ᠰᠢᠬᠢᠷ ᠡᠪᠡᠰᠦ
ᠨᠡᠶᠢᠲᠡᠯᠡᠭᠰᠡᠨ ᠴᠠᠭ᠄
2022/12/10
     ᠰᠢᠬᠢᠷ ᠡᠪᠡᠰᠦ ᠶᠢᠨ ᠦᠨᠦᠷ ᠨᠢ ᠰᠢᠬᠢᠷᠯᠢᠭ ᠮᠥᠷᠲᠡᠭᠡᠨ ᠣᠨᠴᠠᠭᠠᠶ᠂ ᠦᠨᠳᠦᠰᠦ ᠨᠢ ᠪᠥᠭᠡᠷᠡᠩᠬᠡᠶ ᠪᠠᠭᠠᠨ᠎ᠠ ᠬᠡᠯᠪᠡᠷᠢᠲᠡᠶ᠂ ᠣᠷᠳᠣ ᠨᠢ 25100 cm᠂ ᠳ᠋ᠢᠶᠠᠮᠧᠲᠷ ᠨᠢ 0 . 63 . 5 cm᠃ ᠥᠩᠭᠡᠨ ᠲᠠᠯ᠎ᠠ ᠨᠢ ᠤᠯᠠᠭᠠᠨ ᠬᠦᠷᠡᠩ ᠪᠤᠶᠤ ᠪᠣᠷᠣ ᠬᠦᠷᠡᠩ ᠥᠩᠭᠡ ᠲᠠᠢ᠂ ᠢᠯᠡᠷᠬᠡᠶ ᠭᠤᠯᠳᠤ ᠠᠲᠤᠷᠢᠶ᠎ᠠ᠂ ᠬᠤᠪᠢᠯ᠂ ᠠᠷᠠᠰᠤᠨ ᠨᠦᠬᠡ ᠵᠢᠴᠢ ᠰᠡᠶᠢᠷᠡᠭ ᠨᠠᠷᠢᠨ ᠦᠨᠳᠦᠰᠦ ᠶᠢᠨ ᠣᠷᠣᠮ ᠲᠠᠢ᠃ ᠴᠢᠨᠠᠷ ᠨᠢ ᠪᠠᠲᠤ ᠪᠠᠬᠢ᠂ ᠣᠭᠲᠣᠯᠤᠭᠠᠰᠤ ᠨᠢ ᠵᠢᠭᠠᠬᠠᠨ ᠰᠢᠷᠬᠡᠭᠯᠢᠭ ᠤᠨ ᠴᠢᠨᠠᠷᠲᠠᠶ᠂ ᠰᠢᠷ᠎ᠠ ᠴᠠᠭᠠᠨ᠂ ᠨᠤᠨᠲᠠᠭ ᠤᠨ ᠴᠢᠨᠠᠷᠲᠠᠶ᠂ ᠵᠤᠯᠤᠮ᠎ᠠ ᠶᠢᠨ ᠴᠠᠭᠠᠷᠢᠭ ᠨᠢ ᠢᠯᠡᠷᠬᠡᠶ᠂ ᠰᠠᠴᠤᠷᠠᠭ ᠤᠨ ᠰᠠᠴᠤᠷᠠᠭ ᠬᠡᠯᠪᠡᠷᠢ ᠲᠠᠢ᠂ ᠵᠠᠷᠢᠮ ᠨᠢ ᠵᠠᠪᠰᠠᠷ ᠲᠠᠢ᠃ ᠦᠨᠳᠦᠰᠦᠯᠢᠭ ᠡᠰᠢ ᠶᠢᠨ ᠭᠠᠳᠠᠷᠭᠤ ᠳᠤ ᠨᠠᠬᠢᠶᠠᠨ ᠤ ᠣᠷᠣᠮ ᠲᠠᠢ᠂ ᠣᠭᠲᠣᠯᠤᠭᠠᠰᠤ ᠶᠢᠨ ᠳᠤᠮᠳᠠ ᠬᠡᠰᠡᠭ ᠲᠤ ᠴᠢᠮᠥᠭᠡ ᠲᠠᠢ᠃ ᠭᠤᠣᠯᠳᠠᠭᠤ ᠬᠠᠯᠠᠭᠤᠨ ᠢ ᠠᠷᠢᠯᠭᠠᠵᠤ ᠬᠤᠣᠷ ᠢ ᠲᠠᠶᠢᠯᠬᠤ᠂ ᠴᠡᠷ ᠢ ᠠᠷᠢᠯᠭᠠᠵᠤ ᠬᠠᠨᠢᠶᠠᠳᠤ ᠶᠢ ᠵᠣᠭᠰᠣᠭᠠᠬᠤ᠂ ᠬᠡᠪᠡᠯᠢ ᠶᠢ ᠴᠢᠮᠬᠢᠬᠦ ᠵᠡᠷᠭᠡ ᠶᠢ ᠵᠠᠰᠠᠨ᠎ᠠ᠃ ᠰᠢᠬᠢᠷ ᠡᠪᠡᠰᠦ ᠨᠢ ︽ᠤᠯᠤᠰ ᠤᠨ ᠡᠮ ᠤᠨ ᠦᠨᠳᠦᠰᠦ︾ ᠬᠡᠮᠡᠭᠳᠡᠵᠦ᠂ ︽ᠠᠷᠪᠠᠨ ᠵᠦᠭ ᠶᠢᠰᠦᠨ ᠡᠪᠡᠰᠦ︾ ᠭᠡᠰᠡᠨ ᠰᠠᠶᠢᠬᠠᠨ ᠠᠯᠳᠠᠷᠲᠠᠶ᠂ ᠦᠨᠳᠦᠰᠦ ᠪᠠ ᠦᠨᠳᠦᠰᠦᠯᠢᠭ ᠡᠰᠢ ᠨᠢ ᠡᠮ ᠳᠤ ᠬᠠᠩᠭᠠᠵᠤ᠂ ᠶᠡᠷᠦ ᠠᠴᠠ ᠶᠡᠭᠡ ᠬᠡᠮᠵᠢᠶ᠎ᠡ ᠪᠠᠷ ᠡᠮᠴᠢᠯᠡᠭᠡᠨ ᠤ ᠨᠠᠶᠢᠷᠠᠯᠭ᠎ᠠ ᠳᠤ ᠬᠡᠷᠡᠭᠯᠡᠵᠦ ᠪᠠᠶᠢᠬᠤ ᠶᠢᠨ ᠬᠠᠮᠲᠤ᠂ ᠰᠢᠬᠢᠷ ᠡᠪᠡᠰᠦ ᠠᠴᠠ ᠭᠠᠷᠭᠠᠨ ᠠᠪᠤᠭᠰᠠᠨ ᠪᠣᠳᠠᠰ ᠨᠢ ᠥᠷᠭᠡᠨ ᠬᠡᠪᠴᠢᠶᠡᠨ ᠤ ᠠᠵᠤ ᠦᠶ᠋ᠯᠡᠳᠪᠦᠷᠢ᠂ ᠬᠢᠮᠢ ᠶᠢᠨ ᠠᠵᠤ ᠦᠶ᠋ᠯᠡᠳᠪᠦᠷᠢ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠭᠳᠡᠵᠦ ᠪᠠᠶᠢᠬᠤ ᠪᠥᠭᠡᠳ ᠶᠡᠭᠡ ᠬᠡᠮᠵᠢᠶ᠎ᠡ ᠪᠠᠷ ᠭᠠᠳᠠᠭᠠᠳᠤ ᠳᠤ ᠭᠠᠷᠭᠠᠵᠤ ᠪᠠᠶᠢᠨ᠎ᠠ᠃ ᠰᠢᠬᠢᠷ ᠡᠪᠡᠰᠦ ᠣᠯᠠᠩᠬᠢ ᠳᠠᠭᠠᠨ ᠭᠠᠩ ᠬᠠᠭᠤᠷᠠᠶ᠂ ᠬᠠᠭᠠᠰ ᠭᠠᠩ ᠬᠠᠭᠤᠷᠠᠶ ᠴᠦᠯᠯᠡᠷᠭᠡᠭ ᠨᠤᠲᠤᠭ ᠪᠡᠯᠴᠢᠭᠡᠷ᠂ ᠡᠯᠡᠰᠦᠨ ᠴᠥᠯ ᠤᠨ ᠬᠥᠪᠡᠭᠡ ᠵᠠᠬ᠎ᠠ ᠪᠠ ᠰᠢᠷ᠎ᠠ ᠬᠥᠷᠥᠰᠥᠲᠦ ᠳᠣᠪᠣᠷᠬᠠᠭ ᠭᠠᠵᠠᠷ ᠲᠤ ᠤᠷᠭᠤᠳᠠᠭ᠂ ᠤᠯᠠᠭᠠᠨᠴᠠᠪ ᠬᠤᠲᠠ ᠶᠢᠨ ᠥᠪᠡᠷᠮᠢᠴᠡ ᠠᠭᠤᠷ ᠠᠮᠢᠰᠬᠤᠯ ᠪᠠ ᠬᠥᠷᠥᠰᠥ ᠰᠢᠷᠣᠶ ᠶᠢᠨ ᠡᠬᠢ ᠪᠠᠶᠠᠯᠢᠭ ᠤᠨ ᠳᠠᠪᠠᠭᠤᠯᠢᠭ ᠠᠴᠠ ᠪᠣᠯᠵᠣ᠂ ᠰᠢᠬᠢᠷ ᠡᠪᠡᠰᠦ ᠳᠠᠷᠢᠬᠤ ᠶᠢ ᠬᠥᠭᠵᠢᠭᠦᠯᠬᠦ ᠳᠤ ᠮᠠᠰᠢ ᠲᠣᠬᠢᠷᠠᠮᠵᠢᠲᠠᠶ ᠪᠠᠶᠢᠵᠤ᠂ ᠣᠶᠢᠷ᠎ᠠ ᠶᠢᠨ ᠵᠢᠯ ᠳᠤ ᠲᠣᠰ ᠠᠵᠤ ᠦᠶ᠋ᠯᠡᠰ ᠲᠦᠷᠭᠡᠨ ᠬᠥᠭᠵᠢᠪᠡ᠃
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3