ᠵᠠᠰᠠᠭ ᠤᠨ ᠤᠷᠳᠤᠨ
ᠨᠡᠶᠢᠲᠡᠯᠡᠭᠰᠡᠨ ᠴᠠᠭ᠄
2022/12/9
ᠤᠳᠤᠷᠢᠳᠤᠯᠭ᠎ᠠ ᠶᠢᠨ ᠲᠤᠪᠴᠢ ᠲᠠᠨᠢᠯᠴᠠᠭᠤᠯᠭ᠎ᠠ          ᠭᠦᠩ ᠰᠢᠤ ᠯᠦᠩ ᠡᠷᠡᠭᠲᠡᠶ᠂ ᠬᠢᠲᠠᠳ ᠦᠨᠳᠦᠰᠦᠲᠡᠨ᠂ 1970 ᠣᠨ ᠤ 8 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃    ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠩ ᠾᠧ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠃      ᠬᠤᠪᠢᠳᠠᠨ ᠬᠠᠮᠢᠶᠠᠷᠬᠤ ᠠᠵᠢᠯ      ᠰᠢᠶᠠᠨ ᠤ ᠳᠠᠷᠤᠭ᠎ᠠ ᠶᠢ ᠬᠠᠮᠵᠢᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ᠂ ᠰᠢᠨᠵᠢᠯᠡᠬᠦ ᠤᠬᠠᠭᠠᠨ ᠮᠡᠷᠭᠡᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢ ᠬᠤᠪᠢᠳᠠᠨ ᠬᠠᠮᠢᠶᠠᠷᠴᠤ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︵ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ᠂ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠠᠯᠪᠠᠨ ᠬᠡᠷ︶᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠴᠢᠯᠡᠭᠡᠨ ᠤ ᠲᠥᠪ᠂ ᠵᠢᠭᠤᠯᠴᠢᠯᠠᠯ ᠤᠨ ᠦᠢᠯᠡᠴᠢᠯᠡᠭᠡᠨ ᠤ ᠲᠥᠪ ︵ᠰᠤᠮᠤᠨ ᠠᠭᠤᠯᠠ ᠣᠶ ᠰᠢᠭᠤᠶ ᠶᠢᠨ ᠦᠢᠯᠡᠰ ᠤᠨ ᠬᠠᠮᠢᠶᠠᠷᠴᠤ ᠬᠠᠮᠠᠭᠠᠯᠠᠬᠤ ᠲᠥᠪ︶᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠶᠦᠩ ᠰᠢᠩ ᠣᠶ ᠰᠢᠭᠤᠶ ᠶᠢᠨ ᠪᠠᠯᠠ ᠣᠷᠣᠭᠤᠯᠵᠤ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ᠂ ᠲᠠᠷᠢᠶᠠᠯᠠᠩ ᠢ ᠬᠥᠭᠵᠢᠭᠦᠯᠬᠦ ᠪᠠ ᠮᠠᠯ ᠠᠵᠤ ᠠᠬᠤᠶ ᠲᠠᠷᠢᠶᠠᠯᠠᠩ ᠤᠨ ᠪᠠᠯᠠ ᠣᠷᠣᠭᠤᠯᠵᠤ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ᠃      ᠬᠠᠷᠢᠯᠴᠠᠬᠤ᠄ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠴᠠᠭ ᠠᠭᠤᠷ ᠤᠨ ᠲᠣᠪᠴᠢᠶ᠎ᠠ᠂ ᠲᠠᠷᠢᠶᠠᠯᠠᠩ ᠤᠨ ᠪᠠᠩᠬᠢ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠳᠤᠮᠳᠠᠳᠤ ᠶᠢᠨ ᠬᠠᠮᠲᠤᠷᠠᠭᠰᠠᠨ ᠡᠳ᠋ ᠬᠥᠷᠥᠩᠭᠡ ᠶᠢᠨ ᠳᠠᠭᠠᠳᠬᠠᠯ ᠤᠨ ᠺᠣᠮᠫᠠᠨᠢ᠂ ᠠᠨ ᠬᠤᠸᠠ ᠲᠠᠷᠢᠶᠠᠯᠠᠩ ᠤᠨ ᠳᠠᠭᠠᠳᠬᠠᠯ ᠤᠨ ᠺᠣᠮᠫᠠᠨᠢ᠂ ᠳ᠋ᠠ ᠳ᠋ᠢ ᠳᠠᠭᠠᠳᠬᠠᠯ ᠤᠨ ᠺᠣᠮᠫᠠᠨᠢ᠃      ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3