| | ᠤᠯᠠᠭᠠᠨᠴᠠᠪ ᠬᠤᠲᠠ ᠨᠢ ᠳᠤᠮᠳᠠ ᠰᠡᠷᠢᠭᠦᠨ ᠪᠦᠰᠡ ᠳᠤ ᠣᠷᠣᠰᠢᠵᠤ᠂ ᠡᠬᠡ ᠬᠠᠭᠤᠷᠠᠶ ᠶᠢᠨ ᠴᠢᠨᠠᠷᠲᠠᠶ ᠤᠯᠠᠷᠢᠯ ᠤᠨ | ᠰᠠᠯᠬᠢᠨ ᠤ ᠠᠭᠤᠷ ᠠᠮᠢᠰᠬᠤᠯ ᠳᠤ ᠬᠠᠷᠢᠶᠠᠯᠠᠭᠳᠠᠵᠤ᠂ ᠳᠥᠷᠪᠡᠨ ᠤᠯᠠᠷᠢᠯ ᠤᠨ ᠣᠨᠴᠠᠯᠢᠭ ᠨᠢ ᠢᠯᠡᠷᠬᠡᠶ᠂ ᠪᠥᠬᠦ ᠵᠢᠯ ᠤᠨ | ᠨᠡᠷᠡᠨ ᠤ ᠲᠤᠰᠤᠯᠲᠠ ᠶᠢᠨ ᠴᠠᠭ ᠨᠢ ᠣᠷᠳᠣ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠨᠢ ᠶᠡᠭᠡ ᠪᠠᠶᠢᠵᠤ᠂ ᠴᠢᠨᠠᠷ | ᠰᠠᠶᠢᠲᠠᠶ ᠲᠠᠷᠢᠮᠠᠯ ᠳᠤ ᠣᠨᠴᠠ ᠰᠠᠶᠢᠨ ᠤᠷᠭᠤᠬᠤ ᠣᠷᠴᠢᠨ ᠲᠣᠭᠤᠷᠢᠨ ᠢ ᠬᠠᠩᠭᠠᠪᠠ᠃ ᠬᠢᠯᠢ ᠶᠢᠨ ᠳᠣᠲᠣᠷ᠎ᠠ ᠰᠠᠭᠠᠭ᠂ | ᠨᠣᠬᠠᠶ ᠶᠢᠨ ᠬᠤᠰᠢᠭᠤ᠂ ᠠᠷᠪᠠᠶ᠂ ᠨᠠᠷᠢᠮᠤ᠂ ᠤᠯᠠᠭᠠᠨ ᠪᠤᠷᠴᠠᠭ᠂ ᠨᠣᠭᠤᠭᠠᠨ ᠪᠤᠷᠴᠠᠭ᠂ ᠱᠣᠰᠢ᠂ ᠬᠠᠪᠲᠠᠭᠠᠶ ᠪᠤᠷᠴᠠᠭ᠂ | ᠸᠠᠨᠳᠧᠦ ᠪᠤᠷᠴᠠᠭ ᠵᠡᠷᠭᠡ ᠪᠦᠷ ᠤᠯᠤᠰ ᠤᠨ ᠳᠣᠲᠣᠭᠠᠳᠤ ᠭᠠᠳᠠᠭᠠᠳᠤ ᠶᠢᠨ ᠪᠣᠷᠣᠯᠠᠭᠤᠯᠭ᠎ᠠ ᠰᠠᠶᠢᠲᠠᠶ ᠪᠦᠲᠦᠭᠡᠭᠳᠡᠬᠦᠨ᠃ | ᠠᠷᠪᠠᠢ | ᠤᠯᠠᠭᠠᠨᠴᠠᠪ ᠬᠤᠲᠠ ᠶᠢᠨ ᠵᠢᠯ ᠳᠤ ᠪᠣᠭᠤᠳᠠᠶ 2800 ᠲᠦᠮᠡᠨ ᠺᠢᠯᠣᠭ᠍ᠷᠠᠮ᠂ ᠮᠢᠩᠭᠠᠨ ᠮᠥᠬᠦᠯᠢᠭ ᠬᠦᠨᠳᠦ 45 ᠭᠷᠠᠮ | ᠭᠠᠷᠳᠠᠭ᠂ ᠪᠣᠭᠤᠳᠠᠶ ᠳᠤ ᠺᠠᠯᠼ᠂ ᠹᠣᠰᠹᠣᠷ ᠵᠡᠷᠭᠡ ᠣᠯᠠᠨ ᠵᠦᠶ᠋ᠯ ᠤᠨ ᠡᠯᠧᠮᠧᠨ᠋ᠲ ᠠᠭᠤᠯᠤᠭᠳᠠᠵᠤ ᠪᠠᠶᠢᠳᠠᠭ᠃ ᠠᠷᠪᠠᠢ ᠪᠠᠷ | ᠬᠢᠭᠰᠡᠨ ︽ᠠᠷᠪᠠᠢ ᠶᠢᠨ ᠢᠯᠲᠠᠰᠤᠨ ᠰᠢᠩᠭᠡᠨ ᠪᠤᠳᠠᠭ᠎ᠠ︾ ᠪᠣᠯ ᠰᠢᠮ᠎ᠡ ᠲᠡᠵᠢᠭᠡᠯ ᠰᠠᠶᠢᠲᠠᠢ ᠡᠷᠡᠭᠦᠯᠵᠢᠯ ᠤᠨ ᠢᠳᠡᠭᠡᠨ ᠮᠥᠨ | ᠂ ᠠᠷᠪᠠᠢ ᠶᠢᠨ ᠨᠠᠬᠢᠶ᠎ᠠ ᠪᠣᠯ ᠠᠷᠢᠬᠢ ᠨᠡᠷᠡᠬᠦ᠂ ᠲᠤᠰᠤ ᠨᠡᠷᠡᠬᠦ ᠳᠡᠭᠡᠳᠦ ᠳᠡᠰ ᠤᠨ ᠲᠦᠭᠦᠬᠡᠢ ᠡᠳ᠋ ᠮᠥᠨ᠃ ᠤᠯᠠᠭᠠᠨᠴᠠᠪ | ᠣᠷᠣᠨ ᠤ ᠠᠷᠪᠠᠶ ᠶᠢᠨ ᠴᠢᠨᠠᠷ ᠰᠠᠶᠢᠲᠠᠶ᠂ ᠡᠯ᠎ᠡ ᠵᠦᠶ᠋ᠯ ᠤᠨ ᠭᠦᠶ᠋ᠴᠡᠳᠬᠡᠯ ᠲᠤᠭ᠎ᠠ ᠨᠢ ᠴᠥᠮ ᠶᠠᠮᠤᠨ ᠠᠴᠠ ᠨᠡᠶᠢᠲᠡᠯᠡᠭᠰᠡᠨ | ᠬᠤᠶᠠᠳᠤᠭᠠᠷ ᠳᠡᠰ ᠤᠨ ᠪᠠᠷᠢᠮᠵᠢᠶ᠎ᠠ ᠳᠤ ᠬᠦᠷᠴᠦ᠂ ᠠᠷᠪᠠᠶ ᠶᠢᠨ ᠠᠮᠤ ᠵᠢᠴᠢ ᠲᠡᠭᠦᠨ ᠤ ᠦᠶ᠋ᠯᠡᠳᠬᠦᠨ ᠨᠢ ᠾᠤᠪᠸᠢ᠂ ᠱᠠᠨ | ᠰᠢ᠂ ᠱᠠᠨᠳᠦ᠋ᠩ ᠵᠢᠴᠢ ᠵᠡᠭᠦᠨ ᠡᠮᠦᠨᠡᠲᠦ ᠠᠽᠢᠶ᠎ᠠ ᠵᠡᠷᠭᠡ ᠭᠠᠵᠠᠷ ᠲᠤ ᠪᠣᠷᠣᠯᠠᠭᠤᠯᠭ᠎ᠠ ᠰᠠᠶᠢᠲᠠᠶ ᠪᠠᠶᠢᠪᠠ᠃ | ᠸᠠᠨᠳᠧᠦ ᠪᠤᠷᠴᠠᠭ | ᠤᠯᠠᠭᠠᠨᠴᠠᠪ ᠬᠤᠲᠠ ᠶᠢᠨ ᠸᠠᠨᠳᠧᠦ ᠶᠢᠨ ᠵᠢᠯ ᠤᠨ ᠭᠠᠷᠤᠯᠲᠠ ᠨᠢ 2500 ᠲᠦᠮᠡᠨ ᠺᠢᠯᠣᠭ᠍ᠷᠠᠮ ᠣᠷᠴᠢᠮ ᠪᠠᠶᠢᠵᠤ᠂ | ᠲᠥᠷᠥᠯ ᠵᠦᠶ᠋ᠯ ᠨᠢ ᠴᠡᠪᠡᠷ ᠴᠠᠭᠠᠨ ᠸᠠᠨᠳᠧᠦ ᠪᠤᠷᠴᠠᠭ᠂ ᠬᠤᠸᠠ ᠸᠠᠨᠳᠧᠦ ᠪᠤᠷᠴᠠᠭ ᠪᠣᠯᠤᠨ ᠵᠢᠵᠢᠭ ᠴᠠᠭᠠᠨ ᠸᠠᠨᠳᠧᠦ | ᠪᠤᠷᠴᠠᠭ᠂ ᠲᠣᠮᠣ ᠮᠥᠬᠦᠯᠢᠭᠲᠦ ᠲᠥᠷᠥᠯ ᠵᠦᠶ᠋ᠯ ᠨᠢ ᠮᠢᠩᠭᠠᠨ ᠮᠥᠬᠦᠯᠢᠭ ᠬᠦᠨᠳᠦ 400 ᠭᠷᠠᠮ ᠪᠠᠶᠢᠵᠤ᠂ ᠡᠯᠪᠡᠭ ᠪᠠᠶᠠᠯᠢᠭ | ᠤᠭᠤᠷᠠᠭ ᠪᠠ ᠸᠢᠲ᠋ᠠᠮᠢᠨ ᠲᠠᠢ᠂ ᠰᠢᠳᠦᠨ ᠪᠢᠰᠢᠷᠡᠭᠴᠢ᠂ ᠨᠡᠷᠡᠭᠰᠡᠨ ᠦᠶ᠋ᠯᠡᠳᠬᠦᠨ ᠤ ᠭᠤᠤᠯ ᠲᠦᠭᠦᠬᠡᠶ ᠮᠠᠲ᠋ᠧᠷᠢᠶᠠᠯ ᠪᠣᠯᠤᠨ᠎ᠠ | ᠂ ᠲᠡᠭᠦᠨ ᠤ ᠬᠡᠯᠪᠡᠷᠢ ᠳᠦᠷᠰᠦ᠂ ᠥᠩᠭᠡ ᠪᠤᠳᠤᠭ ᠨᠢ ᠣᠨᠴᠠᠭᠠᠶ᠂ ᠰᠢᠮ᠎ᠡ ᠲᠡᠵᠢᠭᠡᠯ ᠡᠯᠪᠡᠭ ᠪᠥᠭᠡᠳ ᠨᠡᠯᠢᠶᠡᠳ ᠬᠤᠪᠣᠷ | ᠨᠠᠨᠳᠢᠨ ᠪᠣᠯᠬᠤᠷ ︽ᠠᠮᠤ ᠪᠤᠳᠠᠭᠠᠨ ᠤ ᠰᠤᠪᠤᠳ︾ ᠬᠡᠮᠡᠭᠳᠡᠵᠦ᠂ ᠪᠥᠬᠦ ᠤᠯᠤᠰ ᠤᠨ ᠡᠯ᠎ᠡ ᠭᠠᠵᠠᠷ ᠤᠨ ᠬᠦᠷᠢᠶᠡᠯᠡᠯ ᠢ | ᠶᠡᠬᠡᠳᠡ ᠣᠯᠵᠠᠶ᠃ | ᠶᠦᠨ ᠳ᠋ᠧᠦ ᠪᠤᠷᠴᠠᠭ | ᠤᠯᠠᠭᠠᠨᠴᠠᠪ ᠬᠤᠲᠠ ᠠᠴᠠ ᠵᠢᠯ ᠳᠤ 500 ᠲᠦᠮᠡᠨ ᠺᠢᠯᠣᠭ᠍ᠷᠠᠮ ᠱᠣᠰᠢ ᠭᠠᠷᠳᠠᠭ᠂ ᠭᠤᠤᠯ ᠲᠥᠷᠥᠯ ᠵᠦᠶ᠋ᠯ ᠨᠢ | ᠴᠡᠪᠡᠷ ᠤᠯᠠᠭᠠᠨ ᠱᠣᠰᠢ ᠪᠠ ᠬᠤᠯᠢᠮᠠᠭ ᠱᠣᠰᠢ ᠪᠣᠯᠤᠨ᠎ᠠ᠂ ᠱᠣᠰᠢ ᠳᠤ ᠴᠠᠷᠳᠠᠭᠤᠯ ᠨᠡᠯᠢᠶᠡᠳ ᠠᠷᠪᠢᠨ᠂ ᠰᠢᠮ᠎ᠡ ᠲᠡᠵᠢᠭᠡᠯ | ᠡᠯᠪᠡᠭ᠂ ᠥᠪᠡᠷᠮᠢᠴᠡ ᠠᠩᠬᠢᠯᠤᠮ᠎ᠠ ᠦᠨᠦᠷ ᠲᠠᠢ ᠪᠠᠶᠢᠳᠠᠭ᠃ ᠱᠣᠰᠢ ᠳᠤ ᠪᠠᠰᠠ ᠵᠣᠬᠢᠬᠤ ᠬᠡᠮᠵᠢᠶᠡᠨ ᠤ ᠡᠮ ᠤᠨ | ᠦᠶ᠋ᠯᠡᠳᠦᠯ ᠲᠠᠢ᠂ ᠰᠢᠨᠵᠢ ᠴᠢᠨᠠᠷ ᠨᠢ ᠠᠮᠲᠠᠯᠢᠭ᠂ ᠪᠦᠯᠢᠶᠡᠨ ᠤ ᠳᠤᠮᠳᠠ ᠳᠣᠤᠷ᠎ᠠ ᠬᠡᠶ᠂ ᠬᠤᠳᠣᠭᠤᠳᠣ ᠭᠡᠳᠡᠰᠦᠨ ᠳᠤ | ᠲᠤᠰᠠᠲᠠᠶ ᠵᠡᠷᠭᠡ ᠦᠶ᠋ᠯᠡᠳᠦᠯ ᠲᠠᠢ᠂ ᠨᠢᠭᠡ ᠵᠦᠶ᠋ᠯ ᠤᠨ ᠰᠢᠮ᠎ᠡ ᠲᠡᠵᠢᠭᠡᠯ ᠨᠥᠬᠦᠪᠥᠷᠢᠯᠡᠬᠦ ᠡᠳ᠋ ᠪᠣᠯᠤᠨ᠎ᠠ᠃ | ᠼᠠᠨᠳᠧᠦ ᠪᠤᠷᠴᠠᠭ | ᠤᠯᠠᠭᠠᠨᠴᠠᠪ ᠬᠤᠲᠠ ᠶᠢᠨ ᠵᠢᠯ ᠳᠤ ᠼᠠᠨᠳᠧᠦ ᠪᠤᠷᠴᠠᠭ 1000 ᠭᠠᠷᠤᠶ ᠲᠦᠮᠡᠨ ᠺᠢᠯᠣᠭ᠍ᠷᠠᠮ᠂ ᠮᠢᠩᠭᠠᠨ ᠮᠥᠬᠦᠯᠢᠭ | ᠬᠦᠨᠳᠦ 800 ᠭᠷᠠᠮ ᠣᠷᠴᠢᠮ ᠭᠠᠷᠳᠠᠭ᠂ ᠡᠭᠦᠨ ᠳᠤ ᠨᠡᠯᠢᠶᠡᠳ ᠥᠨᠳᠥᠷ ᠴᠠᠷᠳᠠᠭᠤᠯ ᠪᠠ ᠰᠢᠪᠲᠦᠷᠲᠦ ᠬᠦᠴᠢᠯ | ᠠᠭᠤᠯᠤᠭᠳᠠᠵᠤ᠂ ᠹᠤᠨ᠋ᠽᠢ ᠪᠠ ᠡᠯ᠎ᠡ ᠵᠦᠶ᠋ᠯ ᠤᠨ ᠪᠤᠷᠴᠠᠭ ᠤᠨ ᠲᠥᠷᠥᠯ ᠤᠨ ᠪᠦᠲᠦᠭᠡᠭᠳᠡᠬᠦᠨ ᠤ ᠭᠤᠤᠯ ᠲᠦᠭᠦᠬᠡᠶ | ᠮᠠᠲ᠋ᠧᠷᠢᠶᠠᠯ ᠪᠣᠯᠤᠨ᠎ᠠ᠃ | ᠨᠠᠷᠢᠮᠤ ᠶᠢᠨ ᠪᠤᠳᠠᠭ᠎ᠠ | ᠤᠯᠠᠭᠠᠨᠴᠠᠪ ᠬᠤᠲᠠ ᠳᠤ ᠨᠠᠷᠢᠮᠤ ᠡᠯᠪᠡᠭ ᠭᠠᠷᠳᠠᠭ᠂ ᠵᠢᠯ ᠳᠤ 3600 ᠲᠦᠮᠡᠨ ᠺᠢᠯᠣᠭ᠍ᠷᠠᠮ ᠣᠷᠴᠢᠮ ᠭᠠᠷᠳᠠᠭ᠃ | ᠲᠡᠭᠦᠨ ᠤ ᠪᠣᠯᠪᠠᠰᠤᠷᠠᠭᠤᠯᠤᠭᠰᠠᠨ ᠨᠠᠷᠢᠮᠤ ᠪᠣᠯ ᠬᠥᠮᠦᠰ ᠤᠨ ᠬᠠᠮᠤᠭ ᠤᠨ ᠳᠤᠷᠠᠲᠠᠶ ᠢᠳᠡᠭᠡᠨ᠃ ᠨᠠᠷᠢᠮᠤ ᠶᠢᠨ ᠰᠢᠮ᠎ᠡ | ᠲᠡᠵᠢᠭᠡᠯ ᠨᠢ ᠪᠦᠷᠢᠨ ᠲᠡᠭᠦᠯᠳᠡᠷ᠂ ᠡᠯᠪᠡᠭ ᠪᠠᠶᠠᠯᠢᠭ ᠰᠢᠪᠲᠦᠷᠲᠦ ᠬᠦᠴᠢᠯ ᠠᠭᠤᠯᠵᠤ᠂ ᠪᠤᠳᠠᠭ᠎ᠠ ᠴᠢᠨᠠᠵᠤ ᠰᠢᠩᠭᠡᠨ ᠪᠤᠳᠠᠭ᠎ᠠ | ᠴᠢᠨᠠᠬᠤ ᠭᠡᠰᠡᠨ ᠥᠬᠡᠶ ᠴᠥᠮ ᠬᠥᠮᠦᠨ ᠤ ᠪᠡᠶ᠎ᠡ ᠳᠤ ᠠᠮᠠᠷᠬᠠᠨ ᠰᠢᠩᠭᠡᠭᠡᠭᠳᠡᠳᠡᠭ᠂ ᠬᠥᠩᠭᠡᠵᠢᠭᠴᠢ᠂ ᠬᠡᠤᠬᠡᠳ ᠵᠢᠴᠢ | ᠬᠥᠭᠰᠢᠨ ᠪᠠᠭᠤᠷᠠᠶ ᠡᠪᠡᠳᠴᠢᠲᠡᠨ ᠤ ᠰᠢᠮ᠎ᠡ ᠲᠡᠵᠢᠭᠡᠯ ᠰᠠᠶᠢᠲᠠᠶ ᠢᠳᠡᠭᠡᠨ ᠪᠣᠯᠬᠤᠷ ︽ᠢᠳᠡᠭᠡᠨ ᠤ ᠣᠷᠬᠤᠳᠠᠶ︾ ᠭᠡᠳᠡᠭ᠃ |