12 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠶ ᠢᠦᠶ ᠰᠢᠶᠠᠨ ᠤ | ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠳᠤ ᠭᠦᠨᠵᠡᠭᠡᠶᠢᠷᠡᠨ᠂ ᠪᠥᠬᠦ | ᠰᠢᠶᠠᠨ ᠤ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ | ᠰᠤᠳᠤᠯᠤᠯᠲᠠ ᠬᠢᠭᠰᠡᠨ ᠪᠥᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ ᠶᠠᠷᠢᠯᠴᠠᠪᠠ᠃ | | | ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠡ ᠪᠣᠯᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠡ ᠳᠤ᠂ | ᠸᠠᠩ ᠬᠤᠢ ᠢᠦᠢ ᠬᠤᠶᠠᠷ ᠡᠮᠨᠡᠯᠭᠡ ᠶᠢᠨ ᠬᠤᠷᠢᠶᠠᠨ ᠤ ᠬᠠᠯᠠᠭᠤᠷᠠᠵᠤ ᠪᠠᠶᠢᠭ᠎ᠠ ᠡᠪᠡᠳᠴᠢᠲᠡᠨ ᠤ ᠦᠷᠦᠭᠡ᠂ | ᠡᠪᠡᠳᠴᠢᠨ ᠢ ᠨᠠᠮᠳᠠᠭᠤᠯᠬᠤ ᠪᠠ ᠲᠤᠰᠠᠭᠠᠷᠯᠠᠬᠤ ᠣᠷᠣᠨ ᠤ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠵᠦ᠂ ᠡᠮᠨᠡᠯᠭᠡ ᠶᠢᠨ ᠬᠤᠷᠢᠶᠠᠨ ᠤ ᠠᠵᠢᠯᠯᠠᠭᠠᠨ ᠤ ᠬᠠᠮᠢᠶᠠᠷᠤᠯᠲᠠ᠂ ᠬᠠᠯᠠᠭᠤᠷᠠᠵᠤ | ᠪᠠᠶᠢᠭ᠎ᠠ ᠡᠪᠡᠳᠴᠢᠲᠡᠨ ᠤ ᠦᠷᠦᠭᠡ ᠶᠢᠨ ᠣᠷᠣ᠂ ᠡᠮᠴᠢᠯᠡᠭᠡᠨ ᠤ ᠲᠥᠬᠦᠭᠡᠷᠦᠮᠵᠢ ᠪᠣᠯᠤᠨ ᠣᠨᠣᠰᠢᠯᠠᠨ ᠡᠮᠨᠡᠬᠦ | ᠴᠢᠳᠠᠪᠤᠷᠢ ᠶᠢᠨ ᠨᠥᠭᠡᠴᠡᠯᠡᠯ᠂ ᠡᠪᠡᠳᠴᠢᠲᠡᠨ ᠢ ᠡᠮᠨᠡᠨ ᠵᠠᠰᠠᠵᠤ ᠣᠨᠣᠰᠢᠯᠠᠨ ᠡᠮᠨᠡᠬᠦ ᠴᠢᠳᠠᠪᠤᠷᠢ ᠵᠡᠷᠭᠡ ᠪᠠᠶᠢᠳᠠᠯ ᠢ | ᠨᠠᠷᠢᠨ ᠣᠶᠢᠯᠠᠭᠠᠪᠠ᠃ | | | |