ᠮᠠᠨ ᠤ ᠰᠢᠶᠠᠨ 2022 ᠣᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2022/12/13
     ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠰᠢ ᠶᠢᠨ ᠫᠢᠩ ᠤ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠮᠠᠨ ᠤ ᠰᠢᠶᠠᠨ ᠤ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠦᠷᠦᠯ ᠤᠨ ᠲᠠᠭᠠᠭᠤᠯᠤᠭᠴᠢ ᠶᠢ ᠬᠥᠮᠦᠵᠢᠭᠦᠯᠬᠦ ᠶᠢᠨ ᠲᠥᠯᠥᠭᠡ᠂ 12 ᠰᠠᠷ᠎ᠠ ᠶᠢᠨ 2᠎ ᠤᠨ ᠡᠳᠦᠷ ᠠᠴᠠ 12 ᠰᠠᠷ᠎ᠠ ᠶᠢᠨ 11᠎ ᠤ ᠡᠳᠦᠷ ᠪᠣᠯᠲᠠᠯ᠎ᠠ᠂ ᠰᠢᠶᠠᠨ ᠤ ᠮᠠᠯ ᠠᠵᠤ ᠠᠬᠤᠢ ᠲᠠᠷᠢᠶᠠᠯᠠᠩ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ  ᠲᠤᠪᠴᠢᠶ᠎ᠡ ᠦᠷᠭᠦᠯᠵᠢᠯᠡᠨ ᠰᠢᠩ ᠡᡁᠧ ᠰᠢᠶᠠᠨ ᠤ 2022 ᠳᠡᠰ ᠤᠨ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭᠠᠨ ᠤ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠠᠩᠬᠢ ᠶᠢ ᠡᠷᠬᠢᠯᠡᠪᠡ᠃
     ᠪᠣᠯᠪᠠᠰᠤᠷᠠᠯ ᠤᠨ ᠠᠩᠬᠢ ︽2022 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾᠂ ᠬᠥᠳᠡᠭᠡ ᠲᠣᠰᠬᠤᠨ ᠤ ᠬᠠᠤᠯᠢ ᠲᠣᠭᠲᠠᠭᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠨᠢᠭᠡᠳᠦᠭᠡᠷ ᠬᠢᠴᠢᠶᠡᠯ ᠢ ᠤᠯᠠᠮᠵᠢᠯᠠᠨ ᠰᠤᠷᠤᠯᠴᠠᠪᠠ᠃ ᠥᠪᠥᠷ ᠮᠣᠩᠭᠤᠯ ᠤᠨ ᠰᠢᠷ᠎ᠠ ᠪᠤᠷᠴᠠᠭ ᠤᠨ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠳᠠᠷᠢᠬᠤ ᠮᠡᠷᠭᠡᠵᠢᠯ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠬᠢᠭᠡᠳ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾᠂ ᠢᠳᠡᠰᠢᠨ ᠨᠣᠭᠤᠭ᠎ᠠ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠂ ᠮᠠᠯ ᠲᠡᠵᠢᠭᠡᠪᠦᠷᠢ ᠶᠢᠨ ᠮᠡᠷᠭᠡᠵᠢᠯ ᠵᠡᠷᠭᠡ ᠶᠢᠨ ᠲᠣᠭᠤᠷᠢᠨ ᠳᠤ ᠭᠤᠤᠯᠳᠠᠯᠭ᠎ᠠ ᠲᠠᠢ ᠵᠢᠭᠠᠨ ᠰᠤᠷᠭᠠᠯᠲᠠ ᠬᠢᠬᠦ ᠶᠢᠨ ᠬᠠᠮᠲᠤ ᠣᠯᠠᠨ ᠵᠦᠢᠯ ᠤᠨ ᠬᠡᠯᠪᠡᠷᠢ ᠶᠢᠨ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠪᠣᠯᠪᠠᠰᠤᠷᠠᠭᠤᠯᠤᠯ ᠢ ᠥᠷᠨᠢᠭᠦᠯᠪᠡ᠃      ᠪᠣᠯᠪᠠᠰᠤᠷᠠᠯ ᠤᠨ ᠠᠩᠭᠢ ᠪᠦᠬᠦ ᠰᠢᠶᠠᠨ ᠤ 122 ᠬᠥᠮᠦᠨ ᠢ ᠤᠷᠢᠵᠤ ᠰᠦᠯᠵᠢᠶᠡᠨ ᠳᠡᠭᠡᠷᠡᠬᠢ ᠪᠣᠯᠪᠠᠰᠤᠷᠠᠯ ᠳᠤ ᠣᠷᠣᠯᠴᠠᠭᠤᠯᠵᠤ᠂ ᠪᠣᠯᠪᠠᠰᠤᠷᠠᠯ ᠢᠶᠠᠷ ᠳᠠᠮᠵᠢᠨ ᠰᠤᠷᠤᠭᠴᠢᠳ ᠤᠨ ᠲᠤᠰ ᠪᠡᠶ᠎ᠡ ᠶᠢᠨ ᠬᠡᠪ ᠴᠢᠨᠠᠷ ᠢ ᠳᠡᠭᠡᠭᠰᠢᠯᠡᠭᠦᠯᠬᠦ ᠶᠢᠨ ᠬᠠᠮᠲᠤ᠂ ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠪᠣᠯᠤᠨ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠲᠡᠭᠦᠯᠳᠡᠷ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3