ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ | ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠡᠭᠦᠨ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠶ᠋ᠯᠡᠰ ᠤᠨ ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠲᠥᠷᠥ ᠶᠢᠨ | ᠶᠠᠪᠤᠳᠠᠯ ᠤᠨ ︵ᠲᠥᠷᠥ ᠠᠯᠪᠠᠨ ᠲᠠᠷᠬᠠᠭᠠᠭᠰᠠᠨ ︹ 2022 ︺ 2 ᠳ᠋ᠤᠭᠠᠷ ᠲᠣᠭᠠᠲᠤ︶᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︿ᠪᠠᠭᠤᠯᠭᠠᠬᠤ | ᠬᠠᠮᠢᠶᠠᠷᠬᠤ ᠦᠶ᠋ᠯᠡᠴᠢᠯᠡᠬᠦ﹀ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ᠤᠨ ᠪᠥᠬᠦ ᠣᠷᠣᠨ ᠤ | ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ | ᠲᠤᠬᠠᠶ ᠮᠡᠳᠡᠭᠳᠡᠯ︾ ︵ᠥᠪᠥᠷ ᠲᠤᠰᠢᠶᠠᠯ ᠰᠢᠯᠵᠢᠭᠦᠯᠬᠦ ᠠᠯᠪᠠᠨ ᠲᠠᠷᠬᠠᠭᠠᠭᠰᠠᠨ ︹ 2022 ︺ 3 ᠳ᠋ᠤᠭᠠᠷ ᠲᠣᠭᠠᠲᠤ︶ | ᠪᠠ ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ | ᠬᠠᠭᠤᠳᠠᠰᠤ ︵2022 ᠣᠨ ᠤ ᠬᠡᠪᠯᠡᠯ︶ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2022 ︺ | 19 ᠳ᠋ᠦᠭᠡᠷ ᠲᠣᠭᠠᠲᠤ︶ ᠤᠨ ᠱᠠᠭᠠᠷᠳᠠᠯᠭ᠎ᠠ᠂ ᠮᠠᠨ ᠤ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠵᠠᠭᠠᠭ | ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠢ | ᠵᠢᠷᠤᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ ᠭᠤᠤᠯᠴᠢ ᠥᠨᠳᠥᠷ ᠪᠦᠲᠦᠮᠵᠢᠲᠡᠶ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃ ᠤᠯᠠᠭᠠᠨᠴᠠᠪ ᠬᠤᠲᠠ ᠶᠢᠨ | ᠬᠤᠶᠠᠳᠤᠭᠠᠷ ᠳᠡᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ᠶᠢ ᠦᠨᠳᠦᠰᠦᠯᠡᠨ᠂ ᠰᠢᠶᠠᠨ ᠤ | ᠵᠠᠰᠠᠭ ᠤᠨ ᠣᠷᠳᠣᠨ ᠠᠴᠠ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠡᠮᠬᠢᠯᠡᠨ | ᠨᠤᠲᠠᠯᠠᠵᠤ᠂ ︽ᠰᠢᠩ ᠾᠧ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ︵2022 | ᠣᠨ ᠤ ᠬᠡᠪᠯᠡᠯ︶︾ ᠶᠢ ᠨᠠᠶᠢᠷᠠᠭᠤᠯᠤᠨ ᠵᠣᠬᠢᠶᠠᠵᠤ᠂ ᠨᠠᠷᠢᠨ ᠲᠠᠩᠰᠠ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠬᠤ ᠶᠢᠨ | ᠬᠠᠮᠲᠤ ᠳᠣᠤᠷᠠᠬᠢ ᠮᠡᠲᠦ ᠱᠠᠭᠠᠷᠳᠠᠯᠭ᠎ᠠ ᠶᠢ ᠳᠤᠷᠠᠳᠪᠠ᠂ ᠬᠠᠮᠲᠤ ᠳᠤᠨᠢ ᠲᠤᠤᠱᠯᠠᠭᠤᠯᠤᠨ ᠬᠡᠷᠡᠭᠵᠢᠭᠦᠯᠲᠦᠭᠡᠶ᠃ | ᠨᠢᠭᠡ᠂ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ | ᠬᠡᠷᠡᠭᠵᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶ᠋ᠯᠡᠰ ᠤᠨ ᠨᠠᠷᠢᠨ | ᠬᠠᠭᠤᠳᠠᠰᠤ ᠶᠢ ᠴᠢᠩᠭ᠎ᠠ ᠭᠦᠢᠴᠡᠳᠭᠡᠵᠦ᠂ ᠨᠠᠷᠢᠨ ᠬᠠᠭᠤᠳᠠᠰᠤ ᠠᠴᠠ ᠭᠠᠳᠠᠨ᠎ᠠ ᠵᠠᠰᠠᠭ ᠵᠠᠬᠢᠷᠭᠠᠨ ᠤ ᠵᠥᠪᠰᠢᠶᠡᠷᠡᠯ ᠢ | ᠬᠠᠤᠯᠢ ᠠᠴᠠ ᠵᠥᠷᠢᠴᠡᠨ ᠬᠡᠷᠡᠭᠵᠢᠭᠦᠯᠵᠦ ᠪᠣᠯᠬᠤ ᠥᠬᠡᠶ᠃ | ᠬᠤᠶᠠᠷ᠂ ᠰᠢᠶᠠᠨ ᠤ ᠱᠠᠲᠤᠨ ᠤ ᠡᠯ᠎ᠡ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠰᠢᠰᠲ᠋ᠧᠮ ᠤᠨ ᠢᠶᠠᠨ | ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠠᠵᠢᠯ ᠢ ᠦᠨᠡᠨ ᠬᠦ | ᠰᠠᠶᠢᠲᠤᠷ ᠬᠢᠵᠦ᠂ ᠲᠣᠭᠤᠷᠢᠭ᠂ ᠬᠤᠲᠠ ᠶᠢᠨ ᠱᠠᠲᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ ᠪᠠᠷ | ᠵᠣᠯᠭᠠᠭᠤᠯᠤᠨ᠂ ᠨᠢᠭᠡᠳᠦᠯᠲᠡᠶ ᠪᠠᠷᠢᠮᠵᠢᠶᠠᠵᠢᠭᠰᠠᠨ᠂ ᠵᠢᠷᠤᠮᠵᠢᠭᠰᠠᠨ᠂ ᠳᠥᠭᠦᠮᠴᠢᠯᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠢ | ᠬᠡᠷᠡᠭᠵᠢᠭᠦᠯᠬᠦ ᠵᠢᠷᠤᠮᠵᠢᠯ ᠢ ᠪᠠᠶᠢᠭᠤᠯᠬᠤ ᠬᠡᠷᠡᠭᠲᠡᠶ᠃ | ᠭᠤᠷᠪᠠ᠂ ᠡᠯ᠎ᠡ ᠬᠤᠯᠪᠣᠭᠳᠠᠯ ᠪᠦᠬᠦᠢ ᠨᠢᠭᠡᠴᠢ ᠨᠦᠭᠦᠳ ᠲᠤᠰ ᠭᠠᠵᠠᠷ ᠣᠷᠣᠨ ᠤ ᠪᠠᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠲᠣᠳᠣᠷᠬᠠᠶ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠰᠢᠶᠠᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠦᠨ ᠬᠢᠨᠠᠨ ᠲᠣᠭᠲᠠᠭᠠᠯᠭᠠᠭᠰᠠᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠶ᠃ | 2022 ᠣᠨ ᠤ 12 ᠰᠠᠷ᠎ᠠ ᠶᠢᠨ 7 ᠤ ᠡᠳᠦᠷ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |