ᠸᠠᠩ ᠬᠤᠢ ᠢᠦᠶ ᠪᠥᠬᠦ ᠰᠢᠶᠠᠨ ᠤ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/12/13
     12 ᠰᠠᠷ᠎ᠠ ᠶᠢᠨ 12᠎ ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠶ ᠢᠦᠶ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠳᠤ ᠭᠦᠨᠵᠡᠭᠡᠶᠢᠷᠡᠨ᠂ ᠪᠥᠬᠦ ᠰᠢᠶᠠᠨ ᠤ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ ᠶᠠᠷᠢᠯᠴᠠᠪᠠ᠃
     ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠡ ᠪᠣᠯᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠡ ᠳᠤ᠂ ᠸᠠᠩ ᠬᠤᠢ ᠢᠦᠢ ᠬᠤᠶᠠᠷ ᠡᠮᠨᠡᠯᠭᠡ ᠶᠢᠨ ᠬᠤᠷᠢᠶᠠᠨ ᠤ ᠬᠠᠯᠠᠭᠤᠷᠠᠵᠤ ᠪᠠᠶᠢᠭ᠎ᠠ ᠡᠪᠡᠳᠴᠢᠲᠡᠨ ᠤ ᠦᠷᠦᠭᠡ᠂ ᠡᠪᠡᠳᠴᠢᠨ ᠢ ᠨᠠᠮᠳᠠᠭᠤᠯᠬᠤ ᠪᠠ ᠲᠤᠰᠠᠭᠠᠷᠯᠠᠬᠤ ᠣᠷᠣᠨ ᠤ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠮᠨᠡᠯᠭᠡ ᠶᠢᠨ ᠬᠤᠷᠢᠶᠠᠨ ᠤ ᠠᠵᠢᠯᠯᠠᠭᠠᠨ ᠤ ᠬᠠᠮᠢᠶᠠᠷᠤᠯᠲᠠ᠂ ᠬᠠᠯᠠᠭᠤᠷᠠᠵᠤ ᠪᠠᠶᠢᠭ᠎ᠠ ᠡᠪᠡᠳᠴᠢᠲᠡᠨ ᠤ ᠦᠷᠦᠭᠡ ᠶᠢᠨ ᠣᠷᠣ᠂ ᠡᠮᠴᠢᠯᠡᠭᠡᠨ ᠤ ᠲᠥᠬᠦᠭᠡᠷᠦᠮᠵᠢ ᠪᠣᠯᠤᠨ ᠣᠨᠣᠰᠢᠯᠠᠨ ᠡᠮᠨᠡᠬᠦ ᠴᠢᠳᠠᠪᠤᠷᠢ ᠶᠢᠨ ᠨᠥᠭᠡᠴᠡᠯᠡᠯ᠂ ᠡᠪᠡᠳᠴᠢᠲᠡᠨ ᠢ ᠡᠮᠨᠡᠨ ᠵᠠᠰᠠᠵᠤ ᠣᠨᠣᠰᠢᠯᠠᠨ ᠡᠮᠨᠡᠬᠦ ᠴᠢᠳᠠᠪᠤᠷᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
<< < 1 2 > >>  
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3