ᠶᠡᠷᠦᠩᠬᠡᠶ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠂ ︽ᠠᠭᠤᠤ ᠶᠡᠭᠡ ᠨᠠᠮ ᠪᠠᠶᠢᠭᠤᠯᠬᠤ ᠵᠣᠷᠢᠭ | ᠰᠠᠨᠠᠭ᠎ᠠ ᠪᠠᠷ ᠡᠬᠢ ᠡᠭᠦᠰᠦᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ | ᠰᠢᠰᠲ᠋ᠧᠮ ᠢ ᠪᠠᠳᠠᠷᠠᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠤᠰ ᠢᠶᠠᠨ ᠬᠠᠶᠢᠷᠠᠯᠠᠬᠤ | ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠬᠦᠴᠦᠯᠡᠨ ᠬᠥᠮᠦᠵᠢᠭᠦᠯᠦᠨ᠎ᠡ︾ | ᠂ ᠡᠨᠡ ᠨᠢ ᠰᠤᠷᠭᠠᠨ ᠬᠥᠮᠦᠵᠢᠯ ᠤᠨ ᠬᠥᠭᠵᠢᠯᠲᠡ ᠳᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ | ᠬᠠᠩᠭᠠᠵᠠᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ | ᠬᠡᠷᠡᠭᠯᠡᠵᠦ᠂ ᠲᠡᠭᠦᠨ ᠢᠶᠠᠷ ᠠᠵᠢᠯ ᠢ ᠵᠢᠯᠣᠭᠤᠳᠤᠨ ᠦᠢᠯᠡᠳᠦᠯᠭᠡ ᠶᠢ ᠠᠬᠢᠭᠤᠯᠬᠤ ᠨᠢ ᠮᠠᠨ ᠤ ᠰᠢᠰᠲ᠋ᠧᠮ ᠤᠨ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠭᠰᠠᠨ | ᠪᠠᠶᠢᠨ᠎ᠠ᠃ ᠡᠭᠦᠨ ᠤ ᠲᠤᠯᠠᠳᠠ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ | ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠬᠤ ᠶᠢ | ᠲᠡᠰ ᠳᠠᠪᠬᠤᠷᠭ᠎ᠠ ᠱᠠᠳᠤ ᠬᠤᠪᠢᠶᠠᠨ ᠭᠦᠨᠵᠡᠭᠡᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠪᠠ᠃ 11 | ᠰᠠᠷ᠎ᠠ ᠶᠢᠨ ᠰᠡᠭᠦᠯᠴᠢ ᠠᠴᠠ ᠥᠨᠥᠳᠦᠷ ᠪᠣᠯᠲᠠᠯ᠎ᠠ᠂ ᠰᠢᠩ ᠡᡁᠧ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠰᠢᠰᠲᠧᠮ ︽ᠡᠷᠡᠮᠡᠬᠡᠶᠢᠯᠡᠨ ᠲᠡᠮᠡᠴᠡᠵᠦ ᠢᠷᠡᠭᠡᠳᠦᠢ ᠵᠦᠭ ᠤᠷᠤᠭᠰᠢᠯᠠᠵᠤ᠂ ᠭᠠᠷ ᠬᠤᠯᠪᠣᠨ ᠰᠢᠨ᠎ᠡ ᠴᠠᠭ | ᠦᠶ᠎ᠡ ᠳᠤ ᠭᠠᠪᠢᠶ᠎ᠠ ᠪᠠᠶᠢᠭᠤᠯᠬᠤ︾ ᠪᠠᠷ ᠭᠤᠣᠯ ᠰᠡᠳᠦᠪ ᠪᠣᠯᠭᠠᠵᠤ᠂ ᠨᠢᠭᠡᠳᠦᠭᠡᠷ ᠱᠠᠲᠤᠨ ᠳᠤ 7 ᠳᠤᠮᠳᠠᠳᠤ ᠪᠠᠭ᠎ᠠ | ᠰᠤᠷᠭᠠᠭᠤᠯᠢ ᠳᠤ ᠬᠠᠨᠳᠤᠭᠤᠯᠤᠭᠰᠠᠨ 7 ᠲᠠᠯᠠᠪᠤᠷ ᠤᠳᠠᠭ᠎ᠠ ᠶᠢᠨ ᠭᠤᠣᠯ ᠰᠡᠳᠦᠪᠲᠦ ᠤᠬᠠᠭᠤᠯᠤᠨ | ᠲᠠᠶᠢᠯᠪᠤᠷᠢᠯᠠᠯᠲᠠ ᠶᠢ ᠪᠦᠬᠦ ᠲᠠᠯ᠎ᠠ ᠪᠠᠷ ᠪᠡᠶᠡᠯᠡᠭᠦᠯᠪᠡ᠃ | ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠶᠢ ᠰᠦᠯᠵᠢᠶᠡᠨ ᠳᠡᠭᠡᠷᠡᠬᠢ ᠬᠡᠯᠪᠡᠷᠢ ᠪᠠᠷ ᠥᠷᠨᠢᠭᠦᠯᠵᠦ᠂ | ᠨᠠᠮ ᠤᠨ ᠭᠡᠰᠢᠭᠦᠨ᠂ ᠪᠠᠭᠰᠢ ᠪᠣᠯᠤᠨ ᠰᠤᠷᠤᠭᠴᠢ ᠵᠡᠷᠭᠡ 1800 ᠭᠠᠷᠤᠢ ᠬᠥᠮᠦᠨ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠰᠣᠨᠣᠰᠴᠠᠢ᠃ | ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ | ᠨᠡᠷ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠶᠢ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠰᠤᠷᠭᠠᠨ | ᠬᠥᠮᠦᠵᠢᠯ ᠵᠢᠭᠠᠨ ᠰᠤᠷᠭᠠᠯᠲᠠ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠭᠦᠨᠵᠡᠭᠡᠶᠢᠷᠡᠭᠦᠯᠬᠦ ᠲᠠᠢ | ᠤᠶᠠᠯᠳᠤᠭᠤᠯᠵᠤ᠂ ᠪᠠᠭᠰᠢ ᠨᠠᠷ ᠢ ᠵᠢᠭᠠᠨ ᠵᠢᠯᠣᠭᠤᠳᠴᠤ ᠲᠦᠷᠪᠡ ᠶᠢ ᠪᠦᠷᠢᠳᠦᠭᠦᠯᠦᠭᠰᠡᠨ ᠰᠠᠶᠢᠨ ᠪᠠᠭᠰᠢ ᠪᠣᠯᠭᠠᠵᠤ᠂ | ᠰᠤᠷᠤᠭᠴᠢᠳ ᠢ ᠵᠢᠭᠠᠨ ᠵᠢᠯᠣᠭᠤᠳᠴᠤ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ | ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠦᠨ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠲᠠᠷᠢᠬᠢᠨ ᠳᠤ ᠬᠠᠳᠠᠩᠰᠢᠭᠤᠯᠬᠤ ᠶᠢ ᠠᠬᠢᠭᠤᠯᠪᠠ᠃ | ᠵᠠᠯᠠᠭᠤᠴᠤᠳ ᠪᠠᠭᠠᠴᠤᠳ ᠪᠣᠯ ᠡᠬᠡ ᠤᠯᠤᠰ ᠤᠨ ᠢᠷᠡᠭᠡᠳᠦᠶ ᠪᠠ ᠬᠦᠰᠡᠯ ᠡᠷᠡᠮᠡᠯᠵᠡᠯ ᠮᠥᠨ᠂ ᠰᠢᠨ᠎ᠡ ᠴᠠᠭ | ᠦᠶ᠎ᠡ ᠶᠢᠨ ᠳᠥᠷᠪᠡᠨ ᠵᠦᠢᠯ ᠤᠨ ᠰᠠᠶᠢᠨ ᠪᠠᠭᠠᠴᠤᠳ ᠢ ᠬᠥᠮᠦᠵᠢᠭᠦᠯᠦᠨ ᠪᠣᠶ ᠪᠣᠯᠭᠠᠬᠤ ᠨᠢ ᠨᠠᠩ ᠴᠢᠬᠤᠯᠠ ᠶᠤᠮ᠃ | ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠲᠠᠷᠠᠭ᠎ᠠ᠂ ᠥᠷᠭᠡᠨ ᠤᠯᠠᠨ ᠰᠤᠷᠤᠭᠴᠢᠳ ᠰᠦᠯᠵᠢᠶᠡᠨ ᠳᠡᠭᠡᠷ᠎ᠡ | ᠲᠦᠷᠦᠭᠳᠡᠯ ᠥᠭᠬᠦ᠂ ᠦᠵᠡᠭᠰᠡᠨ ᠤ ᠳᠠᠷᠠᠭᠠᠬᠢ ᠲᠦᠷᠦᠭᠳᠡᠯ ᠢᠶᠠᠨ ᠪᠢᠴᠢᠬᠦ ᠵᠡᠷᠭᠡ ᠠᠷᠭ᠎ᠠ ᠬᠡᠯᠪᠡᠷᠢ ᠪᠠᠷ ᠰᠢᠨ᠎ᠡ ᠴᠠᠭ | ᠦᠶ᠎ᠡ ᠶᠢᠨ ᠵᠠᠯᠠᠭᠤᠴᠤᠳ ᠪᠠᠭᠠᠴᠤᠳ ᠤᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠤᠯᠤᠰ ᠢᠶᠠᠨ | ᠬᠠᠶᠢᠷᠠᠯᠠᠬᠤ ᠬᠠᠯᠠᠭᠤᠨ ᠰᠡᠳᠬᠢᠯᠭᠡ ᠪᠠᠨ ᠢᠯᠡᠳᠬᠡᠵᠡᠢ᠃ | ᠥᠷᠭᠡᠨ ᠣᠯᠠᠨ ᠨᠠᠮ ᠤᠨ ᠭᠡᠰᠢᠭᠦᠨ᠂ ᠪᠠᠭᠰᠢ ᠠᠵᠢᠯᠲᠠᠨ ᠢᠯᠡᠷᠬᠡᠶᠢᠯᠡᠬᠦ ᠳᠡᠭᠡᠨ᠂ ︽ᠥᠷᠲᠡᠭ ᠤᠨ | ᠤᠳᠤᠷᠢᠳᠤᠮᠵᠢ︾ ︽ᠠᠰᠠᠭᠤᠳᠠᠯ ᠤᠨ ᠤᠳᠤᠷᠢᠳᠤᠮᠵᠢ︾ ︽ᠬᠠᠷᠠᠯᠲᠠ ᠶᠢᠨ ᠤᠳᠤᠷᠢᠳᠤᠮᠵᠢ︾ ᠭᠡᠬᠦ ᠭᠤᠷᠪᠠᠨ | ᠤᠳᠤᠷᠢᠳᠤᠮᠵᠢ ᠶᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ | ᠲᠤᠤᠱᠯᠠᠭᠤᠯᠤᠨ᠂ ᠶᠣᠰᠣ ᠮᠣᠷᠠᠯ ᠢ ᠪᠣᠶ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠵᠤ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠬᠥᠳᠡᠯᠮᠦᠷᠢ ᠪᠥᠬᠦ ᠲᠠᠯ᠎ᠠ ᠪᠠᠷ | ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠪᠠᠷ ᠬᠠᠷᠠᠯᠲᠠ | ᠪᠣᠯᠭᠠᠨ᠂ ᠪᠣᠳᠠᠲᠠᠶ ᠠᠵᠢᠯᠯᠠᠵᠤ ᠪᠣᠳᠠᠲᠠᠶ ᠠᠮᠵᠢᠯᠲᠠ ᠪᠦᠲᠦᠮᠵᠢ ᠪᠠᠷ ᠢᠶᠠᠨ ᠰᠢᠨ᠎ᠡ ᠠᠶᠠᠨ ᠵᠠᠮ ᠳᠤ ᠡᠷᠡᠯᠬᠡᠭᠯᠡᠨ | ᠤᠷᠤᠭᠰᠢᠯᠠᠵᠤ᠂ ᠬᠥᠭᠵᠢᠨ ᠮᠠᠨᠳᠤᠬᠤ ᠪᠠ ᠰᠤᠷᠭᠠᠨ ᠬᠥᠮᠦᠵᠢᠯ ᠤᠨ ᠰᠢᠨ᠎ᠡ ᠵᠢᠷᠤᠭ ᠲᠥᠰᠦᠪ ᠢ ᠵᠢᠷᠤᠭᠯᠠᠨ᠎ᠠ ᠭᠡᠵᠡᠶ᠃ | ᠰᠢᠨ᠎ᠡ ᠴᠠᠭ ᠦᠶ᠎ᠡ ᠶᠢᠨ ᠶᠠᠷᠢᠶᠠᠨ ᠤ ᠲᠠᠪᠴᠠᠩ ᠳᠡᠭᠡᠷ᠎ᠡ ᠵᠣᠭᠰᠣᠵᠤ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠨᠢ | ᠲᠦᠢᠯ ᠤᠨ ᠠᠵᠠ ᠵᠠᠪᠰᠢᠶᠠᠨ ᠲᠠᠢ ᠪᠥᠭᠡᠳ ᠣᠮᠣᠭᠰᠢᠯ ᠲᠠᠢ ᠪᠠᠶᠢᠨ᠎ᠠ ᠭᠡᠵᠦ ᠪᠠᠭᠰᠢ ᠨᠠᠷ ᠰᠠᠨᠠᠯ ᠨᠢᠭᠡᠲᠡᠢ ᠦᠵᠡᠪᠡ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠠᠮᠤᠭ ᠤᠨ ᠬᠦᠴᠦᠷᠬᠡᠭ ᠲᠠᠭᠤᠨ ᠢ ᠨᠢᠭᠡᠨᠲᠡ | ᠬᠠᠩᠭᠢᠨᠠᠭᠤᠯᠤᠭᠰᠠᠨ ᠪᠣᠯᠬᠤᠷ ᠪᠢᠳᠡᠨ ᠤ ᠠᠮᠤᠰᠬᠢᠵᠦ᠂ ᠠᠯᠭᠤᠷ ᠠᠭᠠᠵᠢᠮ ᠢᠶᠠᠷ ᠥᠭᠡᠷᠡᠴᠢᠯᠡᠯᠲᠡ ᠬᠥᠭᠵᠢᠯᠲᠡ ᠶᠢᠨ | ᠦᠷ᠎ᠡ ᠪᠦᠲᠦᠭᠡᠯ ᠢ ᠡᠳ᠋ᠯᠡᠵᠦ ᠪᠣᠯᠬᠤ ᠦᠭᠡᠢ᠂ ᠨᠡᠩ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠰᠡᠳᠬᠢᠯᠭᠡ ᠪᠠᠷ ᠮᠠᠨ ᠤ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠪᠦᠲᠦᠭᠡᠨ ᠪᠠᠶᠢᠭᠤᠯᠤᠯᠲᠠ ᠳᠤ | ᠣᠷᠣᠯᠴᠠᠬᠤ ᠬᠡᠷᠡᠭᠲᠡᠶ᠃ ᠪᠠᠭ᠎ᠠ ᠶᠠᠪᠤᠳᠠᠯ ᠠᠴᠠ ᠡᠬᠢᠯᠡᠨ ᠬᠢᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ | ᠰᠤᠷᠭᠠᠨ ᠬᠥᠮᠦᠵᠢᠯ ᠤᠨ ᠡᠨᠡᠬᠦ ᠠᠷᠢᠭᠤᠨ ᠣᠷᠣᠨ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ᠃ ᠪᠢᠳᠡᠨ ᠤ | ᠴᠢᠷᠮᠠᠶᠢᠯᠭ᠎ᠠ ᠪᠠᠷ ᠳᠠᠮᠵᠢᠭᠤᠯᠤᠨ᠂ ᠬᠡᠦᠬᠡᠳ ᠤᠳ ᠲᠤ ᠨᠠᠮ ᠤᠨ ᠠᠴᠢ ᠲᠤᠰᠠ ᠶᠢ ᠮᠡᠳᠡᠷᠡᠭᠦᠯᠵᠦ᠂ ᠴᠠᠭ ᠦᠶ᠎ᠡ ᠲᠠᠢ | ᠬᠠᠮᠲᠤ ᠪᠠᠷ ᠤᠷᠤᠭᠰᠢᠯᠠᠭᠤᠯᠵᠤ᠂ ᠶᠣᠰᠣ ᠰᠤᠷᠲᠠᠬᠤᠨ᠂ ᠤᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ | ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ | ᠵᠠᠯᠭᠠᠮᠵᠢᠯᠠᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠤᠬᠠᠭᠤᠯᠵᠤ᠂ ᠰᠠᠶᠢᠲᠤᠷ | ᠰᠤᠷᠤᠯᠴᠠᠵᠤ᠂ ᠰᠠᠶᠢᠲᠤᠷ ᠲᠤᠤᠱᠯᠠᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠰᠢᠰᠲ᠋ᠧᠮ ᠤᠨ ᠥᠷᠭᠡᠨ | ᠤᠯᠠᠨ ᠨᠠᠮ ᠤᠨ ᠭᠡᠰᠢᠭᠦᠨ ᠺᠠᠳ᠋ᠷ᠂ ᠪᠠᠭᠰᠢ ᠠᠵᠢᠯᠳᠠᠨ ᠠᠵᠢᠯᠴᠢᠨ ᠢ ᠬᠦᠳᠦᠯᠦᠨ ᠵᠢᠯᠣᠭᠤᠳᠴᠤ ᠪᠠᠶᠢᠭᠠᠳ ︽ | ᠲᠦᠷᠪᠡᠨ ᠤᠬᠠᠮᠰᠠᠷ︾ ᠢ ᠨᠢ ᠴᠢᠩᠭᠠᠳᠬᠠᠵᠤ᠂ ︽ᠲᠦᠷᠪᠡᠨ ᠢᠲᠡᠭᠡᠯ︾ ᠢ ᠨᠢ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠮᠠᠨ ᠤ ᠰᠢᠰᠲ᠋ᠧᠮ ᠤᠨ ᠬᠢᠨ ᠡᠯ᠎ᠡ ᠰᠤᠷᠭᠠᠭᠤᠯᠢ ᠠᠴᠠ ᠦᠵᠡᠯ ᠰᠠᠨᠠᠭ᠎ᠠ ᠤᠯᠤᠰ | ᠲᠦᠷᠦ᠂ ᠲᠡᠦᠬᠡ ᠶᠢᠨ ᠬᠢᠴᠢᠶᠡᠯ ᠤᠨ 9 ᠰᠢᠯᠢᠳᠡᠭ ᠪᠠᠭᠰᠢ ᠶᠢᠨ ᠲᠥᠯᠥᠭᠡᠯᠡᠭᠴᠢ ᠶᠢ ᠰᠢᠯᠢᠨ ᠰᠣᠩᠭᠤᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠪᠦᠷᠢᠯᠳᠦᠭᠦᠯᠵᠦ᠂ | ᠪᠦᠬᠦ ᠰᠢᠰᠲ᠋ᠧᠮ ᠳᠤ ᠨᠠᠮ ᠤᠨ ᠲᠠᠭᠤᠨ ᠢ ᠥᠷᠭᠡᠨ ᠢᠶᠠᠷ ᠤᠬᠠᠭᠤᠯᠵᠤ᠂ ᠨᠠᠮ ᠤᠨ ᠵᠣᠷᠢᠭ ᠰᠠᠨᠠᠭ᠎ᠠ ᠪᠣᠯᠤᠨ ᠵᠠᠮ ᠢ | ᠮᠠᠨ ᠤ ᠰᠢᠰᠲ᠋ᠧᠮ ᠤᠨ ᠥᠨᠴᠥᠭ ᠪᠤᠯᠤᠩ ᠪᠦᠬᠦᠨ ᠳᠤ ᠬᠦᠷᠲᠡᠯ᠎ᠡ ᠨᠡᠪᠲᠡᠷᠡᠭᠦᠯᠪᠡ᠃ ᠠᠩᠬᠠᠳᠤᠭᠠᠷ ᠤᠳᠠᠭᠠᠨ ᠤ | ᠮᠡᠳᠡᠭᠦᠯᠦᠯᠲᠡ ᠶᠢᠨ ᠬᠤᠷᠠᠯ ᠳᠠᠭᠤᠰᠤᠭᠰᠠᠨ ᠤ ᠲᠠᠷᠠᠭ᠎ᠠ᠂ ᠪᠤᠰᠤᠳ ᠲᠠᠯᠠᠪᠤᠷ ᠤᠨ ᠤᠬᠠᠭᠤᠯᠤᠨ ᠲᠠᠶᠢᠯᠪᠤᠷᠢᠯᠠᠬᠤ | ᠠᠵᠢᠯᠯᠠᠭ᠎ᠠ ᠵᠠᠯᠭᠠᠭ᠎ᠠ ᠪᠠᠷ ᠶᠠᠪᠤᠭᠳᠠᠬᠤ ᠪᠣᠯᠤᠨ᠎ᠠ᠃ | | | ︵ᠨᠠᠶᠢᠷᠠᠭᠤᠯᠤᠭᠴᠢ᠄ ᠸᠠᠩ ᠰᠢᠤᠸᠠᠢ ᠳ᠋ᠦᠩ︶ | ᠵᠣᠬᠢᠶᠠᠭᠴᠢ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |