︽ᠰᠢᠩ ᠾᠧ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠢ ᠬᠠᠭᠤᠳᠠᠰᠤ ︵2022 ᠣᠨ︶︾᠎ ᠶᠢ ᠨᠡᠶᠢᠲᠡᠯᠡᠬᠦ ᠲᠤᠬᠠᠢ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/12/13
     ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠬᠤᠷᠢᠶ᠎ᠠ ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ 20222 ᠳ᠋ᠤᠭᠠᠷ ᠲᠣᠭᠠᠲᠤ︶᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠪᠥᠬᠦ ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ᠤᠨ ᠮᠡᠳᠡᠭᠳᠡᠯ︾ ︵ᠥᠪᠥᠷ ᠲᠤᠰᠢᠶᠠᠯ ᠰᠢᠯᠵᠢᠭᠦᠯᠦᠨ ᠲᠠᠷᠬᠠᠭᠠᠬᠤ 20223 ᠳ᠋ᠤᠭᠠᠷ ᠲᠣᠭᠠᠲᠤ︶ ᠪᠣᠯᠤᠨ ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ  ᠵᠦᠢᠯᠡᠰ ᠤᠨ ᠨᠠᠷᠢᠨ ᠬᠠᠭᠤᠳᠠᠰᠤ ︵2022 ᠣᠨ ᠤ ᠬᠡᠪᠯᠡᠯ︶᠎ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ 202219 ᠳ᠋ᠦᠭᠡᠷ ᠲᠣᠭᠠᠲᠤ︶᠎ ᠤᠨ ᠱᠠᠭᠠᠷᠳᠠᠯᠭ᠎ᠠ᠂ ᠮᠠᠨ ᠤ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠵᠠᠭᠠᠭ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶ ᠪᠣᠯᠭᠠᠨ᠎ᠠ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠢ ᠵᠢᠷᠤᠮᠵᠢᠭᠤᠯᠤᠨ᠎ᠠ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ ᠭᠤᠤᠯᠴᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃ ᠤᠯᠠᠭᠠᠨᠴᠠᠪ ᠬᠤᠲᠠ ᠶᠢᠨ ᠬᠤᠶᠠᠳᠤᠭᠠᠷ ᠳᠡᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ᠶᠢ ᠦᠨᠳᠦᠰᠦᠯᠡᠨ᠂ ᠰᠢᠶᠠᠨ ᠤ ᠵᠠᠰᠠᠭ ᠤᠨ ᠣᠷᠳᠣᠨ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠡᠮᠬᠢᠯᠡᠨ ᠨᠤᠲᠠᠯᠠᠵᠤ᠂ ︽ᠰᠢᠩ ᠾᠧ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ︵2022 ᠣᠨ ᠤ ᠬᠡᠪᠯᠡᠯ︶︾᠎ ᠶᠢ ᠨᠠᠶᠢᠷᠠᠭᠤᠯᠤᠨ ᠵᠣᠬᠢᠶᠠᠪᠠ᠂ ᠣᠲᠣ ᠨᠠᠷᠢᠨ ᠲᠠᠩᠰᠠ ᠶᠢ ᠲᠠᠨᠠᠷ ᠲᠤ ᠳᠠᠷᠤᠮᠠᠯᠯᠠᠨ ᠲᠠᠷᠬᠠᠭᠠᠬᠤ ᠶᠢᠨ ᠬᠠᠮᠲᠤ ᠳᠤᠤᠷᠠᠬᠢ ᠮᠡᠲᠦ ᠱᠠᠭᠠᠷᠳᠠᠯᠭ᠎ᠠ ᠶᠢ ᠳᠤᠷᠠᠳᠪᠠ᠂ ᠬᠠᠮᠲᠤ ᠳᠤᠨᠢ ᠲᠤᠭᠤᠰᠢᠯᠠᠭᠤᠯᠤᠨ ᠬᠡᠷᠡᠭᠵᠢᠭᠦᠯᠲᠦᠭᠡᠶ᠃      ᠨᠢᠭᠡ᠂ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯ ᠤᠨ ᠨᠠᠷᠢᠨ ᠬᠠᠭᠤᠳᠠᠰᠤ ᠶᠢ ᠬᠡᠷᠡᠭᠵᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯ ᠤᠨ ᠨᠠᠷᠢᠨ ᠬᠠᠭᠤᠳᠠᠰᠤ ᠶᠢ ᠴᠢᠩᠭ᠎ᠠ ᠭᠦᠢᠴᠡᠳᠬᠡᠨ᠂ ᠨᠠᠷᠢᠨ ᠬᠠᠭᠤᠳᠠᠰᠤ ᠠᠴᠠ ᠪᠤᠰᠤᠳ ᠵᠠᠰᠠᠭ ᠵᠠᠬᠢᠷᠭᠠᠨ ᠤ ᠵᠥᠪᠰᠢᠶᠡᠷᠡᠯ ᠢ ᠬᠠᠤᠯᠢ ᠠᠴᠠ ᠵᠥᠷᠢᠴᠡᠨ ᠬᠡᠷᠡᠭᠵᠢᠭᠦᠯᠵᠦ ᠪᠣᠯᠬᠤ ᠦᠭᠡᠶ᠃      ᠬᠤᠶᠠᠷ᠂ ᠰᠢᠶᠠᠨ ᠤ ᠱᠠᠲᠤᠨ ᠤ ᠡᠯ᠎ᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠰᠢᠰᠲ᠋ᠧᠮ ᠤᠨ ᠢᠶᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠲᠣᠭᠤᠷᠢᠭ᠂ ᠬᠤᠲᠠ ᠶᠢᠨ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠵᠣᠯᠭᠠᠭᠤᠯᠵᠤ᠂ ᠨᠢᠭᠡᠳᠦᠯᠲᠡᠶ ᠪᠠᠷᠢᠮᠵᠢᠶᠠᠵᠢᠭᠰᠠᠨ᠂ ᠵᠢᠷᠤᠮᠵᠢᠭᠰᠠᠨ᠂ ᠳᠥᠭᠦᠮᠴᠢᠯᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠵᠢᠷᠤᠮᠵᠢᠯ ᠢ ᠪᠠᠶᠢᠭᠤᠯᠬᠤ ᠬᠡᠷᠡᠭᠲᠡᠶ᠃      ᠭᠤᠷᠪᠠ᠂ ᠡᠯ᠎ᠡ ᠬᠤᠯᠪᠣᠭᠳᠠᠯ ᠪᠦᠬᠦᠢ ᠨᠢᠭᠡᠴᠢ ᠲᠤᠰ ᠭᠠᠵᠠᠷ ᠣᠷᠣᠨ ᠤ ᠪᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠢ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠲᠣᠭᠲᠠᠭᠠᠯᠭᠠᠭᠰᠠᠨ ᠤ ᠲᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠢ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3