲᠠ ᠬᠢᠵᠦ᠂ ᠡᠯ᠎ᠡ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠣᠭᠤᠳᠴᠤ᠂ ᠲᠤᠬᠠᠶ ᠶᠢᠨ ᠲᠠᠯᠠᠪᠤᠷ ᠲᠤᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠤᠶᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠡᠵᠡᠩᠨᠡᠯᠲᠡ ᠶᠢᠨ ᠭᠤᠤᠯ ᠴᠣᠭᠴᠠ ᠶᠢᠨ ︽ᠤᠯᠠᠭᠠᠨ ᠺᠣᠳ᠋︾ ᠢ ᠠᠷᠢᠯᠭᠠᠬᠤ᠂ ᠣᠷᠴᠢᠨ ᠲᠣᠭᠤᠷᠢᠨ ᠢ ᠤᠰᠠᠳᠬᠠᠬᠤ᠂ ᠠᠵᠢᠯᠲᠠᠨ ᠤ ᠬᠢᠵᠢᠭ ᠢ ᠰᠡᠷᠭᠡᠶᠢᠯᠡᠬᠦ ᠬᠠᠮᠢᠶᠠᠷᠤᠯᠲᠠ ᠵᠢᠴᠢ ᠬᠢᠵᠢᠭ ᠢ ᠰᠡᠷᠭᠡᠶᠢᠯᠡᠬᠦ ᠳᠡᠩᠰᠡᠯᠡᠯᠲᠡ ᠵᠡᠷᠭᠡ ᠠᠵᠢᠯ ᠢ ᠭᠤᠤᠯᠳᠠᠯᠭ᠎ᠠ ᠲᠠᠢ ᠪᠠᠶᠢᠴᠠᠭᠠᠨ᠎ᠠ᠃
     ᠬᠥᠳᠡᠭᠡ ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠲᠣᠣᠷ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠡᠦ ᠭᠦ᠋ ᠴᠢᠤᠸᠠᠨ ᠰᠢᠶᠠᠩ ᠤᠨ ᠬᠢᠨ ᠬᠠᠷᠢᠶ᠎ᠠ ᠣᠷᠣᠨ ᠤ ᠪᠠᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠷᠦᠬᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠢᠵᠦ᠂ ᠡᠵᠡᠩᠨᠡᠯᠲᠡ ᠶᠢᠨ ᠡᠷᠦᠬᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠣᠩᠭᠤᠨ ᠪᠠᠶᠢᠴᠠᠭᠠᠵᠤ᠂ ᠬᠢᠵᠢᠭ ᠤᠨ ᠪᠠᠶᠢᠳᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠡᠷᠭᠡᠶᠢᠯᠡᠨ ᠡᠵᠡᠮᠳᠡᠬᠦ ᠤᠬᠠᠮᠰᠠᠷ ᠢ ᠦᠨᠡᠨᠬᠦ ᠴᠢᠩᠭᠠᠳᠬᠠᠬᠤ ᠶᠢᠨ ᠬᠠᠮᠲᠤ ᠲᠡᠳᠡᠨ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠪᠠ᠃      ᠣᠶᠢᠯᠠᠭᠠᠭᠰᠠᠨ ᠢᠶᠠᠷ᠂ ᠰᠢᠩ ᠾᠧ ᠰᠢᠶᠠᠨ ᠤ ᠡᠦ ᠬᠥ᠋ ᠴᠢᠤᠸᠠᠨ ᠰᠢᠶᠠᠩ ᠤᠨ ᠬᠢᠨ ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠮᠲᠤᠷᠠᠭᠰᠠᠨ ᠪᠠᠶᠢᠴᠠᠭᠠᠯᠲᠠ ᠶᠢ ᠦᠷᠭᠦᠯᠵᠢᠯᠡᠨ ᠲᠣᠭᠲᠠᠮᠠᠯ ᠪᠤᠰᠤ ᠴᠠᠭ ᠢᠶᠠᠷ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠥᠨᠳᠥᠷ ᠪᠦᠲᠦᠮᠵᠢᠲᠡᠶ ᠪᠠᠷ ᠨᠢᠭᠡᠳᠦᠯᠲᠡᠶ ᠲᠥᠯᠥᠪᠯᠡᠨ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠬᠢᠵᠢᠭ ᠤᠨ ᠪᠠᠶᠢᠳᠠᠯ ᠤᠨ ᠠᠷᠠᠳ ᠤᠨ ᠠᠮᠢᠳᠤᠷᠠᠯ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠥᠳᠡᠭᠡ ᠲᠣᠰᠬᠤᠨ ᠤ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠣᠣᠷ ᠢ ᠦᠨᠡᠨ ᠬᠦ ᠪᠠᠲᠤ ᠪᠠᠬᠢ ᠪᠠᠶᠢᠭᠤᠯᠤᠨ᠎ᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3