ᠯᠢ ᠺᠠᠶ ᠳ᠋ᠦᠩ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/12/8
     12 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠭᠤᠸᠠᠩ ᠢᠦᠶ ᠢᠯᠴᠢ ᠶᠢᠨ ᠬᠦᠴᠦᠨ ᠤ ᠺᠣᠮᠫᠠᠨᠢ᠂ ᠮᠢᠩ ᠰᠢᠩ ᠭᠤᠷᠪᠠᠳᠤᠭᠠᠷ ᠬᠤᠭᠤᠴᠠᠭ᠎ᠠ᠂ ᠰᠡᠨᠮᠢᠠᠥ ᠪᠠᠭ᠎ᠠ ᠲᠣᠭᠤᠷᠢᠭ ᠤᠨ ᠢᠯᠴᠢ ᠰᠣᠯᠢᠯᠴᠠᠬᠤ ᠥᠷᠲᠡᠭᠡ ᠳᠤ ᠭᠦᠨᠵᠡᠭᠡᠶᠢᠷᠡᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠪᠠᠲᠤᠯᠠᠭ᠎ᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃
     ᠯᠢ ᠺᠠᠶ ᠳ᠋ᠦᠩ ᠠᠵᠤ ᠠᠬᠤᠶᠢᠯᠠᠯ ᠤᠨ ᠢᠯᠴᠢ ᠬᠠᠩᠭᠠᠬᠤ ᠬᠤᠭᠤᠯᠠᠶ ᠶᠢᠨ ᠲᠣᠤᠷ᠂ ᠢᠯᠴᠢ ᠰᠣᠯᠢᠯᠴᠠᠬᠤ ᠥᠷᠲᠡᠭᠡ ᠶᠢᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠤᠰᠤᠨ ᠤ ᠳᠤᠯᠠᠭᠠᠨ᠂ ᠤᠷᠤᠰᠬᠠᠯ ᠤᠨ ᠬᠤᠷᠳᠤᠴᠠ᠂ ᠡᠳᠦᠷ ᠲᠤᠲᠤᠮ ᠤᠨ ᠬᠠᠮᠠᠭᠠᠯᠠᠯᠲᠠ ᠵᠡᠷᠭᠡ ᠪᠠᠶᠢᠳᠠᠯ ᠢ ᠠᠰᠠᠭᠤᠨ ᠯᠠᠪᠯᠠᠭᠰᠠᠨ ᠤ ᠬᠠᠮᠲᠤ ᠰᠠᠭᠤᠭᠠᠯᠢ ᠠᠷᠠᠳ ᠲᠠᠢ ᠰᠠᠨᠠᠯ ᠢᠶᠠᠨ ᠰᠣᠯᠢᠯᠴᠠᠪᠠ᠃ ᠯᠢ ᠺᠠᠶ ᠳ᠋ᠦᠩ ᠴᠢᠬᠤᠯᠠᠴᠢᠯᠠᠭᠰᠠᠨ ᠨᠢ᠂ ᠳᠤᠯᠠᠭᠠᠯᠠᠭ᠎ᠠ ᠬᠠᠩᠭᠠᠬᠤ ᠪᠣᠯ ᠡᠪᠦᠯ ᠤᠨ ᠤᠯᠠᠷᠢᠯ ᠤᠨ ᠠᠷᠠᠳ ᠤᠨ ᠠᠮᠢᠳᠤᠷᠠᠯ ᠤᠨ ᠨᠢᠭᠡᠳᠦᠭᠡᠷ ᠪᠣᠳᠠᠲᠤ ᠶᠠᠪᠤᠳᠠᠯ ᠮᠥᠨ᠂ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠤ ᠬᠠᠯᠠᠭᠤᠨ ᠬᠦᠢᠲᠡᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠳᠤᠯᠠᠭᠠᠯᠠᠭ᠎ᠠ ᠶᠢᠨ ᠤᠶᠢᠯᠡᠴᠢᠯᠡᠭᠡᠨ ᠤ ᠪᠠᠲᠤᠯᠠᠭ᠎ᠠ ᠶᠢ ᠣᠳᠣᠬᠠᠨ ᠤ ᠭᠤᠤᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠠᠷᠠᠳ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠯᠢ ᠺᠠᠶ ᠳ᠋ᠦᠩ ᠱᠠᠭᠠᠷᠳᠠᠭᠰᠠᠨ ᠨᠢ᠄ ᠢᠯᠴᠢ ᠬᠠᠩᠭᠠᠬᠤ ᠠᠵᠤ ᠠᠬᠤᠶᠢᠯᠠᠯ ᠤᠳ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠭᠡᠵᠤ᠂ ᠤᠶᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠤᠶᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠢᠯᠠᠩᠭᠤᠶ᠎ᠠ ᠢᠯᠴᠢ ᠬᠠᠩᠭᠠᠬᠤ ᠶᠢ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠤᠰᠤ ᠣᠷᠣᠭᠤᠯᠬᠤ ᠳᠤᠯᠠᠭᠠᠨ ᠤ ᠬᠡᠮᠵᠢᠶ᠎ᠡ᠂ ᠤᠰᠤ ᠪᠤᠴᠠᠬᠤ ᠳᠤᠯᠠᠭᠠᠨ ᠤ ᠬᠡᠮᠵᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤ ᠥᠭᠴᠦ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠤᠷᠢᠯᠡᠵᠤ᠂ ᠠᠮᠤᠷ ᠲᠦᠪᠰᠢᠨ ᠢᠶᠠᠷ ᠠᠵᠢᠯᠯᠠᠬᠤ᠂ ᠢᠯᠴᠢ ᠶᠢᠨ ᠢᠷᠡᠯᠲᠡ ᠪᠠᠷ ᠭᠦᠢᠴᠡᠳ᠂ ᠴᠠᠭ ᠲᠤᠬᠠᠶ ᠳᠤᠨᠢ ᠢᠯᠴᠢ ᠬᠠᠩᠭᠠᠬᠤ᠂ ᠳᠤᠯᠠᠭᠠᠨ ᠤ ᠬᠡᠮᠵᠢᠶ᠎ᠡ ᠶᠢ ᠪᠠᠷᠢᠮᠵᠢᠶ᠎ᠠ ᠳᠤ ᠬᠦᠷᠦᠭᠦᠯᠬᠦ ᠶᠢ ᠴᠢᠷᠮᠠᠶᠢᠨ ᠪᠡᠶᠡᠯᠡᠭᠦᠯᠵᠦ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠢᠯᠴᠢ ᠬᠠᠩᠭᠠᠬᠤ ᠠᠵᠤ ᠠᠬᠤᠶᠢᠯᠠᠯ ᠤᠳ ᠠᠶᠤᠯ ᠥᠬᠡᠶ ᠤᠶᠢᠯᠡᠳᠪᠤᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠢᠯᠴᠢ ᠬᠠᠩᠭᠠᠬᠤ ᠲᠥᠬᠦᠭᠡᠷᠦᠮᠵᠢ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠪᠠ ᠭᠤᠤᠯᠳᠠᠯᠭ᠎ᠠ ᠲᠠᠢ ᠬᠡᠰᠡᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠢᠯᠴᠢ ᠬᠠᠩᠭᠠᠬᠤ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ      ᠰᠢᠶᠠᠨ ᠤ ᠤᠳᠤᠷᠢᠳᠤᠯᠭ᠎ᠠ ᠢᠦᠢ ᠬᠤᠩ ᠯᠢᠶᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3