12 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠤᠷᠢᠳ | ᠬᠤᠵᠢᠳ ᠡᠷᠳᠡᠨᠢ ᠪᠠᠯᠭᠠᠰᠤ᠂ ᠳ᠋ᠠ ᠲᠦᠩ ᠶᠣᠣ ᠰᠢᠶᠠᠩ᠂ ᠴᠧᠩ ᠭᠤᠸᠠᠨ ᠪᠠᠯᠭᠠᠰᠤᠨ ᠳᠤ ᠭᠦᠨᠵᠡᠭᠡᠶᠢᠷᠡᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠪᠠᠶᠢᠴᠠᠭᠠᠨ | ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ | | | ᠶᠠᠳᠠᠭᠤ ᠠᠴᠠ ᠠᠩᠭᠢᠵᠢᠷᠠᠭᠰᠠᠨ ᠡᠷᠦᠬᠡ ᠵᠧᠤ ᠰᠢ ᠸᠠᠩ ᠤᠨ ᠭᠡᠷ ᠲᠤ᠂ ᠸᠠᠩ ᠬᠤᠢ ᠢᠦᠶ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠤᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠤ | ᠳᠠᠷᠠᠭᠠᠬᠢ ᠦᠨᠡᠯᠡᠨ ᠵᠢᠱᠢᠭᠰᠡᠨ ᠲᠠᠩᠰᠠ ᠡᠪᠬᠡᠮᠡᠯ ᠤᠨ ᠮᠠᠲ᠋ᠧᠷᠢᠶᠠᠯ ᠢ ᠨᠠᠷᠢᠨ ᠨᠢᠮᠪᠠᠶ ᠪᠠᠶᠢᠴᠠᠭᠠᠨ ᠦᠵᠡᠵᠦ᠂ | ᠲᠡᠳᠡᠨ ᠤ ᠬᠡᠷ ᠪᠦᠯᠢ ᠶᠢᠨ ᠪᠠᠶᠢᠳᠠᠯ᠂ ᠠᠵᠤ ᠠᠬᠤᠶ ᠶᠢᠨ ᠣᠷᠣᠯᠭ᠎ᠠ ᠪᠣᠯᠤᠨ ᠡᠯ᠎ᠡ ᠵᠤᠶᠢᠯ ᠤᠨ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠯᠠᠮᠵᠢᠯᠠᠨ ᠠᠰᠠᠭᠤᠭᠰᠠᠨ ᠪᠥᠭᠡᠳ | ᠶᠠᠷᠢᠯᠴᠠᠬᠤ ᠬᠤᠷᠠᠯ ᠬᠤᠷᠠᠯᠳᠤᠭᠤᠯᠵᠤ ᠬᠥᠳᠡᠭᠡ ᠲᠣᠰᠬᠤᠨ ᠬᠤᠶᠠᠷ ᠱᠠᠲᠤᠨ ᠤ ᠺᠠᠳ᠋ᠷᠴᠤᠳ ᠲᠠᠢ ᠰᠠᠨᠠᠯ ᠢᠶᠠᠨ | ᠭᠦᠨᠵᠡᠭᠡᠶ ᠰᠣᠯᠢᠯᠴᠠᠵᠤ᠂ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ | ᠠᠵᠢᠯ ᠤᠨ ᠪᠠᠶᠢᠳᠠᠯ ᠢ ᠬᠢᠨᠠᠨ ᠬᠡᠮᠵᠢᠭᠰᠡᠨ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠵᠡᠷᠭᠡ | ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ | | | ᠸᠠᠩ ᠬᠤᠢ ᠢᠦᠢ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠲᠡᠷᠢᠭᠦᠨ | ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠲᠠᠬᠢᠨ ᠶᠠᠳᠠᠭᠤᠷᠠᠬᠤ ᠭᠤᠣᠯᠳᠠᠯᠭ᠎ᠠ ᠲᠠᠢ | ᠬᠥᠮᠦᠰ ᠢ ᠴᠢᠩᠭ᠎ᠠ ᠠᠩᠬᠠᠷᠴᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ | ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠨᠢᠨ | ᠳᠡᠭᠡᠷ᠎ᠡ ᠨᠢ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠬᠤᠷᠢᠭ᠎ᠠ ᠱᠤᠭᠤᠮ ᠢ | ᠪᠠᠲᠤ ᠰᠠᠬᠢᠬᠤ ᠬᠡᠷᠡᠭᠲᠡᠢ᠃ ︽ᠲᠠᠪᠤ ᠳᠤ ᠨᠥᠬᠦᠪᠥᠷᠢ ᠥᠭᠬᠦ︾ ᠲᠦᠷᠦ ᠶᠢᠨ ᠪᠤᠳᠤᠯᠭ᠎ᠠ᠂ ᠶᠠᠳᠠᠭᠤ ᠬᠦᠴᠢᠷᠳᠡᠯᠲᠡᠢ | ᠬᠥᠮᠦᠨ ᠠᠮᠠ ᠶᠢ ᠰᠡᠷᠭᠡᠶᠢᠯᠡᠬᠦ ᠳᠠᠭᠠᠳᠬᠠᠯ᠂ ᠡᠮ ᠡᠮᠨᠡᠯᠭᠡ ᠶᠢᠨ ᠲᠠᠩᠰᠠ ᠲᠠᠶᠢᠯᠬᠤ ᠪᠠ ᠲᠦᠷ ᠴᠠᠭ ᠠᠪᠤᠷᠠᠨ | ᠲᠤᠰᠠᠯᠠᠬᠤ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ | ᠠᠪᠴᠤ ᠪᠠᠶᠢᠭᠠᠳ ᠭᠠᠩ ᠬᠠᠭᠰᠠᠷᠠᠭᠠᠨ ᠤ ᠪᠠᠶᠢᠳᠠᠯ᠂ ᠬᠢᠵᠢᠭ ᠤᠨ ᠪᠠᠶᠢᠳᠠᠯ ᠠᠴᠠ ᠪᠣᠯᠤᠭᠰᠠᠨ ᠲᠠᠬᠢᠨ ᠶᠠᠳᠠᠭᠤᠷᠠᠵᠤ | ᠶᠠᠳᠠᠭᠤᠷᠠᠬᠤ ᠲᠦᠭᠰᠢᠭᠦᠷᠢ ᠶᠢ ᠪᠠᠭᠠᠰᠬᠠᠬᠤ ᠬᠡᠷᠡᠭᠲᠡᠢ᠃ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ᠂ | ᠤᠰᠤ ᠤᠮᠳᠠ ᠶᠢᠨ ᠠᠮᠤᠷ ᠲᠦᠪᠰᠢᠨ᠂ ᠡᠷᠦᠬᠡ ᠶᠢᠨ ᠵᠣᠷᠯᠣᠩ ᠢ ᠰᠢᠨᠡᠳᠬᠡᠨ ᠵᠠᠰᠠᠬᠤ᠂ ᠤᠯᠠᠨ ᠲᠦᠮᠡᠨ ᠤ | ᠣᠷᠣᠯᠭ᠎ᠠ ᠶᠢ ᠨᠡᠮᠡᠭᠳᠡᠭᠦᠯᠬᠦ᠂ ᠲᠣᠰᠬᠤᠨ ᠤ ᠬᠠᠮᠲᠤ ᠶᠢᠨ ᠠᠵᠤ ᠠᠬᠤᠢ᠂ ᠬᠥᠳᠡᠭᠡ ᠲᠣᠰᠬᠤᠨ ᠢ ᠵᠠᠰᠠᠬᠤ ᠵᠡᠷᠭᠡ | ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠲᠠᠰᠤᠷᠠᠯᠳᠡ ᠦᠭᠡᠢ ᠰᠢᠨ᠎ᠡ ᠠᠬᠢᠴᠠ ᠲᠠᠢ ᠪᠣᠯᠭᠠᠬᠤ ᠶᠢ | ᠪᠠᠲᠤᠯᠠᠬᠤ ᠬᠡᠷᠡᠭᠲᠡᠢ᠃ | ᠰᠢᠶᠠᠨ ᠤ ᠤᠳᠤᠷᠢᠳᠤᠯᠭ᠎ᠠ ᠯᠢ ᠼᠠᠢ ᠴᠢᠩ᠂ ᠸᠠᠩ ᠰᠢᠶᠤᠤ ᠵᠢᠶᠦ᠋ᠨ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |