ᠰᠢᠶᠠᠨ ᠤ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠰᠢᠰᠲ᠋ᠧᠮ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ ᠡᠬᠢᠯᠡᠪᠡ
ᠨᠡᠶᠢᠲᠡᠯᠡᠭᠰᠡᠨ ᠴᠠᠭ᠄
2022/12/6
     ᠶᠡᠷᠦᠩᠬᠡᠶ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠂ ︽ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠪᠠᠷ ᠡᠬᠢ ᠡᠭᠦᠰᠦᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠰᠢᠰᠲ᠋ᠧᠮ ᠢ ᠪᠠᠳᠠᠷᠠᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠬᠦᠴᠦᠯᠡᠨ ᠬᠥᠮᠦᠵᠢᠭᠦᠯᠦᠨ᠎ᠡ︾ ᠂ ᠡᠨᠡ ᠨᠢ ᠰᠤᠷᠭᠠᠨ ᠬᠥᠮᠦᠵᠢᠯ ᠤᠨ ᠬᠥᠭᠵᠢᠯᠲᠡ ᠳᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠲᠡᠭᠦᠨ ᠢᠶᠠᠷ ᠠᠵᠢᠯ ᠢ ᠵᠢᠯᠣᠭᠤᠳᠤᠨ ᠦᠢᠯᠡᠳᠦᠯᠭᠡ ᠶᠢ ᠠᠬᠢᠭᠤᠯᠬᠤ ᠨᠢ ᠮᠠᠨ ᠤ ᠰᠢᠰᠲ᠋ᠧᠮ ᠤᠨ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠭᠰᠠᠨ ᠪᠠᠶᠢᠨ᠎ᠠ᠃ ᠡᠭᠦᠨ ᠤ ᠲᠤᠯᠠᠳᠠ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠬᠤ ᠶᠢ ᠲᠡᠰ ᠳᠠᠪᠬᠤᠷᠭ᠎ᠠ ᠱᠠᠳᠤ ᠬᠤᠪᠢᠶᠠᠨ ᠭᠦᠨᠵᠡᠭᠡᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠪᠠ᠃ 11 ᠰᠠᠷ᠎ᠠ ᠶᠢᠨ ᠰᠡᠭᠦᠯᠴᠢ ᠠᠴᠠ ᠥᠨᠥᠳᠦᠷ ᠪᠣᠯᠲᠠᠯ᠎ᠠ᠂ ᠰᠢᠩ ᠡᡁᠧ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲᠧᠮ ︽ᠡᠷᠡᠮᠡᠬᠡᠶᠢᠯᠡᠨ ᠲᠡᠮᠡᠴᠡᠵᠦ ᠢᠷᠡᠭᠡᠳᠦᠢ ᠵᠦᠭ ᠤᠷᠤᠭᠰᠢᠯᠠᠵᠤ᠂ ᠭᠠᠷ ᠬᠤᠯᠪᠣᠨ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ ᠪᠠᠷ ᠭᠤᠣᠯ ᠰᠡᠳᠦᠪ ᠪᠣᠯᠭᠠᠵᠤ᠂ ᠨᠢᠭᠡᠳᠦᠭᠡᠷ ᠱᠠᠲᠤᠨ ᠳᠤ 7 ᠳᠤᠮᠳᠠᠳᠤ ᠪᠠᠭ᠎ᠠ ᠰᠤᠷᠭᠠᠭᠤᠯᠢ ᠳᠤ ᠬᠠᠨᠳᠤᠭᠤᠯᠤᠭᠰᠠᠨ 7 ᠲᠠᠯᠠᠪᠤᠷ ᠤᠳᠠᠭ᠎ᠠ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠪᠦᠬᠦ ᠲᠠᠯ᠎ᠠ ᠪᠠᠷ ᠪᠡᠶᠡᠯᠡᠭᠦᠯᠪᠡ᠃      ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠶᠢ ᠰᠦᠯᠵᠢᠶᠡᠨ ᠳᠡᠭᠡᠷᠡᠬᠢ ᠬᠡᠯᠪᠡᠷᠢ ᠪᠠᠷ ᠥᠷᠨᠢᠭᠦᠯᠵᠦ᠂ ᠨᠠᠮ ᠤᠨ ᠭᠡᠰᠢᠭᠦᠨ᠂ ᠪᠠᠭᠰᠢ ᠪᠣᠯᠤᠨ ᠰᠤᠷᠤᠭᠴᠢ ᠵᠡᠷᠭᠡ 1800 ᠭᠠᠷᠤᠢ ᠬᠥᠮᠦᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠰᠣᠨᠣᠰᠴᠠᠢ᠃      ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠨᠡᠷ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠶᠢ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠭᠦᠨᠵᠡᠭᠡᠶᠢᠷᠡᠭᠦᠯᠬᠦ ᠲᠠᠢ ᠤᠶᠠᠯᠳᠤᠭᠤᠯᠵᠤ᠂ ᠪᠠᠭᠰᠢ ᠨᠠᠷ ᠢ ᠵᠢᠭᠠᠨ ᠵᠢᠯᠣᠭᠤᠳᠴᠤ ᠲᠦᠷᠪᠡ ᠶᠢ ᠪᠦᠷᠢᠳᠦᠭᠦᠯᠦᠭᠰᠡᠨ ᠰᠠᠶᠢᠨ ᠪᠠᠭᠰᠢ ᠪᠣᠯᠭᠠᠵᠤ᠂ ᠰᠤᠷᠤᠭᠴᠢᠳ ᠢ ᠵᠢᠭᠠᠨ ᠵᠢᠯᠣᠭᠤᠳᠴᠤ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠦᠨ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢᠨ ᠳᠤ ᠬᠠᠳᠠᠩᠰᠢᠭᠤᠯᠬᠤ ᠶᠢ ᠠᠬᠢᠭᠤᠯᠪᠠ᠃      ᠵᠠᠯᠠᠭᠤᠴᠤᠳ ᠪᠠᠭᠠᠴᠤᠳ ᠪᠣᠯ ᠡᠬᠡ ᠤᠯᠤᠰ ᠤᠨ ᠢᠷᠡᠭᠡᠳᠦᠶ ᠪᠠ ᠬᠦᠰᠡᠯ ᠡᠷᠡᠮᠡᠯᠵᠡᠯ ᠮᠥᠨ᠂ ᠰᠢᠨ᠎ᠡ ᠴᠠᠭ ᠦᠶ᠎ᠡ ᠶᠢᠨ ᠳᠥᠷᠪᠡᠨ ᠵᠦᠢᠯ ᠤᠨ ᠰᠠᠶᠢᠨ ᠪᠠᠭᠠᠴᠤᠳ ᠢ ᠬᠥᠮᠦᠵᠢᠭᠦᠯᠦᠨ ᠪᠣᠶ ᠪᠣᠯᠭᠠᠬᠤ ᠨᠢ ᠨᠠᠩ ᠴᠢᠬᠤᠯᠠ ᠶᠤᠮ᠃ ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠲᠠᠷᠠᠭ᠎ᠠ᠂ ᠥᠷᠭᠡᠨ ᠤᠯᠠᠨ ᠰᠤᠷᠤᠭᠴᠢᠳ ᠰᠦᠯᠵᠢᠶᠡᠨ ᠳᠡᠭᠡᠷ᠎ᠡ ᠲᠦᠷᠦᠭᠳᠡᠯ ᠥᠭᠬᠦ᠂ ᠦᠵᠡᠭᠰᠡᠨ ᠤ ᠳᠠᠷᠠᠭᠠᠬᠢ ᠲᠦᠷᠦᠭᠳᠡᠯ ᠢᠶᠠᠨ ᠪᠢᠴᠢᠬᠦ ᠵᠡᠷᠭᠡ ᠠᠷᠭ᠎ᠠ ᠬᠡᠯᠪᠡᠷᠢ ᠪᠠᠷ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠪᠠᠨ ᠢᠯᠡᠳᠬᠡᠵᠡᠢ᠃      ᠥᠷᠭᠡᠨ ᠣᠯᠠᠨ ᠨᠠᠮ ᠤᠨ ᠭᠡᠰᠢᠭᠦᠨ᠂ ᠪᠠᠭᠰᠢ ᠠᠵᠢᠯᠲᠠᠨ ᠢᠯᠡᠷᠬᠡᠶᠢᠯᠡᠬᠦ ᠳᠡᠭᠡᠨ᠂ ︽ᠥᠷᠲᠡᠭ ᠤᠨ ᠤᠳᠤᠷᠢᠳᠤᠮᠵᠢ︾ ︽ᠠᠰᠠᠭᠤᠳᠠᠯ ᠤᠨ ᠤᠳᠤᠷᠢᠳᠤᠮᠵᠢ︾ ︽ᠬᠠᠷᠠᠯᠲᠠ ᠶᠢᠨ ᠤᠳᠤᠷᠢᠳᠤᠮᠵᠢ︾ ᠭᠡᠬᠦ ᠭᠤᠷᠪᠠᠨ ᠤᠳᠤᠷᠢᠳᠤᠮᠵᠢ ᠶᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠤᠱᠯᠠᠭᠤᠯᠤᠨ᠂ ᠶᠣᠰᠣ ᠮᠣᠷᠠᠯ ᠢ ᠪᠣᠶ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠪᠠᠷ ᠬᠠᠷᠠᠯᠲᠠ ᠪᠣᠯᠭᠠᠨ᠂ ᠪᠣᠳᠠᠲᠠᠶ ᠠᠵᠢᠯᠯᠠᠵᠤ ᠪᠣᠳᠠᠲᠠᠶ ᠠᠮᠵᠢᠯᠲᠠ ᠪᠦᠲᠦᠮᠵᠢ ᠪᠠᠷ ᠢᠶᠠᠨ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ᠂ ᠬᠥᠭᠵᠢᠨ ᠮᠠᠨᠳᠤᠬᠤ ᠪᠠ ᠰᠤᠷᠭᠠᠨ ᠬᠥᠮᠦᠵᠢᠯ ᠤᠨ ᠰᠢᠨ᠎ᠡ ᠵᠢᠷᠤᠭ ᠲᠥᠰᠦᠪ ᠢ ᠵᠢᠷᠤᠭᠯᠠᠨ᠎ᠠ ᠭᠡᠵᠡᠶ᠃ ᠰᠢᠨ᠎ᠡ ᠴᠠᠭ ᠦᠶ᠎ᠡ ᠶᠢᠨ ᠶᠠᠷᠢᠶᠠᠨ ᠤ ᠲᠠᠪᠴᠠᠩ ᠳᠡᠭᠡᠷ᠎ᠡ ᠵᠣᠭᠰᠣᠵᠤ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠨᠢ ᠲᠦᠢᠯ ᠤᠨ ᠠᠵᠠ ᠵᠠᠪᠰᠢᠶᠠᠨ ᠲᠠᠢ ᠪᠥᠭᠡᠳ ᠣᠮᠣᠭᠰᠢᠯ ᠲᠠᠢ ᠪᠠᠶᠢᠨ᠎ᠠ ᠭᠡᠵᠦ ᠪᠠᠭᠰᠢ ᠨᠠᠷ ᠰᠠᠨᠠᠯ ᠨᠢᠭᠡᠲᠡᠢ ᠦᠵᠡᠪᠡ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠠᠮᠤᠭ ᠤᠨ ᠬᠦᠴᠦᠷᠬᠡᠭ ᠲᠠᠭᠤᠨ ᠢ ᠨᠢᠭᠡᠨᠲᠡ ᠬᠠᠩᠭᠢᠨᠠᠭᠤᠯᠤᠭᠰᠠᠨ ᠪᠣᠯᠬᠤᠷ ᠪᠢᠳᠡᠨ ᠤ ᠠᠮᠤᠰᠬᠢᠵᠦ᠂ ᠠᠯᠭᠤᠷ ᠠᠭᠠᠵᠢᠮ ᠢᠶᠠᠷ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠵᠦ ᠪᠣᠯᠬᠤ ᠦᠭᠡᠢ᠂ ᠨᠡᠩ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠮᠠᠨ ᠤ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠬᠡᠷᠡᠭᠲᠡᠶ᠃ ᠪᠠᠭ᠎ᠠ ᠶᠠᠪᠤᠳᠠᠯ ᠠᠴᠠ ᠡᠬᠢᠯᠡᠨ ᠬᠢᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠰᠤᠷᠭᠠᠨ ᠬᠥᠮᠦᠵᠢᠯ ᠤᠨ ᠡᠨᠡᠬᠦ ᠠᠷᠢᠭᠤᠨ ᠣᠷᠣᠨ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ᠃ ᠪᠢᠳᠡᠨ ᠤ ᠴᠢᠷᠮᠠᠶᠢᠯᠭ᠎ᠠ ᠪᠠᠷ ᠳᠠᠮᠵᠢᠭᠤᠯᠤᠨ᠂ ᠬᠡᠦᠬᠡᠳ ᠤᠳ ᠲᠤ ᠨᠠᠮ ᠤᠨ ᠠᠴᠢ ᠲᠤᠰᠠ ᠶᠢ ᠮᠡᠳᠡᠷᠡᠭᠦᠯᠵᠦ᠂ ᠴᠠᠭ ᠦᠶ᠎ᠡ ᠲᠠᠢ ᠬᠠᠮᠲᠤ ᠪᠠᠷ ᠤᠷᠤᠭᠰᠢᠯᠠᠭᠤᠯᠵᠤ᠂ ᠶᠣᠰᠣ ᠰᠤᠷᠲᠠᠬᠤᠨ᠂ ᠤᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠤᠬᠠᠭᠤᠯᠵᠤ᠂ ᠰᠠᠶᠢᠲᠤᠷ ᠰᠤᠷᠤᠯᠴᠠᠵᠤ᠂ ᠰᠠᠶᠢᠲᠤᠷ ᠲᠤᠤᠱᠯᠠᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠰᠢᠰᠲ᠋ᠧᠮ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ᠂ ᠪᠠᠭᠰᠢ ᠠᠵᠢᠯᠳᠠᠨ ᠠᠵᠢᠯᠴᠢᠨ ᠢ ᠬᠦᠳᠦᠯᠦᠨ ᠵᠢᠯᠣᠭᠤᠳᠴᠤ ᠪᠠᠶᠢᠭᠠᠳ ︽ᠲᠦᠷᠪᠡᠨ ᠤᠬᠠᠮᠰᠠᠷ︾ ᠢ ᠨᠢ ᠴᠢᠩᠭᠠᠳᠬᠠᠵᠤ᠂ ︽ᠲᠦᠷᠪᠡᠨ ᠢᠲᠡᠭᠡᠯ︾ ᠢ ᠨᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠮᠠᠨ ᠤ ᠰᠢᠰᠲ᠋ᠧᠮ ᠤᠨ ᠬᠢᠨ ᠡᠯ᠎ᠡ ᠰᠤᠷᠭᠠᠭᠤᠯᠢ ᠠᠴᠠ ᠦᠵᠡᠯ ᠰᠠᠨᠠᠭ᠎ᠠ ᠤᠯᠤᠰ ᠲᠦᠷᠦ᠂ ᠲᠡᠦᠬᠡ ᠶᠢᠨ ᠬᠢᠴᠢᠶᠡᠯ ᠤᠨ 9 ᠰᠢᠯᠢᠳᠡᠭ ᠪᠠᠭᠰᠢ ᠶᠢᠨ ᠲᠥᠯᠥᠭᠡᠯᠡᠭᠴᠢ ᠶᠢ ᠰᠢᠯᠢᠨ ᠰᠣᠩᠭᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠪᠦᠷᠢᠯᠳᠦᠭᠦᠯᠵᠦ᠂ ᠪᠦᠬᠦ ᠰᠢᠰᠲ᠋ᠧᠮ ᠳᠤ ᠨᠠᠮ ᠤᠨ ᠲᠠᠭᠤᠨ ᠢ ᠥᠷᠭᠡᠨ ᠢᠶᠠᠷ ᠤᠬᠠᠭᠤᠯᠵᠤ᠂ ᠨᠠᠮ ᠤᠨ ᠵᠣᠷᠢᠭ ᠰᠠᠨᠠᠭ᠎ᠠ ᠪᠣᠯᠤᠨ ᠵᠠᠮ ᠢ ᠮᠠᠨ ᠤ ᠰᠢᠰᠲ᠋ᠧᠮ ᠤᠨ ᠥᠨᠴᠥᠭ ᠪᠤᠯᠤᠩ ᠪᠦᠬᠦᠨ ᠳᠤ ᠬᠦᠷᠲᠡᠯ᠎ᠡ ᠨᠡᠪᠲᠡᠷᠡᠭᠦᠯᠪᠡ᠃ ᠠᠩᠬᠠᠳᠤᠭᠠᠷ ᠤᠳᠠᠭᠠᠨ ᠤ ᠮᠡᠳᠡᠭᠦᠯᠦᠯᠲᠡ ᠶᠢᠨ ᠬᠤᠷᠠᠯ ᠳᠠᠭᠤᠰᠤᠭᠰᠠᠨ ᠤ ᠲᠠᠷᠠᠭ᠎ᠠ᠂ ᠪᠤᠰᠤᠳ ᠲᠠᠯᠠᠪᠤᠷ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠵᠠᠯᠭᠠᠭ᠎ᠠ ᠪᠠᠷ ᠶᠠᠪᠤᠭᠳᠠᠬᠤ ᠪᠣᠯᠤᠨ᠎ᠠ᠃                                                                    ︵ᠨᠠᠶᠢᠷᠠᠭᠤᠯᠤᠭᠴᠢ᠄ ᠸᠠᠩ ᠰᠢᠤᠸᠠᠢ ᠳ᠋ᠦᠩ︶                                ᠵᠣᠬᠢᠶᠠᠭᠴᠢ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3