ᠵᠠᠰᠠᠭ ᠤᠨ ᠤᠷᠳᠤᠨ
ᠨᠡᠶᠢᠲᠡᠯᠡᠭᠰᠡᠨ ᠴᠠᠭ᠄
2022/12/9
ᠤᠳᠤᠷᠢᠳᠤᠯᠭ᠎ᠠ ᠶᠢᠨ ᠲᠤᠪᠴᠢ ᠲᠠᠨᠢᠯᠴᠠᠭᠤᠯᠭ᠎ᠠ      ᠾᠧ ᠶᠢᠩ ᠽᠢ᠂ ᠡᠮᠡᠭᠲᠡᠶ᠂ ᠬᠢᠲᠠᠳ ᠦᠨᠳᠦᠰᠦᠲᠡᠨ᠂ 1971 ᠣᠨ ᠤ 6 ᠰᠠᠷ᠎ᠠ ᠳᠤ ᠲᠦᠷᠦᠵᠠᠢ᠂ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃      ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠩ ᠾᠧ ᠰᠢᠶᠠᠨ ᠤ ᠨᠠᠮ ᠤᠨ ᠬᠤᠷᠢᠶ᠎ᠡ ᠎ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋  ᠳᠠᠷᠤᠭ᠎ᠠ᠃      ᠬᠤᠪᠢᠳᠠᠨ ᠬᠠᠮᠢᠶᠠᠷᠬᠤ ᠠᠵᠢᠯ      ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠰᠢᠶᠠᠨ ᠤ ᠳᠠᠷᠤᠭ᠎ᠠ ᠶᠢ ᠬᠠᠮᠵᠢᠨ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠲᠤᠭ᠎ᠠ ᠪᠦᠷᠢᠳᠬᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠭᠠᠳᠠᠭᠠᠳᠤ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠬᠡᠷ ︵ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠬᠡᠷ︶᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ  ᠦᠢᠯᠡᠴᠢᠯᠡᠭᠡᠨ ᠤ ᠲᠥᠪ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ ︵ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ︶᠂ ᠬᠤᠷᠰᠢᠨ ᠰᠣᠯᠢᠯᠴᠠᠬᠤ ᠲᠥᠪ᠂ ᠥᠪᠥᠷ ᠮᠣᠩᠭᠤᠯ ᠤᠨ ᠰᠢᠩ ᠹᠠ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠃ ᠯᠢ ᠺᠠᠶ ᠳ᠋ᠦᠩ ᠰᠢᠶᠠᠨ ᠤ ᠳᠠᠷᠤᠭ᠎ᠠ ᠶᠢ ᠬᠠᠪᠰᠤᠷᠤᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢ᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ᠂ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠵᠡᠪᠰᠡᠭᠲᠦ ᠬᠦᠴᠦᠨ ᠤ ᠶᠠᠮᠤᠨ᠂ ᠣᠷᠣᠨ ᠲᠤᠭ᠎ᠠ ᠶᠢᠨ ᠠᠯᠪᠠᠨ ᠬᠡᠷ᠂ ᠨᠠᠮ ᠤᠨ ᠰᠤᠷᠭᠠᠭᠤᠯᠢ᠂ ᠠᠬᠠᠮᠠᠳ ᠺᠠᠳ᠋ᠷᠴᠤᠳ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠳᠤᠭᠤᠶᠢᠯᠠᠩ᠂ ᠠᠷᠠᠳ ᠤᠨ ᠪᠠᠩᠬᠢ᠂ ᠲᠠᠷᠢᠶᠠᠯᠠᠩ ᠤᠨ ᠲᠠᠷᠬᠠᠭᠠᠯᠲᠠ᠂ ᠠᠵᠤ ᠦᠢᠯᠡᠳᠪᠦᠷᠢ ᠬᠤᠳᠠᠯᠳᠤᠭᠠᠨ ᠤ ᠪᠠᠩᠬᠢ᠂ ᠳᠤᠮᠳᠠᠳᠤ ᠤᠯᠤᠰ ᠤᠨ ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ᠂ ᠥᠪᠥᠷ ᠮᠣᠩᠭᠤᠯ ᠤᠨ ᠪᠠᠩᠬᠢ᠂ ᠮᠣᠩᠭᠤᠯ ᠬᠤᠳᠠᠯᠳᠤᠭᠠᠨ ᠤ ᠪᠠᠩᠬᠢ᠂ ᠮᠣᠩᠭᠤᠯ ᠬᠤᠳᠠᠯᠳᠤᠭᠠᠨ ᠤ ᠲᠣᠰᠬᠤᠨ ᠪᠠᠯᠭᠠᠰᠤ ᠶᠢᠨ ᠪᠠᠩᠬᠢ᠂ ᠬᠥᠮᠦᠨ ᠤ ᠬᠦᠴᠦᠨ ᠤ ᠳᠠᠭᠠᠳᠬᠠᠯ ᠤᠨ ᠺᠣᠮᠫᠠᠨᠢ᠂ ᠡᠳ᠋ ᠤᠨ ᠶᠠᠪᠤᠳᠠᠯ ᠤᠨ ᠳᠠᠭᠠᠳᠬᠠᠯ ᠤᠨ ᠺᠣᠮᠫᠠᠨᠢ᠂ ᠡᠯ᠎ᠡ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠲᠠᠷᠢᠶᠠᠯᠠᠩ ᠤᠨ ᠪᠠᠶᠢᠴᠠᠭᠠᠯᠲᠠ ᠶᠢᠨ ᠠᠩᠭᠢ᠂  ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠃      ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ  ᠪᠡᠶᠡᠯᠡᠭᠦᠯᠦᠨ᠎ᠡ᠃
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3