ᠲᠥᠮᠥᠰᠥ
ᠨᠡᠶᠢᠲᠡᠯᠡᠭᠰᠡᠨ ᠴᠠᠭ᠄
2022/12/10
     ᠣᠶᠢᠷ᠎ᠠ ᠶᠢᠨ ᠵᠢᠯ ᠳᠤ᠂ ᠤᠯᠠᠭᠠᠨᠴᠠᠪ ᠬᠤᠲᠠ ᠶᠢᠨ ᠲᠥᠮᠥᠰᠥ ᠳᠠᠷᠢᠬᠤ ᠲᠠᠯᠠᠪᠠᠶ 400 ᠲᠦᠮᠡᠨ ᠮᠥ ᠣᠷᠴᠢᠮ ᠪᠠᠶᠢᠵᠤ᠂ ᠪᠥᠬᠦ ᠬᠤᠲᠠ ᠶᠢᠨ ᠲᠠᠷᠢᠮᠠᠯ ᠤᠨ ᠶᠡᠷᠦᠩᠬᠡᠶ ᠳᠠᠷᠢᠬᠤ ᠲᠠᠯᠠᠪᠠᠶ ᠶᠢᠨ 50 % ᠣᠷᠴᠢᠮ ᠢ ᠡᠵᠡᠯᠡᠵᠦ᠂ ᠪᠥᠬᠦ ᠤᠯᠤᠰ ᠤᠨ ᠲᠤᠰᠬᠠᠶ ᠣᠷᠣᠨ ᠤ ᠲᠠᠰ ᠤᠨ ᠬᠤᠲᠠ ᠳᠤ ᠨᠢᠭᠡᠳᠦᠭᠡᠷ ᠲᠤ ᠣᠷᠣᠵᠤ᠂ ᠪᠥᠬᠦ ᠤᠯᠤᠰ ᠤᠨ ᠲᠥᠮᠥᠰᠥ ᠳᠠᠷᠢᠬᠤ ᠶᠡᠷᠦᠩᠬᠡᠶ ᠲᠠᠯᠠᠪᠠᠶ ᠶᠢᠨ 8 % ᠣᠷᠴᠢᠮ ᠢ ᠡᠵᠡᠯᠡᠵᠦ ᠪᠠᠶᠢᠨ᠎ᠠ᠃ ᠲᠥᠮᠥᠰᠥ ᠶᠢᠨ ᠦᠢᠯᠡᠳᠪᠦᠷᠢᠯᠡᠯ ᠤᠨ ᠵᠢᠯ ᠤᠨ ᠶᠡᠷᠦᠩᠬᠡᠶ ᠦᠢᠯᠡᠳᠬᠦᠨ ᠤ ᠥᠷᠲᠡᠭ ᠢ 20 ᠭᠠᠷᠤᠶ  ᠲᠥᠭᠦᠷᠢᠭ ᠪᠡᠶᠡᠯᠡᠭᠦᠯᠵᠦ᠂ ᠲᠠᠷᠢᠮᠠᠯ ᠤᠨ ᠦᠢᠯᠡᠰ ᠤᠨ ᠶᠡᠷᠦᠩᠬᠡᠶ ᠣᠷᠣᠯᠭ᠎ᠠ ᠶᠢᠨ 52 . 8 % ᠶᠢ ᠡᠵᠡᠯᠡᠨ᠎ᠡ᠃ ᠲᠥᠮᠥᠰᠥᠨ ᠤ ᠠᠵᠤ ᠦᠢᠯᠡᠰ ᠪᠣᠯ ᠤᠯᠠᠭᠠᠨᠴᠠᠪ ᠬᠤᠲᠠ ᠶᠢᠨ ᠨᠢᠭᠡ ᠵᠦᠶ᠋ᠯ ᠤᠨ ᠭᠤᠤᠯᠯᠠᠬᠤ ᠠᠵᠤ ᠦᠢᠯᠡᠰ ᠮᠥᠨ᠂ ᠲᠠᠷᠢᠶᠠᠴᠢᠳ ᠤᠨ ᠶᠠᠳᠠᠭᠤ ᠠᠴᠠ ᠠᠩᠭᠢᠵᠢᠷᠠᠨ ᠪᠡᠶᠡᠵᠢᠨ ᠴᠢᠨᠡᠭᠡᠯᠢᠭᠵᠢᠬᠦ ᠴᠢᠬᠤᠯᠠ ᠲᠤᠯᠭᠠᠭᠤᠷᠢ ᠠᠵᠤ ᠦᠶ᠋ᠯᠡᠰ ᠤᠨ ᠨᠢᠭᠡ ᠮᠥᠨ᠃     ᠤᠯᠠᠭᠠᠨᠴᠠᠪ ᠬᠤᠲᠠ ᠶᠢᠨ ᠬᠥᠷᠥᠰᠥᠨ ᠤ ᠣᠯᠠᠩᠬᠢ ᠨᠢ ᠡᠯᠡᠰᠦᠷᠬᠡᠭ ᠪᠠᠶᠢᠵᠤ᠂ ᠬᠥᠷᠥᠰᠥᠨ ᠤ ᠴᠢᠨᠠᠷ ᠰᠡᠶᠢᠷᠡᠭ᠂ ᠠᠭᠠᠷ ᠨᠡᠪᠲᠡᠷᠡᠬᠦ ᠴᠢᠨᠠᠷ ᠢᠶᠠᠷ ᠰᠠᠶᠢᠨ᠂ ᠲᠥᠮᠥᠰᠥᠨ ᠤ ᠡᠰᠢ ᠪᠦᠳᠦᠭᠦᠷᠡᠬᠦ ᠳᠤ ᠠᠰᠢᠭᠲᠠᠶ ᠪᠠᠶᠢᠳᠠᠭ︔ ᠨᠡᠷᠡᠨ ᠤ ᠲᠤᠰᠤᠯᠲᠠ ᠶᠢᠨ ᠴᠠᠭ ᠤᠷᠲᠤ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠲᠥᠮᠥᠰᠥ ᠶᠢᠨ ᠰᠢᠮ᠎ᠡ ᠲᠡᠵᠢᠭᠡᠯᠲᠦ ᠪᠣᠳᠠᠰ ᠤᠨ ᠠᠭᠤᠯᠤᠭᠳᠠᠴᠠ ᠶᠢᠨ ᠬᠤᠷᠠᠮᠳᠤᠯ ᠳᠤ ᠠᠰᠢᠭᠲᠠᠶ᠃ ᠣᠨᠴᠠᠭᠠᠢ ᠪᠠᠶᠢᠭᠠᠯᠢ ᠶᠢᠨ ᠨᠥᠬᠦᠴᠡᠯ ᠨᠢ ᠲᠥᠮᠥᠰᠥ ᠶᠢ ᠲᠣᠮᠣ᠂ ᠬᠠᠯᠢᠰᠤ ᠨᠢ ᠨᠢᠮᠭᠡᠨ᠂ ᠲᠠᠷᠢ ᠲᠡᠭᠰᠢ᠂ ᠬᠠᠭᠤᠷᠠᠢ ᠪᠣᠳᠠᠰ ᠤᠨ ᠠᠭᠤᠯᠤᠭᠳᠠᠴᠠ ᠥᠨᠳᠥᠷ᠂ ᠬᠠᠯᠢᠰᠤ ᠨᠢ ᠭᠥᠯᠢᠭᠡᠷ᠂ ᠪᠣᠬᠢᠷᠲᠤᠯ ᠦᠭᠡᠢ᠂ ᠳᠣᠷᠦ᠋ᠢᠳᠠᠭᠰᠠᠨ ᠨᠢ ᠬᠥᠩᠭᠡᠨ᠂ ᠡᠪᠡᠳᠴᠢᠨ ᠬᠤᠷᠣᠬᠠᠢ ᠶᠢᠨ ᠭᠠᠮᠰᠢᠭ ᠪᠠᠭ᠎ᠠ᠂ ᠲᠡᠭᠡᠭᠡᠪᠦᠷᠢᠯᠡᠬᠦ ᠳᠤ ᠳᠠᠭᠠᠭᠠᠮᠠᠭᠠᠢ᠂ ᠬᠠᠭᠤᠷᠴᠤ ᠬᠠᠭᠠᠷᠢᠬᠤ ᠳᠤ ᠠᠮᠠᠷᠬᠠᠨ᠂ ᠪᠣᠯᠪᠠᠰᠤᠷᠠᠭᠤᠯᠬᠤ ᠳᠤ ᠲᠣᠬᠢᠷᠠᠮᠵᠢᠲᠠᠢ᠂ ᠢᠳᠡᠬᠦ ᠳᠤ ᠲᠣᠬᠢᠷᠠᠮᠵᠢᠲᠠᠢ ᠵᠡᠷᠭᠡ ᠳᠠᠪᠠᠭᠤᠯᠢᠭ ᠲᠠᠯ᠎ᠠ ᠲᠠᠢ᠃ ᠴᠠᠷᠳᠠᠭᠤᠯ ᠤᠨ ᠠᠭᠤᠯᠤᠭᠳᠠᠴᠠ 15 - 24 . 25 %᠂ ᠤᠭᠤᠷᠠᠭ ᠤᠨ ᠠᠭᠤᠯᠤᠭᠳᠠᠴᠠ 1 . 18 - 2 . 44 %᠂ ᠰᠢᠬᠢᠷ ᠤᠨ ᠲᠥᠷᠥᠯ ᠤᠨ ᠠᠭᠤᠯᠤᠭᠳᠠᠴᠠ 1 . 5 % ᠣᠷᠴᠢᠮ᠂ ᠡᠷᠦᠳᠡᠰᠦ ᠶᠢᠨ ᠠᠭᠤᠯᠤᠭᠳᠠᠴᠠ 1 . 1 % ᠣᠷᠴᠢᠮ᠂ ᠴᠢᠨᠠᠷ ᠨᠢ ᠤᠯᠤᠰ ᠤᠨ ᠳᠣᠲᠣᠭᠠᠳᠤ ᠶᠢᠨ ᠠᠳᠠᠯᠢ ᠲᠥᠷᠥᠯ ᠤᠨ ᠪᠦᠲᠦᠭᠡᠭᠳᠡᠬᠦᠨ ᠠᠴᠠ ᠰᠠᠶᠢᠨ ᠪᠠᠶᠢᠳᠠᠭ᠃ ᠣᠨᠴᠠᠭᠠᠶᠢᠯᠠᠨ ᠮᠠᠨ ᠤ ᠬᠤᠲᠠ ᠶᠢᠨ ᠪᠣᠯᠪᠠᠰᠤᠷᠠᠭᠤᠯᠬᠤ ᠬᠡᠯᠪᠡᠷᠢ ᠶᠢᠨ ᠲᠥᠮᠥᠰᠥᠨ ᠳᠤ ᠠᠭᠤᠯᠤᠭᠳᠠᠬᠤ ᠴᠠᠷᠳᠠᠭᠤᠯ ᠨᠢ ᠳᠣᠤᠷ᠎ᠠ ᠤᠭᠤᠷᠠᠭ᠂ ᠳᠣᠤᠷ᠎ᠠ ᠬᠦᠴᠢᠯᠯᠢᠭ ᠴᠢᠨᠠᠷ ᠪᠠ ᠨᠡᠯᠢᠶᠡᠳ ᠰᠠᠶᠢᠨ ᠴᠠᠷᠴᠠᠬᠤ ᠶᠢ ᠡᠰᠡᠷᠭᠦᠴᠡᠬᠦ ᠴᠢᠨᠠᠷ᠂ ᠴᠠᠭᠠᠨ ᠤ ᠬᠡᠮᠵᠢᠶ᠎ᠡ᠂ ᠨᠢᠯᠲᠠᠭ ᠤᠨ ᠬᠡᠮᠵᠢᠶ᠎ᠡ᠂ ᠵᠤᠲᠠᠩᠵᠢᠭᠰᠠᠨ ᠬᠡᠮᠵᠢᠶ᠎ᠡ᠂ ᠲᠤᠩᠭᠠᠯᠠᠭ ᠤᠨ ᠬᠡᠮᠵᠢᠶ᠎ᠡ᠂ ᠶᠠᠰᠤ ᠴᠢᠨᠠᠷ ᠨᠢ ᠪᠠᠰᠠ ᠤᠯᠤᠰ ᠤᠨ ᠳᠣᠲᠣᠭᠠᠳᠤ ᠶᠢᠨ ᠠᠳᠠᠯᠢ ᠲᠥᠷᠥᠯ ᠤᠨ ᠪᠦᠲᠦᠭᠡᠭᠳᠡᠬᠦᠨ ᠠᠴᠠ ᠰᠠᠶᠢᠨ ᠪᠠᠶᠢᠳᠠᠭ᠃
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3