ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠵᠥᠪᠯᠡᠯ᠂ | ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠡᠭᠦᠨ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠶ᠋ᠯᠡᠰ ᠤᠨ ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠲᠥᠷᠥ ᠶᠢᠨ | ᠶᠠᠪᠤᠳᠠᠯ ᠤᠨ ︵ᠲᠥᠷᠥ ᠠᠯᠪᠠᠨ ᠲᠠᠷᠬᠠᠭᠠᠭᠰᠠᠨ ︹ 2022 ︺ 2 ᠳ᠋ᠤᠭᠠᠷ ᠲᠣᠭᠠᠲᠤ︶᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ | ︿ᠪᠠᠭᠤᠯᠭᠠᠬᠤ ᠬᠠᠮᠢᠶᠠᠷᠬᠤ ᠦᠶ᠋ᠯᠡᠴᠢᠯᠡᠬᠦ﹀ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ | ᠬᠡᠷ ᠤᠨ ᠪᠥᠬᠦ ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ | ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠲᠤᠰᠢᠶᠠᠯ ᠰᠢᠯᠵᠢᠭᠦᠯᠬᠦ ᠠᠯᠪᠠᠨ | ᠲᠠᠷᠬᠠᠭᠠᠭᠰᠠᠨ ︹ 2022 ︺ 3 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠭᠤᠷᠪᠠᠨ | ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2022 ᠣᠨ ᠤ ᠬᠡᠪᠯᠡᠯ︶ | ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2022 ︺ 19 ᠳ᠋ᠦᠭᠡᠷ ᠲᠣᠭᠠᠲᠤ︶ | ᠤᠨ ᠱᠠᠭᠠᠷᠳᠠᠯᠭ᠎ᠠ᠂ ᠮᠠᠨ ᠤ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠵᠠᠭᠠᠭ ᠬᠢᠵᠠᠭᠠᠷ ᠢ | ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠢ | ᠵᠢᠷᠤᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ ᠭᠤᠤᠯᠴᠢ ᠥᠨᠳᠥᠷ ᠪᠦᠲᠦᠮᠵᠢᠲᠡᠶ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃ ᠤᠯᠠᠭᠠᠨᠴᠠᠪ | ᠬᠤᠲᠠ ᠶᠢᠨ ᠬᠤᠶᠠᠳᠤᠭᠠᠷ ᠳᠡᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ᠶᠢ | ᠦᠨᠳᠦᠰᠦᠯᠡᠨ᠂ ᠰᠢᠶᠠᠨ ᠤ ᠵᠠᠰᠠᠭ ᠤᠨ ᠣᠷᠳᠣᠨ ᠠᠴᠠ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠢ ᠡᠮᠬᠢᠯᠡᠨ ᠨᠤᠲᠠᠯᠠᠵᠤ᠂ ︽ᠰᠢᠩ ᠾᠧ ᠰᠢᠶᠠᠨ ᠤ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ︵2022 ᠣᠨ ᠤ ᠬᠡᠪᠯᠡᠯ︶︾ ᠶᠢ ᠨᠠᠶᠢᠷᠠᠭᠤᠯᠤᠨ ᠵᠣᠬᠢᠶᠠᠵᠤ᠂ | ᠨᠠᠷᠢᠨ ᠲᠠᠩᠰᠠ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠬᠤ ᠶᠢᠨ ᠬᠠᠮᠲᠤ ᠳᠣᠤᠷᠠᠬᠢ ᠮᠡᠲᠦ ᠱᠠᠭᠠᠷᠳᠠᠯᠭ᠎ᠠ ᠶᠢ | ᠳᠤᠷᠠᠳᠪᠠ᠂ ᠬᠠᠮᠲᠤ ᠳᠤᠨᠢ ᠲᠤᠤᠱᠯᠠᠭᠤᠯᠤᠨ ᠬᠡᠷᠡᠭᠵᠢᠭᠦᠯᠲᠦᠭᠡᠶ᠃ | ᠨᠢᠭᠡ᠂ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ | ᠬᠠᠭᠤᠳᠠᠰᠤ ᠶᠢ ᠬᠡᠷᠡᠭᠵᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠶ᠋ᠯᠡᠰ ᠤᠨ ᠨᠠᠷᠢᠨ ᠬᠠᠭᠤᠳᠠᠰᠤ ᠶᠢ ᠴᠢᠩᠭ᠎ᠠ ᠭᠦᠢᠴᠡᠳᠭᠡᠵᠦ᠂ ᠨᠠᠷᠢᠨ ᠬᠠᠭᠤᠳᠠᠰᠤ ᠠᠴᠠ ᠭᠠᠳᠠᠨ᠎ᠠ ᠵᠠᠰᠠᠭ | ᠵᠠᠬᠢᠷᠭᠠᠨ ᠤ ᠵᠥᠪᠰᠢᠶᠡᠷᠡᠯ ᠢ ᠬᠠᠤᠯᠢ ᠠᠴᠠ ᠵᠥᠷᠢᠴᠡᠨ ᠬᠡᠷᠡᠭᠵᠢᠭᠦᠯᠵᠦ ᠪᠣᠯᠬᠤ ᠥᠬᠡᠶ᠃ | ᠬᠤᠶᠠᠷ᠂ ᠰᠢᠶᠠᠨ ᠤ ᠱᠠᠲᠤᠨ ᠤ ᠡᠯ᠎ᠡ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠳ ᠲᠣᠰ | ᠰᠢᠰᠲ᠋ᠧᠮ ᠤᠨ ᠢᠶᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢᠨ | ᠠᠵᠢᠯ ᠢ ᠦᠨᠡᠨ ᠬᠦ ᠰᠠᠶᠢᠲᠤᠷ ᠬᠢᠵᠦ᠂ ᠲᠣᠭᠤᠷᠢᠭ᠂ ᠬᠤᠲᠠ ᠶᠢᠨ ᠱᠠᠲᠤᠨ ᠤ ᠡᠷᠭᠢᠯᠡᠨ ᠬᠠᠮᠢᠶᠠᠷᠬᠤ ᠰᠠᠯᠠᠭ᠎ᠠ | ᠮᠥᠴᠢᠷ ᠲᠠᠢ ᠢᠳᠡᠪᠬᠢᠲᠡᠶ ᠪᠠᠷ ᠵᠣᠯᠭᠠᠭᠤᠯᠤᠨ᠂ ᠨᠢᠭᠡᠳᠦᠯᠲᠡᠶ ᠪᠠᠷᠢᠮᠵᠢᠶᠠᠵᠢᠭᠰᠠᠨ᠂ ᠵᠢᠷᠤᠮᠵᠢᠭᠰᠠᠨ᠂ | ᠳᠥᠭᠦᠮᠴᠢᠯᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠵᠢᠷᠤᠮᠵᠢᠯ ᠢ ᠪᠠᠶᠢᠭᠤᠯᠬᠤ ᠬᠡᠷᠡᠭᠲᠡᠶ᠃ | ᠭᠤᠷᠪᠠ᠂ ᠡᠯ᠎ᠡ ᠬᠤᠯᠪᠣᠭᠳᠠᠯ ᠪᠦᠬᠦᠢ ᠨᠢᠭᠡᠴᠢ ᠨᠦᠭᠦᠳ ᠲᠤᠰ ᠭᠠᠵᠠᠷ ᠣᠷᠣᠨ ᠤ ᠪᠠᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠲᠣᠳᠣᠷᠬᠠᠶ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠰᠢᠶᠠᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠲᠣᠭᠲᠠᠭᠠᠯᠭᠠᠭᠰᠠᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠶ᠃ | 2022 ᠣᠨ ᠤ 12 ᠰᠠᠷ᠎ᠠ ᠶᠢᠨ 7 ᠤ ᠡᠳᠦᠷ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |