ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠬᠤᠷᠢᠶ᠎ᠠ | ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠪᠥᠬᠦ | ᠲᠠᠯ᠎ᠠ ᠪᠠᠷ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ | ᠲᠥᠷᠥ ᠠᠯᠪᠠᠨ ᠲᠠᠷᠬᠠᠭᠠᠭᠰᠠᠨ 20222 ᠳ᠋ᠤᠭᠠᠷ ᠲᠣᠭᠠᠲᠤ︶ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠲᠤᠰᠠᠳᠠ᠂ ︽ᠪᠥᠬᠦ ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ | ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ | ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ᠤᠨ ᠮᠡᠳᠡᠭᠳᠡᠯ︾ ︵ᠥᠪᠥᠷ ᠲᠤᠰᠢᠶᠠᠯ | ᠰᠢᠯᠵᠢᠭᠦᠯᠦᠨ ᠲᠠᠷᠬᠠᠭᠠᠬᠤ 20223 ᠳ᠋ᠤᠭᠠᠷ ᠲᠣᠭᠠᠲᠤ︶ ᠪᠣᠯᠤᠨ ︽ᠥᠪᠡᠷᠲᠡᠭᠡᠨ ᠵᠠᠰᠠᠬᠤ ᠣᠷᠣᠨ ᠤ ᠭᠤᠷᠪᠠᠨ | ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2022 ᠣᠨ ᠤ ᠬᠡᠪᠯᠡᠯ︶ | ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ 202219 ᠳ᠋ᠦᠭᠡᠷ ᠲᠣᠭᠠᠲᠤ︶ ᠤᠨ | ᠱᠠᠭᠠᠷᠳᠠᠯᠭ᠎ᠠ᠂ ᠮᠠᠨ ᠤ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠵᠠᠭᠠᠭ ᠬᠢᠵᠠᠭᠠᠷ ᠢ ᠤᠯᠠᠮ | ᠨᠢᠭᠡ ᠠᠯᠬᠤᠮ ᠲᠣᠳᠣᠷᠬᠠᠶ ᠪᠣᠯᠭᠠᠨ᠎ᠠ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠢ ᠵᠢᠷᠤᠮᠵᠢᠭᠤᠯᠤᠨ᠎ᠠ᠂ | ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ ᠭᠤᠤᠯᠴᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃ ᠤᠯᠠᠭᠠᠨᠴᠠᠪ ᠬᠤᠲᠠ ᠶᠢᠨ ᠬᠤᠶᠠᠳᠤᠭᠠᠷ | ᠳᠡᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ᠶᠢ ᠦᠨᠳᠦᠰᠦᠯᠡᠨ᠂ ᠰᠢᠶᠠᠨ ᠤ | ᠵᠠᠰᠠᠭ ᠤᠨ ᠣᠷᠳᠣᠨ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠡᠮᠬᠢᠯᠡᠨ | ᠨᠤᠲᠠᠯᠠᠵᠤ᠂ ︽ᠰᠢᠩ ᠾᠧ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ︵ | 2022 ᠣᠨ ᠤ ᠬᠡᠪᠯᠡᠯ︶︾ ᠶᠢ ᠨᠠᠶᠢᠷᠠᠭᠤᠯᠤᠨ ᠵᠣᠬᠢᠶᠠᠪᠠ᠂ ᠣᠲᠣ ᠨᠠᠷᠢᠨ ᠲᠠᠩᠰᠠ ᠶᠢ ᠲᠠᠨᠠᠷ ᠲᠤ ᠳᠠᠷᠤᠮᠠᠯᠯᠠᠨ | ᠲᠠᠷᠬᠠᠭᠠᠬᠤ ᠶᠢᠨ ᠬᠠᠮᠲᠤ ᠳᠤᠤᠷᠠᠬᠢ ᠮᠡᠲᠦ ᠱᠠᠭᠠᠷᠳᠠᠯᠭ᠎ᠠ ᠶᠢ ᠳᠤᠷᠠᠳᠪᠠ᠂ ᠬᠠᠮᠲᠤ ᠳᠤᠨᠢ ᠲᠤᠭᠤᠰᠢᠯᠠᠭᠤᠯᠤᠨ | ᠬᠡᠷᠡᠭᠵᠢᠭᠦᠯᠲᠦᠭᠡᠶ᠃ | ᠨᠢᠭᠡ᠂ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯ ᠤᠨ ᠨᠠᠷᠢᠨ | ᠬᠠᠭᠤᠳᠠᠰᠤ ᠶᠢ ᠬᠡᠷᠡᠭᠵᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯ ᠤᠨ ᠨᠠᠷᠢᠨ ᠬᠠᠭᠤᠳᠠᠰᠤ ᠶᠢ ᠴᠢᠩᠭ᠎ᠠ ᠭᠦᠢᠴᠡᠳᠬᠡᠨ᠂ ᠨᠠᠷᠢᠨ ᠬᠠᠭᠤᠳᠠᠰᠤ ᠠᠴᠠ ᠪᠤᠰᠤᠳ ᠵᠠᠰᠠᠭ ᠵᠠᠬᠢᠷᠭᠠᠨ ᠤ | ᠵᠥᠪᠰᠢᠶᠡᠷᠡᠯ ᠢ ᠬᠠᠤᠯᠢ ᠠᠴᠠ ᠵᠥᠷᠢᠴᠡᠨ ᠬᠡᠷᠡᠭᠵᠢᠭᠦᠯᠵᠦ ᠪᠣᠯᠬᠤ ᠦᠭᠡᠶ᠃ | ᠬᠤᠶᠠᠷ᠂ ᠰᠢᠶᠠᠨ ᠤ ᠱᠠᠲᠤᠨ ᠤ ᠡᠯ᠎ᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ | ᠰᠢᠰᠲ᠋ᠧᠮ ᠤᠨ ᠢᠶᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ | ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠲᠣᠭᠤᠷᠢᠭ᠂ ᠬᠤᠲᠠ ᠶᠢᠨ ᠱᠠᠲᠤᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠵᠣᠯᠭᠠᠭᠤᠯᠵᠤ᠂ ᠨᠢᠭᠡᠳᠦᠯᠲᠡᠶ ᠪᠠᠷᠢᠮᠵᠢᠶᠠᠵᠢᠭᠰᠠᠨ᠂ | ᠵᠢᠷᠤᠮᠵᠢᠭᠰᠠᠨ᠂ ᠳᠥᠭᠦᠮᠴᠢᠯᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠵᠢᠷᠤᠮᠵᠢᠯ ᠢ ᠪᠠᠶᠢᠭᠤᠯᠬᠤ | ᠬᠡᠷᠡᠭᠲᠡᠶ᠃ | ᠭᠤᠷᠪᠠ᠂ ᠡᠯ᠎ᠡ ᠬᠤᠯᠪᠣᠭᠳᠠᠯ ᠪᠦᠬᠦᠢ ᠨᠢᠭᠡᠴᠢ ᠲᠤᠰ ᠭᠠᠵᠠᠷ ᠣᠷᠣᠨ ᠤ ᠪᠠᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠲᠣᠳᠣᠷᠬᠠᠢ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠰᠢᠶᠠᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠲᠣᠭᠲᠠᠭᠠᠯᠭᠠᠭᠰᠠᠨ ᠤ ᠲᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠢ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |