ᠵᠠᠰᠠᠭ ᠤᠨ ᠤᠷᠳᠤᠨ
ᠨᠡᠶᠢᠲᠡᠯᠡᠭᠰᠡᠨ ᠴᠠᠭ᠄
2022/12/9
ᠤᠳᠤᠷᠢᠳᠤᠯᠭ᠎ᠠ ᠶᠢᠨ ᠲᠤᠪᠴᠢ ᠲᠠᠨᠢᠯᠴᠠᠭᠤᠯᠭ᠎ᠠ      ᠾᠧᠦ ᠢᠩ᠂ ᠡᠷᠡᠭᠲᠡᠶ᠂ ᠬᠢᠲᠠᠳ ᠦᠨᠳᠦᠰᠦᠲᠡᠨ᠂ 1977 ᠣᠨ ᠤ 12 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃      ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠩ ᠾᠧ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠢᠨ ᠠᠵᠢᠯ  ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ ᠠᠵᠢᠯ᠄      ᠰᠢᠶᠠᠨ ᠤ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠪᠦᠳᠦᠭᠡᠨ ᠪᠠᠶᠢᠭᠤᠯᠤᠯᠲᠠ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠪᠠᠶᠢᠭᠠᠯᠢ ᠶᠢᠨ ᠡᠬᠢ ᠪᠠᠶᠠᠯᠢᠭ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠲᠠᠢ ᠶᠠᠩ ᠡᠨᠧᠷᠭᠢ ᠶᠢᠨ ᠪᠠᠯᠠ ᠣᠷᠣᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ᠄ ᠤᠯᠠᠭᠠᠨᠴᠠᠪ ᠤᠨ ᠶᠡᠷᠦᠩᠬᠡᠶᠢᠯᠡᠭᠰᠡᠨ ᠪᠠᠷᠠᠭᠠᠨ ᠤ  ᠭᠦᠢᠯᠭᠡᠭᠡᠨ ᠤ ᠠᠵᠤ  ᠦᠢᠯᠡᠰ ᠤᠨ ᠬᠦᠷᠢᠶᠡᠯᠡᠩ ᠲᠣᠭᠤᠷᠢᠭ᠂ ᠰᠢᠩ ᠸᠠᠩ ᠵᠢᠶᠤᠤ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠰᠢᠤᠳᠠᠨ ᠤ ᠲᠣᠪᠴᠢᠶ᠎ᠠ᠂ ᠰᠢᠯᠵᠢᠮᠡᠯ ᠬᠤᠯᠪᠣᠭᠠᠨ ᠤ ᠺᠣᠮᠫᠠᠨᠢ᠂ ᠨᠢᠭᠡᠳᠦᠮᠡᠯ ᠬᠤᠯᠪᠣᠭ᠎ᠠ ᠶᠢᠨ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠨᠠᠪᠴᠢᠨ ᠲᠠᠮᠠᠬᠢ ᠶᠢᠨ ᠺᠣᠮᠫᠠᠨᠢ᠂ ᠴᠢᠯᠠᠭᠤᠨ ᠲᠣᠰᠣᠨ ᠤ ᠺᠣᠮᠫᠠᠨᠢ᠃      ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ  ᠪᠡᠶᠡᠯᠡᠭᠦᠯᠦᠨ᠎ᠡ᠃
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3