︽ᠰᠢᠩ ᠾᠧ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶ᠋ᠯᠡᠰ ᠤᠨ ᠲᠣᠳᠣᠷᠬᠠᠶ ᠬᠠᠭᠤᠳᠠᠰᠤ ︵2022 ᠣᠨ︶︾ ᠶᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/12/13
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ᠡᠭᠦᠨ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶ᠋ᠯᠡᠰ ᠤᠨ ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ︵ᠲᠥᠷᠥ ᠠᠯᠪᠠᠨ ᠲᠠᠷᠬᠠᠭᠠᠭᠰᠠᠨ ︹ 2022 ︺ 2 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︿ᠪᠠᠭᠤᠯᠭᠠᠬᠤ ᠬᠠᠮᠢᠶᠠᠷᠬᠤ ᠦᠶ᠋ᠯᠡᠴᠢᠯᠡᠬᠦ﹀ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ᠤᠨ ᠪᠥᠬᠦ ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠲᠤᠰᠢᠶᠠᠯ ᠰᠢᠯᠵᠢᠭᠦᠯᠬᠦ ᠠᠯᠪᠠᠨ ᠲᠠᠷᠬᠠᠭᠠᠭᠰᠠᠨ ︹ 2022 ︺ 3 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2022 ᠣᠨ ᠤ ᠬᠡᠪᠯᠡᠯ︶ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2022 ︺ 19 ᠳ᠋ᠦᠭᠡᠷ ᠲᠣᠭᠠᠲᠤ︶ ᠤᠨ ᠱᠠᠭᠠᠷᠳᠠᠯᠭ᠎ᠠ᠂ ᠮᠠᠨ ᠤ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠵᠠᠭᠠᠭ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠢ ᠵᠢᠷᠤᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ ᠭᠤᠤᠯᠴᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃ ᠤᠯᠠᠭᠠᠨᠴᠠᠪ ᠬᠤᠲᠠ ᠶᠢᠨ ᠬᠤᠶᠠᠳᠤᠭᠠᠷ ᠳᠡᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ᠶᠢ ᠦᠨᠳᠦᠰᠦᠯᠡᠨ᠂ ᠰᠢᠶᠠᠨ ᠤ ᠵᠠᠰᠠᠭ ᠤᠨ ᠣᠷᠳᠣᠨ ᠠᠴᠠ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠡᠮᠬᠢᠯᠡᠨ ᠨᠤᠲᠠᠯᠠᠵᠤ᠂ ︽ᠰᠢᠩ ᠾᠧ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ︵2022 ᠣᠨ ᠤ ᠬᠡᠪᠯᠡᠯ︶︾ ᠶᠢ ᠨᠠᠶᠢᠷᠠᠭᠤᠯᠤᠨ ᠵᠣᠬᠢᠶᠠᠵᠤ᠂ ᠨᠠᠷᠢᠨ ᠲᠠᠩᠰᠠ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠬᠤ ᠶᠢᠨ ᠬᠠᠮᠲᠤ ᠳᠣᠤᠷᠠᠬᠢ ᠮᠡᠲᠦ ᠱᠠᠭᠠᠷᠳᠠᠯᠭ᠎ᠠ ᠶᠢ ᠳᠤᠷᠠᠳᠪᠠ᠂ ᠬᠠᠮᠲᠤ ᠳᠤᠨᠢ ᠲᠤᠤᠱᠯᠠᠭᠤᠯᠤᠨ ᠬᠡᠷᠡᠭᠵᠢᠭᠦᠯᠲᠦᠭᠡᠶ᠃      ᠨᠢᠭᠡ᠂ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠬᠡᠷᠡᠭᠵᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶ᠋ᠯᠡᠰ ᠤᠨ ᠨᠠᠷᠢᠨ ᠬᠠᠭᠤᠳᠠᠰᠤ ᠶᠢ ᠴᠢᠩᠭ᠎ᠠ ᠭᠦᠢᠴᠡᠳᠭᠡᠵᠦ᠂ ᠨᠠᠷᠢᠨ ᠬᠠᠭᠤᠳᠠᠰᠤ ᠠᠴᠠ ᠭᠠᠳᠠᠨ᠎ᠠ ᠵᠠᠰᠠᠭ ᠵᠠᠬᠢᠷᠭᠠᠨ ᠤ ᠵᠥᠪᠰᠢᠶᠡᠷᠡᠯ ᠢ ᠬᠠᠤᠯᠢ ᠠᠴᠠ ᠵᠥᠷᠢᠴᠡᠨ ᠬᠡᠷᠡᠭᠵᠢᠭᠦᠯᠵᠦ ᠪᠣᠯᠬᠤ ᠥᠬᠡᠶ᠃      ᠬᠤᠶᠠᠷ᠂ ᠰᠢᠶᠠᠨ ᠤ ᠱᠠᠲᠤᠨ ᠤ ᠡᠯ᠎ᠡ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠰᠢᠰᠲ᠋ᠧᠮ ᠤᠨ ᠢᠶᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠲᠣᠭᠤᠷᠢᠭ᠂ ᠬᠤᠲᠠ ᠶᠢᠨ ᠱᠠᠲᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠵᠣᠯᠭᠠᠭᠤᠯᠤᠨ᠂ ᠨᠢᠭᠡᠳᠦᠯᠲᠡᠶ ᠪᠠᠷᠢᠮᠵᠢᠶᠠᠵᠢᠭᠰᠠᠨ᠂ ᠵᠢᠷᠤᠮᠵᠢᠭᠰᠠᠨ᠂ ᠳᠥᠭᠦᠮᠴᠢᠯᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠵᠢᠷᠤᠮᠵᠢᠯ ᠢ ᠪᠠᠶᠢᠭᠤᠯᠬᠤ ᠬᠡᠷᠡᠭᠲᠡᠶ᠃      ᠭᠤᠷᠪᠠ᠂ ᠡᠯ᠎ᠡ ᠬᠤᠯᠪᠣᠭᠳᠠᠯ ᠪᠦᠬᠦᠢ ᠨᠢᠭᠡᠴᠢ ᠨᠦᠭᠦᠳ ᠲᠤᠰ ᠭᠠᠵᠠᠷ ᠣᠷᠣᠨ ᠤ ᠪᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠶ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠲᠣᠭᠲᠠᠭᠠᠯᠭᠠᠭᠰᠠᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠶ᠃                                      2022 ᠣᠨ ᠤ 12 ᠰᠠᠷ᠎ᠠ ᠶᠢᠨ 7 ᠤ ᠡᠳᠦᠷ                                                                       ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3