ᠥᠨᠥᠳᠥᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ | ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦᠬᠤᠷᠠᠯ ᠡᠷᠬᠡ ᠰᠦᠷᠲᠦ ᠬᠠᠷᠢᠭᠤᠯᠲᠠ | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 12 | ᠳ᠋ᠤᠭᠠᠷ ᠰᠠᠷ᠎ᠠ ᠶᠢᠨ 15 ᠤ ᠡᠳᠦᠷ ᠤᠨᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ | ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ ᠪᠠᠲᠤᠯᠠᠭ᠎ᠠ ᠶᠢᠨ ᠬᠤᠯᠪᠣᠭᠳᠠᠯᠪᠦ᠋ᠬᠦᠢ ᠪᠠᠶᠢᠳᠠᠯ ᠢ ᠲᠠᠨᠢᠯᠴᠠᠭᠤᠯᠵᠠᠢ᠂ | ᠬᠠᠮᠲᠤ ᠪᠠᠷ ᠦᠵᠡᠵᠡᠭᠡᠶ᠎ᠡ︕ᠬᠢᠵᠢᠭ ᠢ ᠰᠡᠷᠭᠡᠶᠢᠯᠡᠬᠦ ᠭᠤᠣᠯᠳᠠᠯᠭ᠎ᠠ ᠨᠢ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠵᠦ | ᠪᠠᠶᠢᠭᠰᠠᠨ ᠠᠴᠠ ᠠᠪᠤᠷᠠᠨ ᠵᠠᠰᠠᠬᠤ ᠠᠵᠢᠯ ᠲᠡᠶᠢᠰᠢ ᠰᠢᠯᠵᠢᠪᠡᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠭᠤᠣᠯᠳᠠᠯᠭ᠎ᠠ ᠨᠢ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠴᠠ ᠡᠮᠨᠡᠯᠭᠡ ᠵᠢᠨᠠᠪᠤᠷᠠᠨ ᠵᠠᠰᠠᠯᠲᠠ ᠲᠡᠶᠢᠰᠢ | ᠰᠢᠯᠵᠢᠵᠦ ᠪᠠᠶᠢᠨ᠎ᠠ᠃ ᠨᠡᠶᠢᠭᠡᠮ ᠲᠣᠭᠤᠷᠢᠭ᠂ ᠬᠥᠳᠡᠭᠡ ᠲᠣᠰᠬᠤᠨ ᠪᠣᠯ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤᠬᠠᠮᠤᠭ ᠤᠨ ᠡᠴᠦᠰ ᠤᠨ ᠨᠢᠭᠡ ᠺᠢᠯᠣᠮᠧᠳ᠋ᠷ ᠪᠣᠯᠣᠨ᠎ᠠ᠂ ᠭᠡᠷ ᠪᠦᠯᠢ ᠶᠢᠨ ᠡᠮᠴᠢ᠂ ᠬᠥᠳᠡᠭᠡ ᠲᠣᠰᠬᠤᠨ ᠤ | ᠡᠮᠴᠢ ᠪᠣᠯ ᠤᠯᠠᠨ ᠲᠦᠮᠡᠨ ᠤ ᠡᠷᠡᠭᠦᠯ ᠮᠡᠨᠳᠤ ᠶᠢᠨ ᠮᠠᠨᠠᠭᠠᠴᠢᠮᠥ᠋ᠨ᠃ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠨᠤᠭᠤᠳ ᠬᠠᠯᠳᠠᠪᠤᠷᠢᠯᠠᠭᠰᠠᠳ ᠢ ᠲᠠᠰ ᠲᠥᠷᠥᠯ ᠬᠤᠪᠢᠶᠠᠨ ᠭᠥᠯᠢᠶᠡᠨ ᠠᠪᠴᠤᠡᠮᠨᠡᠨ ᠵᠠᠰᠠᠬᠤ | ᠂ ᠲᠦᠭᠰᠢᠭᠦᠷᠢᠲᠦ ᠬᠥᠮᠥᠰ ᠤᠨ ᠡᠷᠡᠭᠦᠯ ᠮᠡᠨᠳᠦ ᠶᠢ ᠬᠢᠨᠠᠨ ᠰᠢᠨᠵᠢᠯᠡᠵᠦ ᠬᠠᠮᠢᠶᠠᠷᠬᠤ᠂ ᠨᠠᠰᠤᠲᠠᠶᠢᠴᠤᠳ ᠪᠠ ᠬᠡᠦᠬᠡᠳ ᠵᠡᠷᠭᠡ | ᠭᠤᠣᠯᠳᠠᠯᠭ᠎ᠠ ᠲᠠᠢᠬᠥ᠋ᠮᠥᠰ ᠤᠨ ᠡᠮ ᠡᠮᠨᠡᠯᠭᠡ ᠶᠢᠨ ᠦᠢᠯᠡᠴᠢᠯᠡᠭᠡᠨ ᠤ ᠪᠠᠲᠤᠯᠠᠭ᠎ᠠ ᠶᠢ ᠠᠬᠢᠭᠤᠯᠬᠤ ᠳᠤ ᠴᠢᠬᠤᠯᠠ | ᠦᠢᠯᠡᠳᠦᠯ ᠢᠶᠠᠨ ᠪᠠᠳᠠᠷᠠᠭᠤᠯᠬᠤ ᠪᠣᠯᠣᠨ᠎ᠠ᠃ ᠬᠢᠵᠢᠭ ᠤᠨ ᠪᠠᠶᠢᠳᠠᠯ᠂ᠡᠪᠡᠳᠴᠢᠨ ᠤ ᠪᠠᠶᠢᠳᠠᠯ ᠤᠨ ᠬᠦᠨᠳᠦ ᠬᠥᠩᠭᠡᠨ ᠠᠯᠭᠤᠷ | ᠪᠠᠴᠢᠮ ᠤᠨ ᠬᠡᠮᠵᠢᠶ᠎ᠡ ᠵᠡᠷᠭᠡ ᠶᠢ ᠦᠨᠳᠦᠰᠦᠯᠡᠨ ᠡᠮ ᠡᠮᠨᠡᠯᠭᠡ ᠶᠢᠨ ᠡᠬᠢ ᠪᠠᠶᠠᠯᠢᠭ ᠢ ᠵᠦᠢ ᠵᠣᠬᠢᠰᠲᠠᠢ ᠪᠠᠷᠬᠤᠪᠢᠶᠠᠷᠢᠯᠠᠵᠤ᠂ | ᠦᠢᠯᠡᠴᠢᠯᠡᠭᠡᠨ ᠤ ᠦᠷ᠎ᠡ ᠪᠦᠲᠦᠮᠵᠢ ᠪᠠ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ︔ | ᠭᠤᠣᠯᠳᠠᠯᠭ᠎ᠠ ᠲᠠᠢ ᠬᠥᠮᠥᠰ ᠤᠨᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠪᠠ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠵᠤ᠂ ᠴᠠᠭ ᠲᠤᠬᠠᠢ ᠳᠤ ᠨᠢ ᠯᠠᠪᠯᠠᠭ᠎ᠠ ᠵᠢᠯᠣᠭᠤᠳᠤᠯᠭ᠎ᠠ ᠬᠠᠩᠭᠠᠬᠤᠬᠡᠷᠡᠭᠲᠡᠢ︔ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠶᠢᠨ | ᠲᠣᠬᠢᠷᠠᠭᠤᠯᠤᠯᠲᠠ ᠵᠢᠴᠢᠩᠭᠠᠳᠬᠠᠵᠤ᠂ ᠦᠨᠳᠦᠰᠦᠨ ᠱᠠᠲᠤᠨ ᠤ ᠠᠩᠬᠠᠨ ᠤ ᠣᠨᠣᠰᠢᠯᠠᠯᠲᠠ ᠶᠢᠨ ᠨᠢᠭᠡᠳᠦᠭᠡᠷ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ᠃ | ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠷᠠᠯᠲᠠ | ᠡᠭᠦᠨ ᠳᠤ ᠭᠤᠣᠯᠳᠠᠭᠤ ᠥᠩᠭᠡᠷᠡᠭᠰᠡᠨ ᠤ ᠡᠷᠲᠡ ᠢᠯᠡᠷᠡᠭᠦᠯᠬᠦ᠂ ᠡᠷᠲᠡ ᠲᠤᠰᠠᠭᠠᠷᠯᠠᠬᠤ ᠪᠠ ᠬᠠᠯᠳᠠᠪᠤᠷᠢᠯᠠᠯ ᠢ | ᠭᠤᠣᠯᠳᠠᠯᠭ᠎ᠠ ᠲᠠᠢ ᠰᠡᠷᠭᠡᠶᠢᠯᠡᠵᠦ ᠪᠠᠶᠢᠭᠰᠠᠨ ᠡᠴᠠᠲ᠋ᠦ᠋ᠷᠦᠯ ᠳᠡᠰ ᠬᠤᠪᠢᠶᠠᠨ ᠡᠷᠡᠭᠦᠯ ᠮᠡᠨᠳᠦ ᠶᠢᠨ ᠦᠢᠯᠡᠴᠢᠯᠡᠭᠡ ᠪᠣᠯᠣᠨ ᠡᠮ | ᠡᠮᠨᠡᠯᠭᠡ ᠶᠢᠨ ᠠᠪᠤᠷᠠᠨ ᠵᠠᠰᠠᠯᠲᠠ ᠶᠢ ᠬᠡᠷᠡᠭᠵᠢᠭᠦᠯᠬᠦ ᠲᠡᠶᠢᠰᠢ ᠬᠤᠪᠢᠷᠠᠭᠤᠯᠤᠨ᠎ᠠ᠃ | ᠨᠢᠭᠡ ᠳᠤ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ ᠬᠡᠷᠡᠭᠲᠡᠢ᠃ ᠭᠤᠣᠯᠳᠠᠯᠭ᠎ᠠ ᠲᠠᠢ ᠬᠥᠮᠥᠰ ᠤᠨ ᠰᠠᠭᠤᠷᠢ | ᠲᠤᠭ᠎ᠠ ᠶᠢ ᠲᠣᠳᠣᠷᠬᠠᠢ ᠣᠶᠢᠯᠠᠭᠠᠵᠤ᠂ᠨᠡᠶᠢᠭᠡᠮ ᠲᠣᠭᠤᠷᠢᠭ ︵ᠲᠣᠰᠬᠤᠨ︶ ᠪᠣᠯᠣᠨ ᠦᠨᠳᠦᠰᠦᠨ ᠱᠠᠲᠤᠨ ᠤ ᠡᠮᠨᠡᠯᠭᠡ ᠶᠢᠨ | ᠠᠵᠢᠯᠲᠠᠳ ᠣᠯᠠᠨ ᠵᠦᠢᠯ ᠤᠨ ᠠᠷᠭ᠎ᠠ ᠵᠠᠮ ᠢᠶᠠᠷ ᠳᠡᠮᠵᠢᠨ᠂ ᠰᠠᠭᠤᠷᠢᠡᠪᠡᠳᠴᠢᠨ ᠳᠠᠪᠬᠤᠴᠠᠭᠰᠠᠨ ᠨᠠᠰᠤᠲᠠᠶᠢᠴᠤᠳ ᠤᠨ | ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ ᠬᠡᠷᠡᠭᠲᠡᠢ᠃ ᠡᠭᠦᠨ ᠤ ᠬᠠᠮᠲᠤ᠂ ᠵᠢᠷᠮᠦᠰᠦᠨ ᠬᠥᠩᠭᠡᠵᠢᠭᠰᠡᠨᠡᠬᠡᠴᠦᠳ᠂ | ᠬᠡᠦᠬᠡᠳ ᠵᠡᠷᠭᠡ ᠬᠥᠮᠥᠰ ᠤᠨ ᠬᠠᠮᠢᠶᠠᠷᠤᠯᠲᠠ ᠦᠢᠯᠡᠴᠢᠯᠡᠭᠡ ᠶᠢ ᠥᠩᠭᠡᠷᠡᠭᠰᠡᠨ ᠳᠤ ᠨᠢᠭᠡᠨᠲᠡ ᠨᠠᠶᠢᠳᠠᠪᠤᠷᠢᠵᠢᠭᠤᠯᠤᠭᠰᠠᠨ | ᠤᠴᠢᠷ ᠠᠴᠠ ᠣᠲᠣ ᠵᠢᠨᠭᠤᠣᠯᠳᠠᠯᠭ᠎ᠠ ᠲᠠᠢ ᠦᠢᠯᠡᠴᠢᠯᠡᠬᠦ ᠡᠲᠡᠭᠡᠳ ᠪᠣᠯ ᠨᠠᠰᠤᠲᠠᠶᠢᠴᠤᠳ ᠪᠣᠯᠣᠨ᠎ᠠ᠂ ᠣᠨᠴᠠᠭᠠᠶᠢᠯᠠᠨ | ᠤᠷᠢᠳ ᠢᠶᠠᠷ ᠰᠠᠭᠤᠷᠢ ᠡᠪᠡᠳᠴᠢᠨ ᠳᠠᠪᠬᠤᠴᠠᠭᠰᠠᠨ ᠬᠥᠮᠥᠰ ᠤᠨᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ ᠬᠡᠷᠡᠭᠲᠡᠢ᠃ | ᠬᠤᠶᠠᠷ ᠲᠤ᠂ ᠲᠦᠷᠦᠯ ᠬᠤᠪᠢᠶᠠᠬᠤ ᠬᠡᠷᠡᠭᠲᠡᠢ᠃ ᠪᠠᠶᠢᠳᠠᠯ ᠢ ᠣᠶᠢᠯᠠᠭᠠᠨ ᠳᠠᠩᠰᠠᠯᠠᠭᠰᠠᠨ ᠭᠤᠣᠯᠳᠠᠯᠭ᠎ᠠ ᠲᠠᠢ | ᠬᠥᠮᠥᠰ ᠲᠤ ᠲᠥᠷᠥᠯ ᠪᠠ ᠲᠠᠰ ᠬᠤᠪᠢᠶᠠᠨᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ ︵ᠭᠤᠣᠯᠳᠠᠯᠭ᠎ᠠ ᠲᠠᠢ ᠬᠥᠮᠥᠰ᠂ | ᠳᠡᠳ᠋ ᠭᠤᠣᠯᠳᠠᠯᠭ᠎ᠠ ᠲᠠᠢ ᠬᠥᠮᠥᠰ ᠪᠠ ᠡᠩ ᠤᠨ ᠬᠥᠮᠥᠰ︶᠃ ᠲᠥᠷᠥᠯᠠᠩᠭᠢᠯᠠᠯ ᠤᠨ ᠠᠳᠠᠯᠢ ᠪᠤᠰᠤ ᠶᠢ ᠦᠨᠳᠦᠰᠦᠯᠡᠨ᠂ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠪᠠᠷ ᠳᠠᠮᠵᠢᠭᠤᠯᠤᠨ᠂ ᠣᠯᠠᠨ ᠵᠦᠢᠯ ᠤᠨ ᠠᠷᠭ᠎ᠠ ᠮᠠᠶ᠋ᠢᠭ ᠤᠨᠡᠷᠡᠭᠦᠯ | ᠮᠡᠨᠳᠦ ᠶᠢᠨ ᠵᠢᠯᠣᠭᠤᠳᠤᠯᠭ᠎ᠠ᠂ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ᠂ ᠮᠥᠷᠳᠡᠨ ᠰᠤᠷᠪᠤᠯᠵᠢᠯᠠᠬᠤ ᠶᠢ ᠬᠠᠩᠭᠠᠵᠤ᠂ | ᠥᠳᠥᠭᠡᠭᠴᠢ ᠶᠢᠨ ᠪᠠᠶᠢᠴᠠᠭᠠᠯᠲᠠᠬᠢᠬᠦ ᠶᠢ ᠵᠢᠯᠤᠭᠤᠳᠴᠤ᠂ ᠡᠪᠡᠳᠴᠢᠨ ᠳᠤ ᠨᠢ ᠲᠠᠭᠠᠷᠠᠭᠤᠯᠵᠤ ᠡᠮ ᠬᠡᠷᠡᠭᠯᠡᠬᠦ ᠲᠠᠯ᠎ᠠ ᠪᠠᠷ | ᠵᠢᠯᠣᠭᠤᠳᠤᠯᠭ᠎ᠠ ᠬᠢᠬᠦ ᠳᠤᠩ ᠭᠤᠣᠯᠳᠠᠯᠭ᠎ᠠ ᠨᠢ ᠳᠠᠷᠤᠢ ᠲᠡᠳᠡᠨ ᠳ᠋ᠤ᠋ᠡᠮᠴᠢᠯᠡᠭᠡᠨ ᠤ ᠲᠠᠯ᠎ᠠ ᠶᠢᠨ ᠦᠢᠯᠡᠴᠢᠯᠡᠭᠡ ᠬᠠᠩᠭᠠᠨ᠎ᠠ᠃ | ᠭᠤᠷᠪᠠ ᠳᠤ᠂ ᠱᠠᠲᠤ ᠬᠤᠪᠢᠶᠠᠨ ᠠᠪᠤᠷᠠᠨ ᠵᠠᠰᠠᠬᠤ ᠶᠢ ᠨᠠᠶᠢᠳᠠᠪᠤᠷᠢᠵᠢᠭᠤᠯᠬᠤ ᠬᠡᠷᠡᠭᠲᠡᠢ᠃ ᠨᠥᠬᠦᠴᠡᠯ ᠡᠭᠦᠳᠴᠦ | ᠪᠠᠶᠢᠭᠠᠳ ᠰᠢᠶᠠᠩ ᠪᠠᠯᠭᠠᠰᠤᠨ ᠤ ᠡᠷᠡᠭᠦᠯᠬᠠᠮᠠᠭᠠᠯᠠᠯ ᠤᠨ ᠬᠤᠷᠢᠶ᠎ᠠ ᠪᠣᠯᠣᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠲᠤ ᠬᠠᠯᠠᠭᠤᠷᠠᠯ ᠤᠨ ᠡᠮᠴᠢᠯᠡᠭᠡᠨ ᠤ ᠲᠠᠰᠤᠭ ᠭᠠᠷᠭᠠᠵᠤ᠂ᠨᠡᠭᠡᠭᠡᠬᠦ ᠶᠣᠰᠣᠲᠠᠢ ᠨᠢ ᠠᠯᠢ | ᠴᠢᠳᠠᠬᠤ ᠪᠠᠷ ᠨᠡᠭᠡᠭᠡᠬᠦ ᠬᠡᠷᠡᠭᠲᠡᠢ᠃ ᠠᠩᠬᠠᠨ ᠤ ᠣᠨᠣᠰᠢᠯᠠᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ | ᠠᠭᠤᠰᠬᠢᠨᠦᠷᠪᠢᠰᠦᠯ ᠤᠨ ᠡᠪᠡᠳᠴᠢᠨ ᠤ ᠢᠯᠡᠷᠡᠯ ᠲᠠᠢ ᠡᠪᠡᠳᠴᠢᠲᠡᠨ ᠳᠤ ᠣᠨᠣᠰᠢᠯᠠᠨ ᠡᠮᠨᠡᠬᠦ ᠪᠠ ᠡᠮ ᠬᠡᠷᠡᠭᠯᠡᠬᠦ | ᠦᠢᠯᠡᠴᠢᠯᠡᠭᠡ ᠬᠠᠩᠭᠠᠬᠤ ᠬᠡᠷᠡᠭᠲᠡᠢ᠃ ᠨᠡᠶᠢᠭᠡᠮ ᠲᠣᠭᠤᠷᠢᠭ︵ᠲᠣᠰᠬᠤᠨ︶ ᠵᠢᠴᠢ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠨᠤᠭᠤᠳ ᠳᠠᠶᠢᠴᠢᠯᠠᠯᠲᠠ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠡᠷᠡᠭᠦᠯ ᠮᠡᠨᠳᠦ ᠵᠢᠨᠬᠥ᠋ᠮᠦᠵᠢᠯ᠂ | ᠡᠪᠡᠳᠴᠢᠨ ᠦᠵᠡᠭᠦᠯᠬᠦ᠂ ᠡᠮ ᠬᠤᠳᠠᠯᠳᠤᠨ ᠠᠪᠴᠤ ᠡᠮ ᠬᠦᠷᠭᠡᠬᠦ ᠵᠡᠷᠭᠡ ᠦᠢᠯᠡᠴᠢᠯᠡᠭᠡᠨ ᠤ ᠪᠠᠲᠤᠯᠠᠭ᠎ᠠ ᠳᠤ ᠬᠠᠮᠵᠢᠯᠴᠠᠬᠤ | ᠬᠡᠷᠡᠭᠲᠡᠢ᠃ ᠡᠭᠦᠨ ᠤᠵᠣᠷᠢᠯᠭᠠ ᠨᠢ ᠭᠡᠷ ᠲᠤ ᠪᠠᠨ ᠰᠠᠭᠤᠵᠤ ᠡᠮᠨᠡᠭᠦᠯᠬᠦ ᠳᠤ ᠲᠣᠬᠢᠷᠠᠬᠤ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠰᠠᠳ ᠪᠤᠶᠤ ᠬᠥᠩᠭᠡᠨ ᠬᠡᠯᠪᠡᠷᠢ ᠶᠢᠨ ᠡᠪᠡᠳᠴᠢᠲᠡᠨ ᠳ᠋ᠤ᠋ᠵᠣᠬᠢᠬᠤ ᠡᠳᠡᠭᠡᠷᠡᠯᠲᠡ ᠪᠠ ᠡᠮ ᠬᠡᠷᠡᠭᠯᠡᠬᠦ | ᠵᠢᠯᠣᠭᠤᠳᠤᠯᠭ᠎ᠠ ᠬᠠᠩᠭᠠᠬᠤ ᠶᠢᠨ ᠲᠥᠯᠥᠭᠡ ᠶᠤᠮ᠃ | ᠨᠠᠰᠤᠲᠠᠶᠢᠴᠤᠳ᠂ ᠰᠠᠭᠤᠷᠢ ᠡᠪᠡᠳᠴᠢᠨ ᠲᠠᠢ ᠡᠪᠡᠳᠴᠢᠲᠡᠨ᠂ ᠴᠢᠰᠤ ᠨᠡᠪᠴᠢᠭᠦᠯᠬᠦ ᠡᠪᠡᠳᠴᠢᠲᠡᠨ ᠵᠡᠷᠭᠡ | ᠬᠥᠮᠥᠰ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠᠬᠢᠨᠡ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ 12 ᠳ᠋ᠤᠭᠠᠷ ᠰᠠᠷ᠎ᠠ ᠶᠢᠨ 1 ᠤ ᠡᠳᠦᠷ | ᠮᠡᠳᠡᠭᠳᠡᠯ ᠪᠠᠭᠤᠯᠭᠠᠭᠰᠠᠨ ᠤ ᠬᠠᠮᠲᠤ ᠪᠦᠬᠦᠲ᠋ᠠᠯ᠎ᠠ ᠶᠢᠨ ᠪᠠᠶᠢᠷᠢᠯᠠᠭᠤᠯᠤᠯᠲᠠ ᠬᠢᠵᠦ᠂ ᠡᠯ᠎ᠡ ᠭᠠᠵᠠᠷ ᠤᠨ ᠬᠢᠨ 65 | ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠢᠯᠠᠩᠭᠤᠶ᠎ᠠ ᠵᠢᠷᠦᠬᠡᠨ ᠤ ᠲᠢᠲᠢᠮ ᠡᠪᠡᠳᠴᠢᠨ᠂ᠲᠠᠷᠢᠬᠢᠨ ᠤ ᠰᠠ ᠡᠪᠡᠳᠴᠢᠨ᠂ | ᠴᠢᠰᠤᠨ ᠳᠠᠷᠤᠯᠲᠠ ᠥᠨᠳᠥᠷ ᠡᠪᠡᠳᠴᠢᠨ᠂ ᠠᠭᠤᠰᠬᠢᠨ ᠤ ᠠᠷᠬᠠᠭ ᠪᠥᠭᠯᠡᠷᠡᠯᠲᠡ ᠡᠪᠡᠳᠴᠢᠨ᠂ ᠰᠢᠬᠢᠷ ᠰᠢᠵᠢᠩ ᠡᠪᠡᠳᠴᠢᠨ | ᠂ᠤᠳᠠᠭᠠᠨ ᠴᠢᠨᠠᠷᠲᠠᠢ ᠪᠥᠭᠡᠷᠡᠨ ᠤ ᠡᠪᠡᠳᠴᠢᠨ᠂ ᠬᠤᠣᠷᠲᠤ ᠬᠠᠪᠤᠳᠠᠷ ᠤᠨ ᠰᠠᠴᠤᠷᠠᠭ ᠵᠢᠴᠢ ᠬᠢᠮᠢ ᠶᠢᠨ ᠵᠠᠰᠠᠯ ᠬᠢᠯᠭᠡᠵᠦ | ᠪᠠᠶᠢᠭ᠎ᠠ ᠡᠪᠡᠳᠴᠢᠲᠡᠨ᠂ ᠪᠠᠰᠠ ᠲᠠᠷᠬᠠᠯᠠᠭᠠᠬᠤᠮᠰᠠᠳᠠᠯ ᠲᠠᠢ ᠡᠪᠡᠳᠴᠢᠲᠡᠨ ᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ | ᠬᠢᠬᠦ ᠶᠢᠨ ᠬᠠᠮᠲᠤ ᠲᠡᠳᠡᠨ ᠤ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠣᠶᠢᠯᠠᠭᠠᠬᠤᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ | ᠣᠷᠣᠨ ᠨᠤᠲᠤᠭ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠲᠣ ᠶᠢᠨ ᠪᠠᠶᠢᠭ᠎ᠠ ᠬᠤᠪᠢ ᠬᠥᠮᠥᠨ ᠤᠡᠷᠡᠭᠦᠯ | ᠮᠡᠨᠳᠦ ᠶᠢᠨ ᠲᠠᠩᠰᠠ ᠡᠪᠬᠡᠮᠡᠯ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠠᠶᠢᠴᠠᠭᠠᠯᠲᠠ᠂ ᠠᠷᠠᠳ ᠤᠨ ᠶᠠᠪᠤᠳᠠᠯ ᠤᠨ | ᠨᠠᠰᠤᠲᠠᠶᠢᠴᠤᠳ ᠤᠨᠲ᠋ᠠᠩᠰᠠᠯᠠᠯᠲᠠ ᠶᠢᠨ ᠰᠢᠰᠲ᠋ᠧᠮ ᠵᠢᠴᠢ ᠸᠠᠺᠼᠢᠨ ᠤ ᠲᠠᠷᠢᠯᠭ᠎ᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ | ᠵᠠᠳᠠᠯᠤᠨ ᠬᠠᠷᠢᠴᠠᠭᠤᠯᠵᠤ ᠪᠣᠯᠣᠨ᠎ᠠ᠂ ᠴᠢᠬᠤᠯᠠᠲᠠᠢ ᠦᠶ᠎ᠡ ᠳ᠋ᠤ᠋ᠪᠠᠰᠠ ᠡᠷᠦᠬᠡ ᠳᠤ ᠬᠦᠷᠴᠦ ᠪᠠᠶᠢᠴᠠᠭᠠᠯᠲᠠ ᠬᠢᠵᠦ᠂ ᠡᠲᠡᠭᠡᠷ | ᠬᠥᠮᠥᠰ ᠤᠨ ᠪᠠᠶᠢᠳᠠᠯ ᠢ ᠲᠣᠳᠣᠷᠬᠠᠢ ᠣᠶᠢᠯᠠᠭᠠᠬᠤ ᠬᠡᠷᠡᠭᠲᠡᠢ᠃ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ᠲᠡᠳᠡᠨ ᠤ | ᠰᠠᠭᠤᠷᠢ ᠡᠪᠡᠳᠴᠢᠨ ᠤ ᠪᠠᠶᠢᠳᠠᠯ᠂ ᠨᠠᠰᠤᠨ ᠤ ᠪᠠᠶᠢᠳᠠᠯ᠂ ᠸᠠᠺᠼᠢᠨ ᠤ ᠲᠠᠷᠢᠯᠭ᠎ᠠ ᠶᠢᠨ ᠪᠠᠶᠢᠳᠠᠯ ᠵᠡᠷᠭᠡ ᠶᠢ ᠦᠨᠳᠦᠰᠦᠯᠡᠨ | ᠲᠥᠷᠥᠯ ᠬᠤᠪᠢᠶᠠᠵᠤ᠂ ᠠᠳᠠᠯᠢᠪᠤᠰᠤ ᠬᠥᠮᠥᠰ ᠲᠤ ᠭᠤᠷᠪᠠᠨ ᠳᠡᠰ ᠬᠤᠪᠢᠶᠠᠨ ᠦᠢᠯᠡᠴᠢᠯᠡᠭᠡ ᠬᠠᠩᠭᠠᠨ᠎ᠠ᠃ ᠵᠠᠷᠢᠮ | ᠭᠠᠵᠠᠷ ᠤᠨ ᠬᠢᠨ ᠮᠠᠰᠢ ᠰᠠᠶᠢᠨ ᠲᠤᠷᠰᠢᠯᠭ᠎ᠠ ᠬᠤᠷᠠᠮᠳᠤᠭᠤᠯᠵᠤ᠂ ᠲᠡᠳᠡ ᠲᠣᠮᠣᠳᠠᠶᠢᠲ᠋ᠠ ᠶᠢᠨ ᠬᠠᠷᠢᠴᠠᠭᠤᠯᠤᠯ ᠢᠶᠠᠷ ᠲᠠᠮᠵᠢᠨ | ᠭᠤᠣᠯᠳᠠᠯᠭ᠎ᠠ ᠲᠠᠢ ᠬᠥᠮᠥᠰ ᠢ ᠰᠢᠭᠤᠳ ᠵᠠᠭᠠᠭᠯᠠᠨ ᠲᠣᠭᠲᠠᠭᠠᠵᠤ᠂ ᠡᠳᠡᠭᠡᠷ ᠭᠤᠣᠯᠳᠠᠯᠭ᠎ᠠ ᠲᠠᠢ ᠬᠥᠮᠥᠰ ᠤᠨ | ᠪᠠᠶᠢᠳᠠᠯ ᠢᠨᠡᠶᠢᠭᠡᠮ ᠲᠣᠭᠤᠷᠢᠭ ᠲᠤ ᠳᠠᠮᠵᠢᠭᠤᠯᠵᠤ᠂ ᠲᠠᠬᠢᠨ ᠨᠡᠶᠢᠭᠡᠮ ᠲᠣᠭᠤᠷᠢᠭ ᠢᠶᠠᠷ ᠪᠠᠶᠢᠳᠠᠯ ᠢ ᠣᠶᠢᠯᠠᠭᠠᠬᠤ | ᠪᠠᠶᠢᠴᠠᠭᠠᠯᠲᠠ ᠬᠢᠯᠭᠡᠬᠦ ᠨᠢ ᠬᠥᠮᠥᠨ ᠤ ᠬᠦᠴᠦᠨ ᠢᠠᠷᠪᠢᠯᠠᠭᠰᠠᠨ ᠢᠶᠠᠷ ᠪᠠᠷᠠᠬᠤ ᠦᠭᠡᠢ ᠠᠵᠢᠯ ᠤᠨ ᠶᠠᠰᠤ ᠴᠢᠨᠠᠷ ᠢ ᠴᠤ | ᠳᠡᠭᠡᠭᠰᠢᠯᠡᠭᠦᠯᠦᠭᠰᠡᠨ ᠪᠣᠯᠬᠤᠷ ᠡᠯ᠎ᠡ ᠭᠠᠵᠠᠷ ᠤᠨ ᠬᠢᠨ ᠲᠣᠯᠢ ᠪᠣᠯᠭᠠᠭᠤᠰᠢᠲᠠᠢ ᠪᠠᠶᠢᠨ᠎ᠠ᠃ | ᠨᠠᠰᠤᠲᠠᠶᠢᠴᠤᠳ ᠢ ᠬᠠᠷᠢᠶ᠎ᠠ ᠲᠣᠭᠤᠷᠢᠭ ᠤᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠪᠠ ᠭᠡᠷ ᠪᠦᠯᠢ ᠶᠢᠨ ᠡᠮᠴᠢ ᠲᠠᠢᠰᠠᠨᠠᠭᠠᠴᠢᠯᠠᠭᠠ ᠠᠴᠠ ᠪᠠᠨ ᠬᠠᠮᠵᠢᠯᠴᠠᠵᠤ ᠪᠠᠶᠢᠭᠠᠳ ᠡᠷᠡᠭᠦᠯ ᠮᠡᠨᠳᠦ ᠶᠢᠨ | ᠮᠡᠳᠡᠭᠡ ᠵᠠᠩᠭᠢ ᠪᠠᠨ ᠳᠠᠩᠰᠠᠯᠠᠭᠤᠯᠵᠤ᠂ ᠢᠯᠠᠩᠭᠤᠶ᠎ᠠ ᠭᠤᠣᠯᠳᠠᠯᠭ᠎ᠠ ᠲᠠᠢ ᠬᠥᠮᠥᠰ ᠤᠨ ᠭᠡᠷᠪᠦ᠋ᠯᠢ ᠶᠢᠨ ᠡᠮᠴᠢ ᠶᠢᠨ | ᠦᠢᠯᠡᠴᠢᠯᠡᠭᠡ ᠶᠢᠨ ᠭᠡᠷ᠎ᠡ ᠲᠣᠭᠲᠠᠵᠤ ᠴᠢᠳᠠᠬᠤ ᠨᠢ ᠠᠯᠢ ᠴᠢᠳᠠᠬᠤ ᠪᠠᠷ ᠭᠡᠷ᠎ᠡ ᠲᠣᠭᠲᠠᠬᠤ ᠶᠢ ᠤᠷᠢᠶᠠᠯᠠᠵᠤ ᠪᠠᠶᠢᠨ᠎ᠠ᠃ | ᠥᠨᠳᠥᠷ ᠨᠠᠰᠤᠲᠠᠢ ᠰᠠᠭᠤᠷᠢ ᠡᠪᠡᠳᠴᠢᠨ ᠲᠠᠢ ᠨᠠᠰᠤᠲᠠᠶᠢᠴᠤᠳ ᠲᠤ ᠲᠥᠷᠥᠯ ᠲᠠᠰ ᠬᠤᠪᠢᠶᠠᠬᠤ ᠦᠢᠯᠡᠴᠢᠯᠡᠭᠡ | ᠬᠠᠩᠭᠠᠨ᠎ᠠ | ᠨᠠᠰᠤᠲᠠᠶᠢᠴᠤᠳ ᠢ ᠭᠤᠷᠪᠠᠨ ᠲᠥᠷᠥᠯ ᠳᠤ ᠬᠤᠪᠢᠶᠠᠨ᠎ᠠ᠂ ᠨᠢᠭᠡᠳᠦᠭᠡᠷ ᠲᠥᠷᠥᠯ ᠨᠢ ᠡᠩ ᠤᠨ ᠬᠥᠮᠥᠰ᠂ ᠳᠠᠷᠤᠢ | ᠲᠦᠭᠰᠢᠭᠦᠷᠢ ᠪᠠᠷ ᠳᠣᠣᠷ᠎ᠠ ᠬᠥᠮᠥᠰ ᠪᠣᠯᠣᠨ᠎ᠠ᠂ᠡᠶᠢᠮᠦ ᠬᠥᠮᠥᠰ ᠲᠤ ᠭᠤᠣᠯᠳᠠᠭᠤ ᠡᠷᠡᠭᠦᠯ ᠮᠡᠨᠳᠦ ᠶᠢᠨ ᠬᠥᠮᠦᠵᠢᠯ ᠢ | ᠴᠢᠩᠭᠠᠳᠬᠠᠵᠤ᠂ ᠸᠠᠺᠼᠢᠨ ᠤ ᠲᠠᠷᠢᠯᠭ᠎ᠠ ᠬᠢᠭᠰᠡᠨ ᠦᠭᠡᠢ ᠬᠥᠮᠥᠰ ᠢ ᠴᠠᠭ ᠲᠤᠬᠠᠢ ᠳᠤ ᠨᠢᠸᠠᠺᠼᠢᠨ ᠤ ᠲᠠᠷᠢᠯᠭ᠎ᠠ | ᠬᠢᠯᠭᠡᠬᠦ ᠪᠠᠷ ᠳᠠᠶᠢᠴᠢᠯᠠᠬᠤ ᠬᠡᠷᠡᠭᠲᠡᠢ᠃ ᠬᠤᠶᠠᠳᠤᠭᠠᠷ ᠲᠥᠷᠥᠯ ᠨᠢ ᠳᠡᠳ᠋ ᠭᠤᠣᠯᠳᠠᠯᠭ᠎ᠠ ᠲᠠᠢ ᠬᠥᠮᠥᠰ ᠪᠣᠯᠣᠨ᠎ᠠ᠂ | ᠥᠭᠡᠷ᠎ᠡ ᠪᠠᠷ ᠬᠡᠯᠡᠪᠡᠯᠵᠣᠬᠢᠬᠤ ᠲᠦᠭᠰᠢᠭᠦᠷᠢ ᠲᠠᠢ ᠬᠥᠮᠥᠰ ᠪᠣᠯᠣᠨ᠎ᠠ᠂ ᠡᠨᠡ ᠲᠥᠷᠥᠯ ᠤᠨ ᠬᠥᠮᠥᠰ ᠲᠤ ᠨᠢᠭᠡᠳᠦᠭᠡᠷ ᠳᠡᠰ ᠤᠨ | ᠦᠢᠯᠡᠴᠢᠯᠡᠭᠡᠨ ᠤ ᠰᠠᠭᠤᠷᠢᠨ ᠳᠡᠭᠡᠷ᠎ᠡ ᠭᠡᠷ ᠪᠦᠯᠢ ᠵᠢᠨᠠᠵᠢᠭᠯᠠᠯᠲᠠ ᠬᠢᠬᠦ ᠶᠢ ᠴᠢᠩᠭᠠᠳᠬᠠᠵᠤ᠂ ᠴᠠᠭ ᠲᠤᠬᠠᠢ ᠳᠤ ᠨᠢ ᠡᠮ | ᠬᠡᠷᠡᠭᠯᠡᠬᠦ ᠵᠢᠯᠣᠭᠤᠳᠤᠯᠭ᠎ᠠ ᠬᠠᠩᠭᠠᠵᠤ᠂ ᠦᠨᠳᠦᠰᠦᠨ ᠱᠠᠲᠤᠨ ᠳᠤ ᠰᠢᠢᠳᠪᠦᠷᠢᠯᠡᠵᠦ ᠳᠡᠶᠢᠯᠬᠦᠦᠭᠡᠢ ᠠᠰᠠᠭᠤᠳᠠᠯ ᠪᠠᠶᠢᠬᠤ ᠶᠢ | ᠣᠯᠵᠤ ᠮᠡᠳᠡᠪᠡᠯ ᠴᠠᠭ ᠲᠤᠬᠠᠢ ᠳᠤ ᠨᠢ ᠰᠢᠯᠵᠢᠭᠦᠯᠦᠨ ᠡᠮᠨᠡᠭᠦᠯᠬᠦ ᠬᠡᠷᠡᠭᠲᠡᠢ᠃ ᠭᠤᠷᠪᠠᠳᠤᠭᠠᠷ ᠲᠥᠷᠥᠯ ᠤᠨ ᠬᠥᠮᠥᠰ ᠪᠣᠯ | ᠭᠤᠣᠯᠳᠠᠭᠤᠲ᠋ᠦ᠋ᠭᠰᠢᠭᠦᠷᠢ ᠪᠠᠷ ᠨᠡᠯᠢᠶᠡᠳ ᠥᠨᠳᠥᠷ ᠬᠥᠮᠥᠰ ᠪᠣᠯᠣᠨ᠎ᠠ᠂ ᠨᠠᠰᠤ ᠨᠢ ᠨᠡᠯᠢᠶᠡᠳ ᠥᠨᠳᠥᠷ᠂ 80 ᠠᠴᠠ | ᠳᠡᠭᠡᠭᠰᠢᠬᠢ᠂ ᠰᠠᠭᠤᠷᠢ ᠡᠪᠡᠳᠴᠢᠨ ᠲᠠᠢ ᠪᠥᠭᠡᠳᠲ᠋ᠣᠭᠲᠠᠭᠤᠨ ᠪᠤᠰᠤ᠂ ᠥᠩᠭᠡᠷᠡᠭᠰᠡᠨ ᠳᠤ ᠪᠠᠰᠠ | ᠳᠠᠷᠬᠠᠯᠠᠭᠠᠵᠢᠭᠤᠯᠤᠯᠲᠠ ᠶᠢᠨ ᠲᠠᠷᠢᠯᠭ᠎ᠠ ᠬᠢᠯᠭᠡᠭᠰᠡᠨ ᠦᠭᠡᠢ ᠪᠠᠶᠢᠵᠤ ᠮᠡᠳᠡᠨ᠎ᠡ᠂ ᠡᠶᠢᠮᠦ ᠬᠥᠮᠥᠰ ᠲᠤ ᠰᠢᠨ᠎ᠡᠲ᠋ᠢᠲᠢᠮᠯᠢᠭ | ᠠᠭᠤᠰᠬᠢᠨ ᠦᠷᠪᠢᠰᠦᠯ ᠳᠤ ᠨᠡᠷᠪᠡᠭᠳᠡᠭᠰᠡᠨ ᠢ ᠣᠯᠵᠤ ᠮᠡᠳᠡᠪᠡᠯ ᠳᠠᠷᠤᠢ ᠦᠨᠡᠯᠡᠨ ᠵᠢᠱᠢᠯᠲᠡ ᠬᠢᠵᠦ᠂ ᠬᠡᠷᠡᠭᠴᠡᠭᠡ | ᠱᠠᠭᠠᠷᠳᠠᠯᠭ᠎ᠠ ᠪᠠᠨ ᠦᠨᠳᠦᠰᠦᠯᠡᠨ ᠴᠠᠭᠲ᠋ᠤᠬᠠᠢ ᠳᠤ ᠨᠢ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠳᠤ ᠰᠢᠯᠵᠢᠭᠦᠯᠬᠦ | ᠬᠡᠷᠡᠭᠲᠡᠢ᠃ ᠡᠭᠦᠨ ᠤ ᠭᠤᠣᠯᠳᠠᠯᠭ᠎ᠠ ᠨᠢ ᠡᠷᠡᠭᠦᠯ ᠮᠡᠨᠳᠦ ᠶᠢ ᠪᠠᠲᠤᠯᠠᠨ᠂ ᠬᠦᠨᠳᠦᠡᠪᠡᠳᠴᠢᠨ ᠢ ᠰᠡᠷᠭᠡᠶᠢᠯᠡᠵᠦ᠂ ᠠᠳᠠᠯᠢ ᠪᠤᠰᠤ | ᠬᠥᠮᠥᠰ ᠲᠤ ᠲᠥᠷᠥᠯ ᠳᠡᠰ ᠬᠤᠪᠢᠶᠠᠨ ᠦᠢᠯᠡᠴᠢᠯᠡᠭᠡ ᠬᠠᠩᠭᠠᠨ᠎ᠠ᠃ ᠬᠢᠵᠠᠭᠠᠷᠲᠠᠢ ᠡᠮ ᠡᠮᠨᠡᠯᠭᠡ ᠶᠢᠨ ᠡᠬᠢ | ᠪᠠᠶᠠᠯᠢᠭ ᠢᠬᠠᠮᠤᠭ ᠤᠨ ᠬᠡᠷᠡᠭᠴᠡᠭᠡ ᠲᠠᠢ ᠬᠥᠮᠥᠰ ᠲᠤ ᠬᠦᠷᠭᠡᠵᠦ᠂ ᠡᠮ ᠡᠮᠨᠡᠯᠭᠡ ᠶᠢᠨ ᠡᠬᠢ ᠪᠠᠶᠠᠯᠢᠭ ᠢ ᠪᠦᠷᠢᠯᠭᠡᠬᠦ ᠠᠴᠠ | ᠵᠠᠶᠢᠯᠠᠰᠬᠢᠵᠦ᠂ ᠡᠮ ᠡᠮᠨᠡᠯᠭᠡ ᠶᠢᠨ ᠦᠢᠯᠡᠴᠢᠯᠡᠭᠡᠨ ᠤᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠣᠳᠣᠬᠠᠨ ᠳᠤ ᠮᠠᠨ ᠤ ᠤᠯᠤᠰ ᠤᠨ ᠦᠨᠳᠦᠰᠦᠨ ᠱᠠᠲᠤᠨ ᠤ ᠬᠠᠯᠠᠭᠤᠷᠠᠯ ᠤᠨ ᠡᠮᠴᠢᠯᠡᠭᠡᠨ ᠤ ᠲᠠᠰᠤᠭ ᠤᠨ | ᠪᠠᠶᠢᠭᠤᠯᠤᠯᠲᠠ ᠶᠢᠨ ᠶᠠᠮᠠᠷ ᠪᠠᠶᠢᠳᠠᠯ ᠲᠠᠢ ᠪᠣᠢ︖ | 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠤᠯᠤᠰ ᠤᠨ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠪᠠ ᠨᠡᠶᠢᠭᠡᠮᠲ᠋ᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠠᠯᠠᠭᠤᠷᠠᠯ ᠤᠨ | ᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ ᠢ ᠨᠡᠶᠢᠲᠡ 1.94 ᠲᠦᠮᠡᠪᠠᠶᠢᠭᠤᠯᠵᠤ᠂ ᠦᠨᠳᠦᠰᠦᠨ ᠱᠠᠲᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ 45% ᠶᠢ ᠡᠵᠡᠯᠡᠪᠡ᠃ ᠡᠭᠦᠨ ᠠᠴᠠ ᠭᠠᠳᠠᠨ᠎ᠠ᠂ | ᠤᠷᠢᠳᠴᠢᠯᠠᠨᠪᠠᠶᠢᠴᠠᠭᠠᠵᠤ ᠬᠤᠪᠢᠶᠠᠨ ᠣᠨᠣᠰᠢᠯᠠᠬᠤ ᠴᠢᠳᠠᠮᠵᠢ ᠲᠠᠢ ᠬᠠᠯᠠᠭᠤᠷᠠᠯ ᠤᠨ ᠴᠡᠭ ᠢ 2.2 ᠲᠦᠮᠡ ᠪᠠᠶᠢᠭᠤᠯᠵᠤ᠂ | 52% ᠢ ᠡᠵᠡᠯᠡᠵᠦ ᠪᠠᠶᠢᠨ᠎ᠠ᠃ ᠣᠳᠣᠬᠠᠨ ᠳ᠋ᠤ᠋ᠵᠧᠵᠢᠶᠠᠩ᠂ ᠱᠠᠨᠳᠦ᠋ᠩ᠂ ᠾᠧᠨᠠᠨ᠂ ᠬᠤᠪᠧᠢ ᠪᠣᠯᠣᠨ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠡᠷᠭᠡ 5 ᠮᠤᠵᠢ ᠣᠷᠣᠨ ᠤᠪᠦ᠋ᠲᠦᠭᠡᠨ ᠪᠠᠶᠢᠭᠤᠯᠵᠤ ᠪᠠᠶᠢᠭ᠎ᠠ | ᠬᠠᠯᠠᠭᠤᠷᠠᠯ ᠤᠨ ᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ 90% ᠠᠴᠠ ᠳᠡᠭᠡᠭᠰᠢ ᠪᠣᠯᠵᠤ᠂ ᠪᠤᠰᠤᠳ ᠮᠤᠵᠢ | ᠬᠤᠲᠠ ᠡᠴᠠᠮᠥ᠋ᠨ ᠴᠦ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ ᠪᠠᠶᠢᠨ᠎ᠠ᠃ ᠵᠠᠷᠢᠮ ᠭᠠᠵᠠᠷ ᠤᠨ ᠦᠨᠳᠦᠰᠦᠨ | ᠱᠠᠲᠤᠨ ᠤ ᠬᠠᠯᠠᠭᠤᠷᠠᠯ ᠤᠨ ᠡᠮᠴᠢᠯᠡᠭᠡᠨ ᠤ ᠲᠠᠰᠤᠭ︵ᠡᠭᠦᠳᠡᠨ ᠡᠮᠨᠡᠯᠭᠡ︶ ᠴᠤ ᠨᠢᠭᠡᠨᠲᠡ ᠮᠠᠰᠢ ᠰᠠᠶᠢᠨ ᠦᠢᠯᠡᠳᠦᠯ ᠢᠶᠠᠨ | ᠪᠠᠳᠠᠷᠠᠭᠤᠯᠬᠤ ᠪᠣᠯᠵᠠᠢ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠲᠠᠰᠤᠷᠠᠯᠲᠠ ᠦᠭᠡᠢ | ᠰᠢᠯᠢᠳᠡᠭᠵᠢᠨ ᠲᠡᠭᠦᠯᠳᠡᠷᠵᠢᠬᠦ ᠵᠢᠲ᠋ᠠᠭᠠᠯᠳᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠡᠯ᠎ᠡ | ᠭᠠᠵᠠᠷ ᠤᠨ ᠬᠢᠨ ᠢ ᠵᠢᠭᠠᠨ ᠵᠢᠯᠤᠭᠤᠳᠴᠤ ᠪᠠᠶᠢᠭᠠᠳ ᠬᠠᠯᠠᠭᠤᠷᠠᠯ ᠤᠨᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠯᠠᠭᠤᠷᠠᠯ ᠤᠨ ᠴᠡᠭ ᠢ ᠥᠭᠡᠷᠡᠴᠢᠯᠡᠵᠦ | ᠥᠷᠭᠡᠳᠬᠡᠨᠪᠠᠶᠢᠭᠤᠯᠬᠤ᠂ ᠤᠭᠰᠠᠷᠠᠮᠠᠯ ᠪᠠᠶᠢᠰᠢᠩ ᠬᠤᠳᠠᠯᠳᠤᠨ ᠠᠪᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠬᠠᠯᠠᠭᠤᠷᠠᠯ ᠤᠨ ᠡᠮᠴᠢᠯᠡᠭᠡᠨ ᠤ ᠲᠠᠰᠤᠭ︵ᠡᠭᠦᠳᠡᠨ ᠡᠮᠨᠡᠯᠭᠡ︶ ᠤᠨ ᠲᠣᠬᠢᠷᠠᠭᠤᠯᠤᠨ ᠪᠠᠶᠢᠭᠤᠯᠬᠤ | ᠨᠣᠷᠮ᠎ᠠ ᠶᠢ ᠲᠦᠷᠭᠡᠳᠬᠡᠨ ᠳᠡᠭᠡᠭᠰᠢᠯᠡᠭᠦᠯᠵᠦ ᠪᠠᠶᠢᠨ᠎ᠠ᠃ ᠦᠨᠡᠨ ᠳᠤ ᠪᠠᠨ ᠬᠠᠯᠠᠭᠤᠷᠠᠯ ᠤᠨ ᠡᠮᠴᠢᠯᠡᠭᠡᠨ ᠤᠲ᠋ᠠᠰᠤᠭ ︵ᠡᠭᠦᠳᠡᠨ | ᠡᠮᠨᠡᠯᠭᠡ︶ ᠣᠨᠴᠠᠭᠠᠶᠢᠯᠠᠨ ᠦᠨᠳᠦᠰᠦᠨ ᠱᠠᠲᠤᠨ ᠤ ᠬᠠᠯᠠᠭᠤᠷᠠᠯ ᠤᠨ ᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ ᠨᠢ | ᠲᠡᠶᠢᠮᠦ ᠪᠤᠳᠤᠯᠢᠶᠠᠨᠲᠠᠢᠪᠢᠰᠢ᠂ ᠵᠠᠷᠢᠮ ᠭᠠᠵᠠᠷ ᠤᠨ ᠬᠢᠨ ᠨᠢᠭᠡ ᠬᠤᠶᠠᠷ ᠲᠠᠰᠤᠯᠭ᠎ᠠ ᠤᠭᠰᠠᠷᠠᠮᠠᠯ ᠪᠠᠶᠢᠰᠢᠩ ᠢ | ᠬᠠᠷᠢᠴᠠᠩᠭᠤᠢ ᠪᠠᠷ ᠲᠤᠰᠠᠭᠠᠷ ᠣᠷᠣᠨ ᠵᠠᠢ ᠳᠤ ᠲᠣᠬᠢᠷᠠᠭᠤᠯᠤᠭᠰᠠᠨ ᠪᠠᠶᠢᠳᠠᠭ᠃ᠭᠡᠪᠡᠴᠦ ᠨᠥᠬᠦᠴᠡᠯ ᠲᠠᠢ ᠭᠠᠵᠠᠷ | ᠣᠷᠣᠨ ᠤ ᠬᠢᠨ ᠬᠠᠰᠢ ᠯᠡ ᠪᠠᠷᠢᠮᠵᠢᠶ᠎ᠠ ᠶᠣᠰᠣᠭᠠᠷ ᠪᠠᠶᠢᠭᠤᠯᠪᠠᠯ ᠬᠠᠮᠤᠭ ᠤᠨ ᠰᠠᠶᠢᠨ ᠶᠤᠮ᠃ ᠡᠶᠢᠮᠦ ᠠᠴᠠ ᠪᠢᠳᠡ 2023 | ᠣᠨ ᠤ3 ᠰᠠᠷ᠎ᠠ ᠶᠢᠨ ᠰᠡᠭᠦᠯᠴᠢ ᠪᠠᠷ᠂ ᠡᠯ᠎ᠡ ᠭᠠᠵᠠᠷ ᠤᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠬᠠᠯᠠᠭᠤᠷᠠᠯ ᠤᠨ ᠡᠮᠴᠢᠯᠡᠭᠡᠨ ᠤᠲ᠋ᠠᠰᠤᠭ ︵ᠡᠭᠦᠳᠡᠨ ᠡᠮᠨᠡᠯᠭᠡ︶ ᠤᠨ ᠪᠠᠶᠢᠭᠤᠯᠤᠯᠲᠠ ᠶᠢ 90% ᠳᠤ | ᠬᠦᠷᠭᠡᠬᠦ ᠬᠡᠷᠡᠭᠲᠡᠢ ᠭᠡᠵᠦ ᠳᠤᠷᠠᠳᠪᠠ᠃ ᠦᠨᠡᠨ ᠳᠤ ᠪᠠᠨ ᠣᠷᠣᠨ ᠨᠤᠲᠤᠭ ᠤᠨ ᠵᠠᠰᠠᠭ ᠤᠨᠣᠷᠳᠣᠨ ᠠᠴᠠ ᠴᠢᠬᠤᠯᠠᠴᠢᠯᠠᠨ | ᠦᠵᠡᠳᠡᠭ ᠯᠡ ᠶᠤᠮ ᠪᠣᠯ ᠡᠨᠡ ᠬᠦ ᠬᠠᠷᠠᠯᠲᠠ ᠶᠢ ᠪᠡᠶᠡᠯᠡᠭᠦᠯᠵᠦ ᠪᠣᠯᠬᠤ ᠶᠤᠮ᠂ ᠡᠨᠡ ᠨᠢ ᠦᠨᠳᠦᠰᠦᠨ ᠱᠠᠲᠤᠨ ᠤ ᠡᠮ | ᠡᠮᠨᠡᠯᠭᠡᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠯᠠᠭᠤᠷᠠᠵᠤ ᠪᠠᠶᠢᠭ᠎ᠠ ᠡᠪᠡᠳᠴᠢᠲᠡᠨ ᠢ ᠭᠥᠯᠢᠶᠡᠨ ᠠᠪᠴᠤ ᠡᠮᠨᠡᠨ | ᠵᠠᠰᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦᠴᠢᠳᠠᠨᠠ᠃ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠥᠮᠥᠨ ᠤ ᠬᠦᠴᠦᠨ | ᠬᠦᠷᠦᠯᠴᠡᠬᠦ ᠦᠭᠡᠢ ᠪᠠᠶᠢᠪᠠᠯ ᠶᠠᠭᠠᠬᠢᠬᠤ ᠪᠤᠢ︖ | ᠬᠥᠮᠥᠨ ᠤ ᠬᠦᠴᠦᠨ ᠢ ᠣᠬᠤᠷᠬᠠᠨ ᠬᠤᠭᠤᠴᠠᠭᠠᠨ ᠤ ᠳᠣᠲᠣᠷ᠎ᠠ ᠬᠥᠮᠥᠵᠢᠭᠦᠯᠬᠦ ᠳᠤ ᠨᠡᠯᠢᠶᠡᠳ ᠬᠦᠴᠢᠷᠲᠡᠢ ᠶᠤᠮ᠂ | ᠣᠬᠤᠷᠬᠠᠨ ᠬᠤᠭᠤᠴᠠᠭᠠᠨ ᠤ ᠳᠣᠲᠣᠷᠠᠬᠤᠶᠠᠳᠤᠭᠠᠷ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠠᠴᠠ ᠬᠥᠮᠥᠨ | ᠲᠣᠮᠢᠯᠠᠨ ᠳᠣᠷᠣᠭᠰᠢ ᠪᠠᠭᠤᠯᠭᠠᠬᠤ ᠪᠠᠷ ᠳᠠᠮᠵᠢᠭᠤᠯᠤᠨ᠂ ᠦᠨᠳᠦᠰᠦᠨ ᠱᠠᠲᠤ ᠵᠢᠲ᠋ᠡᠮᠵᠢᠵᠦ ᠪᠣᠯᠣᠨ᠎ᠠ᠂ ᠪᠠᠰᠠ ᠣᠶᠢᠷ᠎ᠠ ᠶᠢᠨ | ᠲᠠᠪᠤᠨ ᠵᠢᠯ ᠤᠨ ᠲᠤᠷᠰᠢ ᠨᠢᠭᠡᠨᠲᠡ ᠠᠵᠢᠯ ᠠᠴᠠ ᠪᠠᠨ ᠪᠠᠭᠤᠵᠤ ᠠᠮᠠᠷᠠᠭᠰᠠᠨ ᠡᠮᠨᠡᠯᠭᠡ ᠶᠢᠨ ᠠᠵᠢᠯᠲᠠᠳ ᠢ ᠤᠷᠢᠵᠤ᠂ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠠᠵᠢᠯᠯᠠᠭᠤᠯᠵᠤ ᠪᠣᠯᠣᠨ᠎ᠠ᠃ ᠪᠠᠰᠠ | ᠵᠠᠷᠢᠮ ᠪᠤᠰᠤᠳ ᠠᠵᠢᠯ ᠤᠨ ᠪᠠᠶᠢᠷᠢᠨ ᠳ᠋ᠤ᠋ᠪᠠᠶᠢᠭᠠ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠢ ᠴᠥᠮ ᠦᠨᠳᠦᠰᠦᠨ | ᠱᠠᠲᠤᠨ ᠤ ᠪᠠᠶᠢᠭᠤᠯᠤᠮᠵᠢ ᠳᠤ ᠡᠯᠰᠡᠨ ᠠᠪᠴᠢᠷᠠᠵᠤ᠂ ᠦᠨᠳᠦᠰᠦᠨ ᠱᠠᠲᠤᠨ ᠤ ᠡᠮᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠳᠠᠷᠤᠭᠠᠰᠤ ᠶᠢ ᠨᠢ ᠬᠥᠩᠭᠡᠯᠡᠵᠦ ᠪᠣᠯᠣᠨ᠎ᠠ᠃ ᠡᠭᠦᠨ ᠤ ᠬᠠᠮᠲᠤ᠂ ᠭᠡᠷ ᠪᠦᠯᠢ ᠶᠢᠨ ᠡᠮᠴᠢ ᠶᠢᠨ | ᠦᠢᠯᠡᠳᠦᠯ ᠢᠦᠨᠡᠨ ᠬᠦ ᠪᠠᠳᠠᠷᠠᠭᠤᠯᠵᠤ᠂ ᠭᠤᠣᠯᠳᠠᠯᠭ᠎ᠠ ᠲᠠᠢ ᠬᠥᠮᠥᠰ ᠤᠨ ᠭᠡᠷᠡᠲᠦ ᠦᠢᠯᠡᠴᠢᠯᠡᠭᠡ ᠲᠣᠭᠲᠠᠬᠤ ᠶᠢ | ᠠᠬᠢᠭᠤᠯᠤᠨ᠂ ᠪᠦᠬᠦᠨ ᠢ ᠬᠠᠮᠤᠷᠤᠭᠤᠯᠬᠤ ᠪᠠᠷ ᠴᠢᠷᠮᠠᠶᠢᠵᠤ᠂ᠬᠡᠷᠡᠭᠴᠡᠭᠡ ᠲᠠᠢ ᠦᠶ᠎ᠡ ᠳᠤ ᠭᠡᠷ ᠪᠦᠯᠢ ᠶᠢᠨ ᠡᠮᠴᠢ ᠲᠠᠢ | ᠬᠠᠷᠢᠯᠴᠠᠬᠤ ᠪᠣᠯᠬᠤ ᠶᠢ ᠪᠠᠲᠤᠯᠠᠬᠤ ᠬᠡᠷᠡᠭᠲᠡᠢ᠃ | ᠡᠭᠦᠨ ᠠᠴᠠ ᠭᠠᠳᠠᠨ᠎ᠠ᠂ ᠡᠮ ᠡᠮᠨᠡᠯᠭᠡ ᠶᠢᠨ ᠬᠤᠯᠪᠣᠭᠠᠲᠤ ᠴᠣᠭᠴᠠ᠂ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ | ᠦᠢᠯᠡᠳᠦᠯ ᠢ ᠢᠳᠡᠪᠬᠢᠲᠡᠢ ᠪᠠᠳᠠᠷᠠᠭᠤᠯᠬᠤᠬᠡᠷᠡᠭᠲᠡᠢ᠃ ᠢᠯᠠᠩᠭᠤᠶ᠎ᠠ ᠳᠠᠭᠠᠭᠤᠯᠤᠭᠴᠢ ᠡᠮᠨᠡᠯᠭᠡ ᠶᠢᠨ ᠬᠤᠷᠢᠶ᠎ᠠ ᠶᠢᠨ | ᠦᠢᠯᠡᠳᠦᠯ ᠢ ᠪᠠᠳᠠᠷᠠᠭᠤᠯᠵᠤ᠂ ᠪᠦᠷᠢᠯᠳᠦᠭᠦᠨ ᠨᠢᠭᠡᠴᠢ ᠶᠢᠨ ᠬᠠᠯᠠᠭᠤᠷᠠᠯ ᠤᠨ ᠡᠭᠦᠳᠡᠨᠡᠮᠨᠡᠯᠭᠡ ᠶᠢᠨ ᠪᠦᠲᠦᠭᠡᠨ | ᠪᠠᠶᠢᠭᠤᠯᠤᠯᠲᠠ ᠵᠢᠴᠢ ᠠᠵᠢᠯᠯᠠᠭᠠᠨ ᠤ ᠪᠠᠶᠢᠳᠠᠯ ᠳᠤ ᠵᠢᠯᠣᠭᠤᠳᠤᠯᠭ᠎ᠠ ᠦᠵᠡᠭᠦᠯᠬᠦ ᠶᠢ ᠴᠢᠩᠭᠠᠳᠬᠠᠬᠤ ᠬᠡᠷᠡᠭᠲᠡᠢ᠃ ᠡᠮ | ᠡᠮᠨᠡᠯᠭᠡ ᠵᠢᠨᠬᠤᠯᠪᠣᠭᠠᠲᠤ ᠴᠣᠭᠴᠠ ᠶᠢᠨ ᠳᠣᠲᠣᠭᠠᠳᠤ ᠳᠠᠬᠢ ᠠᠵᠢᠯᠲᠠᠨ ᠤ ᠲᠣᠬᠢᠷᠠᠭᠤᠯᠤᠯᠲᠠ ᠶᠢ ᠨᠢᠭᠡᠳᠦᠯᠲᠡᠢ | ᠲᠥᠯᠥᠪᠯᠡᠵᠦ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦᠵᠠᠮ ᠢ ᠰᠠᠭᠠᠳ ᠦᠭᠡᠢ ᠨᠠᠪᠲᠠᠷᠡᠭᠦᠯᠵᠦ᠂ ᠦᠨᠳᠦᠰᠦᠨ | ᠱᠠᠲᠤᠨ ᠳᠤ ᠦᠵᠡᠭᠦᠯᠬᠦ ᠮᠡᠷᠭᠡᠵᠢᠯ ᠤᠨ ᠳᠡᠮᠵᠢᠯᠭᠡ᠂ ᠪᠣᠯᠪᠠᠰᠤᠷᠠᠭᠤᠯᠤᠯ ᠢ ᠴᠢᠩᠭᠠᠳᠬᠠᠨ᠂ᠵᠢᠯᠣᠭᠤᠳᠤᠯᠭ᠎ᠠ ᠪᠠᠨ | ᠴᠢᠩᠭᠠᠳᠬᠠᠬᠤ ᠶᠢᠨ ᠬᠠᠮᠲᠤ ᠶᠠᠰᠤ ᠴᠢᠨᠠᠷ ᠤᠨ ᠡᠵᠡᠮᠳᠡᠯ ᠢ ᠴᠢᠩᠭᠠᠳᠬᠠᠬᠤ ᠬᠡᠷᠡᠭᠲᠡᠢ᠃ | | | | | | | |