ᠯᠢ ᠺᠠᠶ ᠳ᠋ᠦᠩ ᠰᠢᠩ ᠾᠧ ᠰᠢᠶᠠᠨ ᠤ ᠴᠢᠬᠤᠯᠠ ᠶᠡᠭᠡ ᠲᠥᠷᠥᠯ ᠵᠦᠢᠯ ᠤᠨ ᠭᠠᠷᠳᠠᠮ ᠭᠦᠢᠴᠡᠳᠭᠡᠬᠦ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/9
     12 ᠰᠠᠷ᠎ᠠ ᠶᠢᠨ 8᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠢᠩ ᠾᠧ ᠰᠢᠶᠠᠨ ᠤ ᠴᠢᠬᠤᠯᠠ ᠶᠡᠭᠡ ᠲᠥᠷᠥᠯ ᠵᠦᠢᠯ ᠤᠨ ᠭᠠᠷᠳᠠᠮ ᠭᠦᠢᠴᠡᠳᠭᠡᠬᠦ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠥᠷᠥᠯ ᠵᠦᠢᠯ ᠤᠨ ᠭᠠᠷᠳᠠᠮ ᠢ ᠭᠦᠢᠴᠡᠳᠭᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠲᠥᠷᠥᠯ ᠵᠦᠢᠯ ᠤᠨ ᠤᠷᠢᠬᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠤᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠢ ᠭᠦᠢᠴᠡᠳᠭᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠬᠤᠯᠠ ᠶᠡᠭᠡ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠪᠥᠲᠥᠭᠡᠨ ᠪᠠᠶᠢᠭᠤᠯᠬᠤ ᠶᠢ ᠠᠬᠢᠭᠤᠯᠬᠤ ᠲᠤᠯᠭᠠᠮ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠲᠠᠰᠤᠷᠠᠯᠲᠠ ᠥᠬᠡᠶ ᠴᠢᠩᠭᠠᠳᠬᠠᠵᠤ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠲᠥᠷᠥᠯ ᠵᠦᠢᠯ ᠳᠤ ᠬᠡᠷᠡᠭᠯᠡᠬᠦ ᠭᠠᠵᠠᠷ᠂ ᠣᠷᠴᠢᠨ ᠲᠣᠭᠤᠷᠢᠨ ᠤ ᠨᠥᠯᠥᠭᠡᠨ ᠤ ᠦᠨᠡᠯᠡᠯᠲᠡ᠂ ᠭᠠᠷᠳᠠᠮ ᠭᠦᠢᠴᠡᠳᠭᠡᠬᠦ ᠵᠡᠷᠭᠡ ᠭᠤᠶᠤᠴᠢᠯᠠᠨ ᠮᠡᠳᠡᠭᠦᠯᠬᠦ ᠪᠠ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠡᠭᠦᠷᠭᠡ ᠲᠠᠢ ᠪᠠᠨ ᠬᠠᠷᠭᠤᠭᠤᠯᠵᠤ᠂ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠴᠠᠭ ᠮᠥᠴᠡ ᠲᠠᠢ ᠤᠷᠤᠯᠳᠤᠨ ᠦᠷᠭᠦᠯᠵᠢᠯᠡᠨ ᠬᠦᠴᠦᠯᠡᠵᠦ᠂ ᠬᠠᠮᠤᠭ ᠤᠨ ᠣᠬᠤᠷᠬᠠᠨ ᠬᠤᠭᠤᠴᠠᠭᠠᠨ ᠳᠤ ᠭᠠᠷ ᠭᠦᠢᠴᠡᠳᠬᠡᠯ ᠢᠶᠠᠨ ᠲᠡᠭᠦᠯᠳᠡᠷᠵᠢᠭᠦᠯᠵᠦ᠂ ᠪᠦᠲᠦᠭᠡᠨ ᠪᠠᠶᠢᠭᠤᠯᠤᠯᠲᠠ ᠶᠢ ᠡᠬᠢᠯᠡᠭᠦᠯᠬᠦ ᠪᠠᠷ ᠴᠢᠷᠮᠠᠶᠢᠬᠤ ᠬᠡᠷᠡᠭᠲᠡᠢ᠃      ᠬᠤᠷᠠᠯ ᠠᠴᠠ ᠴᠢᠩᠭᠠᠳᠬᠠᠭᠰᠠᠨ ᠨᠢ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠲᠥᠷᠥᠯ ᠵᠦᠢᠯ ᠢ ᠠᠬᠢᠭᠤᠯᠬᠤ ᠳᠤᠮᠳᠠ ᠲᠤᠯᠭᠠᠷᠠᠭᠰᠠᠨ ᠠᠰᠠᠭᠤᠳᠠᠯ ᠪᠣᠯᠤᠨ ᠬᠦᠴᠢᠷᠳᠡᠯ ᠢ ᠢᠳᠡᠪᠬᠢᠲᠡᠶ ᠰᠢᠶ᠋ᠳᠪᠦᠷᠢᠯᠡᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠪᠥᠬᠦ ᠬᠦᠴᠦᠨ ᠢᠶᠠᠷ ᠢᠶᠠᠨ ᠰᠠᠶᠢᠲᠤᠷ ᠦᠢᠯᠡᠴᠢᠯᠡᠬᠦ ᠬᠡᠷᠡᠭᠲᠡᠶ᠃ ᠣᠳᠣᠬᠠᠨ ᠤ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠠᠵᠢᠯ ᠨᠢᠭᠡᠪᠦᠷᠢ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠷᠢᠨ ᠵᠦᠢᠯᠡᠰ ᠨᠢᠭᠡᠪᠦᠷᠢ ᠶᠢ ᠰᠠᠶᠢᠲᠤᠷ ᠠᠳᠬᠤᠵᠤ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᠾᠧ ᠶᠢᠩ ᠽᠢ᠂ ᠢᠦᠢ ᠬᠤᠩ ᠯᠢᠶᠠᠩ᠂ ᠾᠧ ᠰᠢᠩ ᠬᠤᠸᠠ᠂ ᠵᠤᠤ ᠬᠤᠢ ᠵᠢᠤᠢ᠂ ᠭᠦᠩ ᠰᠢᠤ ᠯᠦᠩ᠂ ᠰᠦᠨ ᠬᠠᠢ ᠵᠢᠶᠦ᠋ᠨ᠂ ᠵᠧᠦ ᠷᠦᠢ ᠵᠢᠶᠦ᠋ᠨ᠂ ᠾᠧᠦ ᠶᠢᠩ ᠬᠤᠷᠠᠯ ᠳᠤ ᠣᠷᠣᠯᠴᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3