ᠰᠢᠩ ᠾᠧ ᠰᠢᠶᠠᠨ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾᠎ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/12/8
     12 ᠰᠠᠷ᠎ᠠ ᠶᠢᠨ 4᠎ ᠤ ᠡᠳᠦᠷ᠂ ᠶᠢᠰᠦᠳᠦᠭᠡᠷ ᠤᠯᠤᠰ ᠤᠨ ᠦᠨᠳᠦᠰᠦᠨ ᠬᠠᠤᠯᠢ ᠶᠢᠨ ᠡᠳᠦᠷ᠂ ᠮᠠᠨ ᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠶᠢ ᠨᠡᠶᠢᠲᠡᠯᠡᠵᠦ ᠬᠡᠷᠡᠭᠵᠢᠭᠦᠯᠦᠭᠰᠡᠨ 40 ᠵᠢᠯ ᠤᠨ ᠤᠢ ᠶᠢᠨ ᠲᠠᠰᠢᠷᠠᠮ ᠢᠶᠠᠷ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠴᠢᠨᠠᠭᠰᠢᠳᠠ ᠪᠠᠳᠠᠷᠠᠭᠤᠯᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠬᠤ ᠶᠢᠨ ᠲᠥᠯᠥᠭᠡ᠂ ᠰᠢᠩ ᠡᡁᠧ ᠰᠢᠶᠠᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠵᠤ ᠦᠨᠳᠦᠰᠦᠨ ᠬᠠᠤᠯᠢ ᠶᠢ ᠪᠦᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠬᠦ ᠶᠢ ᠠᠬᠢᠭᠤᠯᠬᠤ︾᠎ ᠪᠠᠷ ᠭᠤᠣᠯ ᠰᠡᠳᠦᠪ ᠪᠣᠯᠭᠠᠭᠰᠠᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ᠃        ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠩ ᠾᠧ ᠰᠢᠶᠠᠨ ᠤ ᠬᠢᠨ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠭᠤᠤᠯ ᠰᠡᠳᠦᠪᠲᠦ ᠠᠵᠢᠯᠯᠠᠭ᠎ᠠ ᠪᠠ ᠤᠨᠴᠠᠯᠢᠬᠳᠤ ᠠᠵᠢᠯᠯᠠᠭ᠎ᠠ ᠶᠢ ᠤᠶᠠᠯᠳᠤᠭᠤᠯᠬᠤ ᠬᠡᠯᠪᠡᠷᠢ ᠶᠢ ᠠᠪᠴᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠠᠯᠢ ᠣᠯᠠᠨ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃      ᠰᠦᠯᠵᠢᠶᠡᠨ ᠳᠡᠭᠡᠷᠡᠬᠢ ᠤᠬᠠᠭᠤᠯᠭ᠎ᠠ ᠶᠢᠨ ᠠᠵᠢᠯᠯᠠᠭ᠎ᠠ ᠳᠤ ᠭᠤᠤᠯᠳᠠᠭᠤ᠄ ᠥᠪᠥᠷ ᠮᠣᠩᠭᠤᠯ ᠤᠨ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠰᠦᠯᠵᠢᠶᠡᠨ ᠤ ᠱᠠᠩᠨᠠᠯᠲᠤ ᠤᠷᠤᠯᠳᠤᠭᠠᠨ ᠤ ᠸᠢᠴᠠᠲ ᠤᠨ ᠣᠯᠠᠨ ᠨᠡᠶᠢᠲᠡ ᠶᠢᠨ ᠲᠠᠪᠴᠠᠩ ᠢᠶᠠᠷ ᠳᠠᠮᠵᠢᠭᠤᠯᠤᠨ ᠪᠥᠬᠦ ᠰᠢᠶᠠᠨ ᠤ ᠬᠡᠪᠴᠢᠶᠡᠨ ᠳᠤ ᠦᠨᠳᠦᠰᠦᠨ ᠬᠠᠤᠯᠢ ᠶᠢᠨ ᠮᠡᠳᠡᠯᠭᠡ ᠶᠢᠨ ᠱᠠᠩᠨᠠᠯᠲᠤ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠪᠠᠷ ᠵᠠᠰᠠᠬᠤ ᠬᠥᠭᠵᠢᠯ ᠪᠠ ᠸᠢᠴᠠᠲ ᠤᠨ ᠣᠯᠠᠨ ᠨᠡᠶᠢᠲᠡ ᠶᠢᠨ ᠲᠠᠪᠴᠠᠩ ᠢ ᠠᠰᠢᠭᠯᠠᠨ ᠦᠨᠳᠦᠰᠦᠨ ᠬᠠᠤᠯᠢ ᠶᠢᠨ ᠬᠤᠯᠪᠣᠭᠳᠠᠯ ᠪᠥᠬᠦᠶ ᠠᠭᠤᠯᠭ᠎ᠠ ᠶᠢ 80 ᠭᠠᠷᠤᠶ ᠵᠤᠷᠪᠤᠰ ᠬᠦᠷᠭᠡᠨ ᠥᠭᠴᠦ᠂ ᠦᠨᠳᠦᠰᠦᠨ ᠬᠠᠤᠯᠢ ᠶᠢᠨ ᠤᠬᠠᠭᠤᠯᠭ᠎ᠠ ᠶᠢ ᠴᠠᠭ ᠢᠮᠠᠭᠲᠠ ᠣᠯᠵᠤ ᠬᠠᠷᠠᠨ᠎ᠠ᠃      ᠰᠦᠯᠵᠢᠶᠡᠨ ᠭᠠᠳᠠᠨᠠᠬᠢ ᠤᠬᠠᠭᠤᠯᠭ᠎ᠠ ᠶᠢᠨ ᠠᠵᠢᠯᠯᠠᠭ᠎ᠠ ᠳᠤ ᠭᠤᠣᠯᠳᠠᠭᠤ᠄ ᠭᠡᠷ ᠤᠨ ᠭᠠᠳᠠᠨᠠᠬᠢ LED ᠳᠡᠯᠭᠡᠴᠡ᠂ ᠠᠰᠠᠷ ᠲᠠᠭᠲᠤ ᠶᠢᠨ ᠲᠧᠯᠸᠢᠰ ᠵᠡᠷᠭᠡ ᠦᠵᠦᠭᠦᠷ ᠤᠨ ᠲᠥᠬᠦᠭᠡᠷᠦᠮᠵᠢ ᠶᠢ ᠠᠰᠢᠭᠯᠠᠨ ᠬᠠᠮᠢᠶ᠎ᠠ ᠪᠦᠬᠦᠢ ᠠᠭᠤᠯᠭ᠎ᠠ ᠶᠢᠨ ᠤᠬᠠᠭᠤᠯᠭ᠎ᠠ ᠮᠡᠳᠡᠭᠡᠯᠡᠯ ᠢ ᠲᠥᠪᠯᠡᠷᠡᠭᠦᠯᠦᠨ ᠨᠡᠪᠲᠡᠷᠡᠭᠦᠯᠵᠦ᠂ ᠪᠦᠬᠦ ᠰᠢᠶᠠᠨ ᠤ ᠡᠯ᠎ᠡ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠵᠢᠭᠰᠠᠭᠠᠯ ᠤᠨ ᠭᠠᠵᠠᠷ ᠪᠣᠯᠤᠨ ᠨᠡᠶᠢᠭᠡᠮ ᠲᠣᠭᠤᠷᠢᠭ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠮᠪᠠᠷ᠎ᠠ ᠳᠤ 30 ᠭᠠᠷᠤᠢ ᠵᠤᠷᠪᠤᠰ ᠤᠬᠠᠭᠤᠯᠭ᠎ᠠ ᠶᠢᠨ ᠬᠥᠨᠳᠡᠯᠡᠨ ᠪᠢᠴᠢᠭᠡᠰᠦ᠂ 60 ᠭᠠᠷᠤᠢ ᠭᠤᠣᠯ ᠰᠡᠳᠦᠪᠲᠦ ᠵᠠᠷᠯᠠᠯ ᠨᠠᠭᠠᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠶᠢ ︽ᠭᠠᠵᠠᠷ ᠪᠣᠯᠭᠠᠨ ᠳᠤ ᠣᠯᠵᠤ ᠬᠠᠷᠠᠨ᠎ᠠ︾᠃      ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠭᠦᠨ ᠵᠤᠵᠠᠭᠠᠨ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠣᠶ ᠪᠣᠯᠭᠠᠵᠤ᠂ ᠦᠨᠳᠦᠰᠦᠨ ᠬᠠᠤᠯᠢ ᠶᠢ ᠬᠥᠮᠦᠨ ᠪᠦᠬᠦᠨ ᠳᠤ ᠮᠡᠳᠡᠭᠦᠯᠬᠦ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠤᠬᠠᠭᠤᠯᠬᠤ᠂ ᠦᠨᠳᠦᠰᠦᠨ ᠬᠠᠤᠯᠢ ᠶᠢ ᠲᠤᠤᠱᠯᠠᠭᠤᠯᠬᠤ ᠶᠢ ᠬᠡᠪ ᠵᠠᠩᠰᠢᠯ ᠪᠣᠯᠭᠠᠭᠰᠠᠨ ᠪᠠᠶᠢᠨ᠎ᠠ᠃               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3