ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠠᠶᠢᠯᠤᠮᠵᠢ ︵ᠳᠡᠭᠡᠳᠦ︶
ᠨᠡᠶᠢᠲᠡᠯᠡᠭᠰᠡᠨ ᠴᠠᠭ᠄
2022/2/11
     ᠴᠠᠭ 2022 ᠣᠨ ᠤ 2 ᠰᠠᠷ᠎ᠠ ᠶᠢᠨ 11᠎ ᠤ ᠡᠳᠦᠷ      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ᠂ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ      ︽ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠤᠨ ᠲᠣᠪᠴᠢᠯᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠵᠤ᠂ ᠠᠮᠵᠢᠯᠲᠠ ᠪᠠᠨ ᠳ᠋ᠦᠩᠨᠡᠬᠦ᠂ ᠬᠠᠷᠠᠯᠲᠠ ᠪᠠᠨ ᠲᠣᠭᠲᠠᠭᠠᠬᠤ᠂ ᠠᠵᠢᠯ ᠢᠶᠠᠨ ᠪᠠᠶᠢᠷᠢᠯᠠᠭᠤᠯᠬᠤ ᠳᠠᠭᠠᠨ ᠴᠥᠮ ᠶᠡᠷᠦᠩᠬᠡᠢ ᠱᠦᠵᠢ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢᠨ ᠲᠣᠭᠤᠷᠢᠨ ᠳᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ ᠳᠡᠯᠭᠡᠨ ᠳᠡᠯᠭᠡᠵᠡᠢ᠃ ᠡᠭᠦᠨ ᠤ ᠬᠠᠮᠲᠤ᠂ ᠮᠡᠳᠡᠭᠦᠯᠦᠯᠲᠡ ᠨᠢ ᠮᠠᠨ ᠤ ᠣᠷᠣᠨ ᠤ ᠣᠳᠣᠬᠠᠨ ᠤ ᠬᠥᠭᠵᠢᠯᠲᠡ ᠶᠢᠨ ᠱᠠᠲᠤ ᠦᠶ᠎ᠡ᠂ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠠᠷᠠᠳ ᠤᠨ ᠠᠮᠢᠳᠤᠷᠠᠯ ᠤᠨ ᠬᠡᠷᠡᠭᠴᠡᠭᠡ᠂ ᠠᠷᠠᠳ ᠤᠨ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠦᠰᠡᠯ ᠡᠷᠡᠮᠡᠯᠵᠡᠯ ᠢ ᠬᠠᠮᠤᠭ ᠤᠨ ᠶᠡᠭᠡ ᠬᠡᠮᠵᠢᠶ᠎ᠡ ᠪᠠᠷ ᠲᠤᠰᠬᠠᠵᠤ᠂ ᠡᠯ᠎ᠡ ᠲᠠᠯ᠎ᠠ ᠶᠢᠨ ᠬᠢᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠭᠰᠠᠨ ᠪᠠᠶᠢᠨ᠎ᠠ᠃      ᠬᠥᠲᠥᠯᠥᠭᠴᠢ 2022 — 02 — 11  15᠄ 00      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠣᠰ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨᠲᠣᠰ ᠬᠤᠭᠤᠴᠠᠭᠠᠨ ᠤ ᠫᠷᠤᠭ᠍ᠷᠠᠮ ᠳᠤ ᠪᠢᠳᠡᠨ ᠤ ᠤᠷᠢᠵᠤ ᠠᠪᠴᠢᠷᠠᠭᠰᠠᠨ ᠰᠤᠷᠪᠤᠯᠵᠢᠯᠠᠭ᠎ᠠ ᠶᠢᠨ ᠬᠦᠨᠳᠦᠲᠦ ᠵᠣᠴᠢᠳ ᠪᠣᠯ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠷᠪᠢᠬᠤ ᠳᠤᠭᠤᠶᠢᠯᠠᠩ ᠤᠨ ᠭᠤᠤᠯ ᠪᠦᠷᠢᠯᠳᠦᠬᠦᠨ ᠪᠣᠯᠬᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ ᠨᠥᠬᠦᠷ᠂ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠯᠢ ᠵᠢᠶᠠᠨ ᠵᠢᠶᠦ᠋ᠨ ᠨᠥᠬᠦᠷ ᠪᠣᠯᠤᠨ᠎ᠠ᠂ ᠬᠤᠶᠠᠷ ᠬᠦᠨᠳᠦᠲᠦ ᠵᠣᠴᠢᠳ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ︕      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ 2022 — 02 — 11  15᠄ 01      ᠬᠥᠲᠥᠯᠥᠭᠴᠢ ᠰᠠᠶᠢᠨ ᠪᠠᠶᠢᠵᠠᠭᠠᠨ᠎ᠠ ᠤᠤ᠂ ᠲᠠ ᠪᠦᠬᠦᠨ ᠰᠠᠶᠢᠨ ᠪᠠᠶᠢᠵᠠᠭᠠᠨ᠎ᠠ ᠤᠤ︕ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢᠶᠠᠷ ᠳᠠᠮᠵᠢᠭᠤᠯᠤᠨ ᠥᠷᠭᠡᠨ ᠤᠯᠠᠨ ᠰᠦᠯᠵᠢᠶᠡᠨ ᠤ ᠨᠠᠶᠢᠵᠠ ᠨᠠᠷ ᠲᠠᠢ ᠥᠨᠥᠳᠦᠷ ᠤᠨ ᠭᠤᠣᠯ ᠰᠡᠳᠦᠪ ᠢᠶᠠᠨ ᠬᠤᠪᠢᠶᠠᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃      ᠬᠥᠲᠥᠯᠥᠭᠴᠢ᠄ 2022 — 02 — 11  15᠄ 02      ᠥᠨᠥᠳᠦᠷ ᠤᠨ ᠮᠠᠨ ᠤ ᠰᠤᠷᠪᠤᠯᠵᠢᠯᠠᠨ ᠶᠠᠷᠢᠯᠴᠠᠭᠰᠠᠨ ᠭᠤᠣᠯ ᠰᠡᠳᠦᠪ ᠪᠣᠯ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠤᠨ᠎ᠠ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠶᠢᠨ ᠦᠨᠡᠯᠡᠯᠲᠡ ᠶᠢ ᠣᠯᠵᠤ ᠪᠠᠶᠢᠭ᠎ᠠ ᠶᠢ ᠪᠢᠳᠡ ᠣᠯᠵᠤ ᠦᠵᠡᠪᠡ᠂ ᠲᠡᠭᠡᠪᠡᠯ ᠮᠠᠨ ᠤ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠶᠠᠮᠠᠷ ᠶᠠᠮᠠᠷ ᠲᠣᠪᠤᠶᠢᠮ᠎ᠠ ᠣᠨᠴᠠᠯᠢᠭ ᠲᠠᠢ ᠪᠤᠶ︖      ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 11  15᠄ 06      ᠵᠢᠯ ᠪᠦᠷᠢ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠴᠥᠮ ᠲᠠᠬᠢᠨ ᠳᠠᠪᠲᠠᠨ ᠵᠠᠰᠠᠵᠤ ᠲᠡᠭᠦᠯᠳᠡᠷᠵᠢᠭᠦᠯᠦᠨ᠂ ᠨᠠᠷᠢᠨ ᠨᠢᠮᠪᠠᠶ ᠤᠷᠠᠯᠠᠨ ᠪᠣᠯᠪᠠᠰᠤᠷᠠᠭᠤᠯᠵᠤ ᠪᠦᠲᠦᠭᠡᠳᠡᠭ ᠶᠤᠮ᠂ ᠡᠨᠡ ᠵᠢᠯ ᠤᠨ ᠢᠯᠡᠳᠬᠡᠯ ᠳᠤ ᠴᠦ ᠡᠶᠢᠮᠦ ᠪᠠᠶᠢᠳᠠᠭ᠃ ᠮᠢᠨᠦ ᠦᠵᠡᠬᠦ ᠪᠠᠷ᠂ ᠡᠨᠡ ᠵᠢᠯ ᠤᠨ ᠢᠯᠡᠳᠬᠡᠯ ᠤᠨ ᠬᠠᠮᠤᠭ ᠤᠨ ᠲᠣᠪᠤᠶᠢᠮ᠎ᠠ ᠣᠨᠴᠠᠯᠢᠭ ᠪᠣᠯ ︽ᠳᠡᠭᠡᠭᠰᠢ ᠪᠠᠨ ᠠᠨᠲ᠋ᠢᠨ᠎ᠠ ᠲᠠᠢ ᠵᠠᠯᠭᠠᠵᠤ᠂ ᠳᠣᠷᠣᠭᠰᠢ ᠪᠠᠨ ᠣᠯᠠᠨ ᠲᠦᠮᠡᠨ ᠲᠠᠢ ᠣᠶᠢᠷᠠᠲᠤᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠵᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠨ᠎ᠡ︾ ᠭᠡᠰᠡᠨ ᠦᠭᠡ ᠪᠣᠯᠤᠨ᠎ᠠ᠃ ᠳᠡᠭᠡᠭᠰᠢ ᠠᠭᠠᠷ ᠤᠲᠠᠰᠤ ᠵᠠᠯᠭᠠᠵᠤ᠂ ᠳᠣᠷᠣᠭᠰᠢ ᠭᠠᠵᠠᠷ ᠤᠨ ᠬᠡᠢ ᠲᠠᠢ ᠵᠠᠯᠭᠠᠭᠤᠯᠤᠨ᠎ᠠ᠃ ᠳᠠᠷᠤᠶ ᠢᠯᠡᠳᠬᠡᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠵᠤ᠂ ᠠᠮᠵᠢᠯᠲᠠ ᠪᠠᠨ ᠳ᠋ᠦᠩᠨᠡᠬᠦ᠂ ᠬᠠᠷᠠᠯᠲᠠ ᠪᠠᠨ ᠲᠣᠭᠲᠠᠭᠠᠬᠤ᠂ ᠠᠵᠢᠯ ᠢᠶᠠᠨ ᠪᠠᠶᠢᠷᠢᠯᠠᠭᠤᠯᠬᠤ ᠳᠠᠭᠠᠨ ᠴᠥᠮ ᠶᠡᠷᠦᠩᠬᠡᠢ ᠱᠦᠵᠢ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢᠨ ᠲᠣᠭᠤᠷᠢᠨ ᠳᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ ᠳᠡᠯᠭᠡᠨ ᠳᠡᠯᠭᠡᠵᠡᠢ᠃ ᠡᠭᠦᠨ ᠤ ᠬᠠᠮᠲᠤ᠂ ᠮᠡᠳᠡᠭᠦᠯᠦᠯᠲᠡ ᠨᠢ ᠮᠠᠨ ᠤ ᠣᠷᠣᠨ ᠤ ᠣᠳᠣᠬᠠᠨ ᠤ ᠬᠥᠭᠵᠢᠯᠲᠡ ᠶᠢᠨ ᠱᠠᠲᠤ ᠦᠶ᠎ᠡ᠂ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠠᠷᠠᠳ ᠤᠨ ᠠᠮᠢᠳᠤᠷᠠᠯ ᠤᠨ ᠬᠡᠷᠡᠭᠴᠡᠭᠡ᠂ ᠠᠷᠠᠳ ᠤᠨ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠦᠰᠡᠯ ᠡᠷᠡᠮᠡᠯᠵᠡᠯ ᠢ ᠬᠠᠮᠤᠭ ᠤᠨ ᠶᠡᠭᠡ ᠬᠡᠮᠵᠢᠶ᠎ᠡ ᠪᠠᠷ ᠲᠤᠰᠬᠠᠵᠤ᠂ ᠡᠯ᠎ᠡ ᠲᠠᠯ᠎ᠠ ᠶᠢᠨ ᠬᠢᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ ︽ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠵᠦ᠂ ᠤᠷᠢᠳᠤᠬᠢ ᠶᠢ ᠵᠠᠯᠭᠠᠮᠵᠢᠯᠠᠨ ᠢᠷᠡᠭᠡᠳᠦᠶ ᠶᠢ ᠨᠡᠭᠡᠭᠡᠬᠦ︾ ᠭᠡᠳᠡᠭ ᠨᠢ ᠭᠤᠣᠯᠳᠠᠭᠤ ᠣᠳᠣᠬᠠᠨ ᠤ ᠣᠨᠴᠠᠭᠠᠶ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠬᠠᠷᠠᠭᠤᠯᠵᠤ ᠪᠠᠶᠢᠭ᠎ᠠ ᠶᠤᠮ᠃ ᠥᠩᠭᠡᠷᠡᠭᠰᠡᠨ ᠨᠢᠭᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠤᠭᠰᠠᠨ ᠵᠢᠯ ᠮᠥᠨ︔ ᠰᠢᠨ᠎ᠡ ᠨᠢᠭᠡ ᠵᠢᠯ ᠳᠤ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠭᠦᠨᠵᠡᠭᠡᠢ ᠥᠷᠨᠢᠬᠦ ᠶᠢ ᠠᠬᠢᠭᠤᠯᠬᠤ ᠪᠣᠯᠤᠨ᠎ᠠ᠃ ᠢᠯᠡᠳᠬᠡᠯ ᠳᠤ ᠡᠨᠡᠬᠦ ᠣᠨᠴᠠᠭᠠᠶ ᠵᠠᠩᠭᠢᠯᠠᠭ᠎ᠠ ᠶᠢᠨ ᠴᠡᠭ ᠢ ᠪᠠᠲᠤ ᠡᠵᠡᠮᠰᠢᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠰᠢᠯᠭ᠎ᠠ ᠠᠴᠠ ᠣᠶᠤᠨ ᠤᠬᠠᠭᠠᠨ ᠬᠦᠴᠦᠨ ᠴᠢᠳᠠᠯ ᠤᠯᠬᠤ ᠶᠢ ᠪᠠᠷᠢᠮᠲᠠᠯᠠᠵᠤ᠂ ᠬᠡᠰᠡᠭ ᠲᠠᠯ᠎ᠠ ᠪᠠ ᠪᠦᠬᠦ ᠲᠠᠯ᠎ᠠ᠂ ᠣᠳᠣᠬᠠᠨ ᠤ ᠪᠠ ᠠᠯᠤᠰ ᠬᠡᠳᠦ ᠶᠢ ᠨᠢᠭᠡᠳᠦᠯᠲᠡᠶ ᠲᠥᠯᠥᠪᠯᠡᠵᠦ᠂ ᠥᠩᠭᠡᠷᠡᠭᠰᠡᠨ ᠤ ᠠᠵᠢᠯ ᠤᠨ ᠦᠷ᠎ᠡ ᠪᠦᠲᠦᠮᠵᠢ ᠪᠣᠯᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠰᠠᠭᠤᠷᠢᠨ ᠳᠡᠭᠡᠷ᠎ᠡ᠂ ᠮᠠᠰᠢ ᠤᠯᠠᠨ ᠰᠢᠨ᠎ᠡ ᠦᠵᠡᠯᠲᠡ ᠰᠢᠨ᠎ᠡ ᠰᠡᠳᠬᠢᠴᠡ ᠶᠢ ᠳᠤᠷᠠᠳᠴᠤ᠂ ᠮᠠᠰᠢ ᠤᠯᠠᠨ ᠰᠢᠨ᠎ᠡ ᠲᠤᠬᠢᠷᠠᠭᠤᠯᠤᠯᠳᠠ ᠰᠢᠨ᠎ᠡ ᠪᠠᠶᠢᠷᠢᠯᠠᠭᠤᠯᠤᠯᠲᠠ ᠬᠢᠪᠡ᠂ ᠶᠡᠷᠦᠩᠬᠡᠢ ᠳᠤᠨᠢ ᠠᠪᠴᠤ ᠬᠡᠯᠡᠪᠡᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠣᠳᠠᠲᠠᠢ᠂ ᠬᠡᠷᠡᠭᠵᠢᠭᠦᠯᠵᠦ ᠪᠣᠯᠬᠤ᠂ ᠰᠢᠯᠭᠠᠨ ᠪᠠᠶᠢᠴᠠᠭᠠᠵᠤ ᠪᠣᠯᠬᠤ ᠬᠠᠷᠠᠯᠲᠠ ᠡᠭᠦᠷᠭᠡ ᠪᠣᠯᠭᠠᠨ ᠬᠤᠪᠢᠷᠠᠭᠤᠯᠵᠤ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠠᠷᠭ᠎ᠠ ᠵᠠᠮ ᠠᠷᠭ᠎ᠠ  ᠬᠡᠮᠵᠢᠶ᠎ᠡ ᠪᠠ ᠠᠷᠭ᠎ᠠ ᠬᠡᠮᠵᠢᠶ᠎ᠡ ᠶᠢ ᠲᠣᠳᠣᠷᠬᠠᠶᠢᠯᠠᠵᠠᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ 2022 — 02 — 11  15᠄ 07      ᠦᠨᠡᠬᠡᠷ ᠡᠶᠢᠮᠤ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠡᠬᠢᠯᠡᠩᠭᠦᠳᠡ ᠪᠠᠨ ᠳᠠᠷᠤᠶ ᠢᠯᠡᠳᠬᠡᠯ ᠢ ᠲᠤᠭᠤᠷᠪᠢᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠱᠢ ᠲᠠᠢ ᠹᠧᠩ ᠱᠦᠵᠢ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ ᠢᠯᠡᠳᠬᠡᠯ ᠤᠨ ᠲᠤᠬᠠᠶ ᠶᠠᠷᠢᠯᠴᠠᠭ᠎ᠠ ᠬᠢᠵᠦ᠂ ᠲᠡᠷᠢᠭᠦᠯᠡᠭᠴᠢ ᠸᠠᠩ ᠯᠢ ᠰᠢᠶᠠ ᠮᠡᠳᠡᠭᠦᠯᠦᠯᠲᠡ ᠶᠢ ᠲᠤᠭᠤᠷᠪᠢᠬᠤ ᠠᠵᠢᠯ ᠢ ᠡᠷᠬᠢᠯᠡᠵᠦ᠂ ᠤᠷᠢᠳ ᠬᠤᠵᠢᠳ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠪᠦᠬᠦᠳᠡ ᠬᠤᠷᠠᠯ ᠢ ᠬᠤᠷᠠᠯᠳᠤᠭᠤᠯᠵᠤ ᠶᠠᠷᠢᠯᠴᠠᠵᠤ᠂ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ ᠪᠣᠯᠤᠨ ᠵᠠᠰᠠᠭ ᠤᠨ ᠣᠷᠳᠣᠨ ᠤ ᠵᠥᠪᠯᠡᠭᠴᠢ ᠶᠢᠨ ᠰᠠᠨᠠᠯ ᠢ ᠬᠤᠷᠢᠶᠠᠵᠤ᠂ ᠪᠢᠴᠢᠭ ᠢᠶᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠰᠠᠨᠠᠯ ᠢ ᠬᠤᠷᠢᠶᠠᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠤᠯᠠᠨ ᠤ ᠬᠦᠴᠦᠨ ᠢ ᠬᠤᠷᠠᠮᠳᠤᠭᠤᠯᠵᠠᠢ᠃ ᠶᠠᠮᠠᠷ ᠨᠢᠭᠡᠨ ᠤᠳᠬ᠎ᠠ ᠠᠭᠤᠯᠭ᠎ᠠ ᠠᠴᠠ ᠠᠪᠴᠤ ᠬᠡᠯᠡᠪᠡᠯ᠂ ᠢᠯᠡᠳᠬᠡᠯ ᠢ ᠲᠤᠭᠤᠷᠪᠢᠨ ᠪᠢᠴᠢᠬᠦ ᠳᠤᠭᠤᠶᠢᠯᠠᠩ ᠠᠴᠠ ᠪᠢᠴᠢᠵᠦ ᠭᠠᠷᠭᠠᠭᠰᠠᠨ ᠪᠢᠰᠢ᠂ ᠬᠠᠷᠢᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠬᠠᠮᠲᠤ ᠪᠠᠷ ᠪᠢᠴᠢᠵᠦ ᠭᠠᠷᠭᠠᠭᠰᠠᠨ ᠭᠡᠵᠦ ᠬᠡᠯᠡᠬᠦ ᠶᠣᠰᠣᠲᠠᠶ᠃      ᠬᠥᠲᠥᠯᠥᠭᠴᠢ 2022 — 02 — 11  15᠄ 07      2021 ᠣᠨ ᠪᠣᠯ ᠥᠪᠥᠷ ᠮᠣᠩᠭᠤᠯ ᠤᠨ ᠣᠳᠣᠬᠢᠴᠢᠯᠠᠯᠲᠠ ᠶᠢᠨ ᠠᠬᠢᠴᠠ ᠳᠠᠬᠢ ᠶᠡᠷᠦ ᠪᠤᠰᠤ ᠶᠢᠨ ᠨᠢᠭᠡ ᠵᠢᠯ ᠪᠣᠯᠤᠨ᠎ᠠ᠂ ᠢᠯᠡᠳᠬᠡᠯ ᠳᠤ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠳ᠋ᠦᠩᠨᠡᠨ ᠡᠷᠭᠢᠴᠡᠭᠦᠯᠵᠦ᠂ ᠲᠠ ᠬᠤᠶᠠᠭᠤᠯᠠ ᠶᠢᠨ ᠦᠵᠡᠬᠦ ᠪᠠᠷ ᠶᠠᠮᠠᠷ ᠶᠠᠮᠠᠷ ᠠᠵᠢᠯ ᠨᠢ ᠣᠨᠴᠠᠭᠠᠶ ᠢᠯᠡ ᠲᠣᠳᠣ᠂ ᠶᠠᠮᠠᠷ ᠶᠠᠮᠠᠷ ᠲᠣᠪᠤᠶᠢᠮ᠎ᠠ ᠦᠷ᠎ᠡ ᠪᠦᠲᠦᠮᠵᠢ ᠣᠯᠤᠭᠰᠠᠨ ᠪᠣᠶ︖      ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 11   15᠄ 08      ᠶᠠᠭ ᠬᠥᠲᠥᠯᠥᠭᠴᠢ ᠶᠢᠨ ᠬᠡᠯᠡᠭᠰᠡᠨᠴᠢᠯᠡᠨ᠂ ᠥᠩᠭᠡᠷᠡᠭᠰᠡᠨ ᠨᠢᠭᠡ ᠵᠢᠯ ᠪᠣᠯ ᠨᠠᠮ ᠪᠣᠯᠤᠨ ᠤᠯᠤᠰ ᠤᠨ ᠲᠡᠦᠬᠡᠨ ᠳᠡᠭᠡᠷᠡᠬᠢ ᠬᠦᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠤᠨ᠎ᠠ᠂ ᠮᠥᠨᠴᠦ ᠥᠪᠥᠷ ᠮᠣᠩᠭᠤᠯ ᠤᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠢᠯᠡᠳᠬᠡᠯ ᠳᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠤᠨ ᠡᠯ᠎ᠡ  ᠵᠦᠢᠯ ᠤᠨ ᠠᠵᠢᠯ ᠢ ᠪᠥᠬᠦ ᠲᠠᠯ᠎ᠠ ᠪᠠᠷ ᠰᠢᠰᠲ᠋ᠧᠮ ᠲᠠᠢ ᠡᠷᠭᠢᠴᠡᠭᠦᠯᠵᠦ᠂ ᠢᠯᠠᠩᠭᠤᠶ᠎ᠠ 6 ᠵᠦᠢᠯ ᠤᠨ ᠴᠢᠬᠤᠯᠠ ᠶᠠᠪᠤᠳᠠᠯ ᠪᠡᠷᠬᠡ ᠶᠠᠪᠤᠳᠠᠯ ᠢ ᠳᠣᠪᠤᠶᠢᠯᠭᠠᠵᠠᠶ᠂ ᠢᠩᠭᠢᠵᠦ ᠠᠯᠪᠠᠨ ᠪᠢᠴᠢᠭ ᠶᠠᠪᠤᠭᠤᠯᠵᠤ ᠪᠠᠶᠢᠬᠤ ᠶᠢᠨ ᠰᠢᠯᠲᠠᠭᠠᠨ ᠨᠢ ᠳᠠᠷᠤᠶ ᠡᠨᠡ ᠬᠡᠳᠦᠨ ᠶᠠᠪᠤᠳᠠᠯ ᠪᠣᠯ ᠴᠥᠮ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠤᠯᠳᠠᠯᠭ᠎ᠠ ᠲᠠᠢ ᠠᠳᠬᠤᠵᠤ ᠪᠠᠶᠢᠭ᠎ᠠ ᠶᠡᠭᠡ ᠶᠠᠪᠤᠳᠠᠯ ᠮᠥᠨ᠂ ᠴᠥᠮ ᠲᠤᠬᠠᠶ ᠶᠢᠨ ᠵᠢᠯ ᠢ ᠲᠣᠭᠲᠠᠭᠠᠵᠤ᠂ ᠣᠯᠠᠨ ᠵᠢᠯ ᠢ ᠨᠥᠯᠥᠭᠡᠯᠡᠭᠰᠡᠨ ᠶᠡᠭᠡ ᠶᠠᠪᠤᠳᠠᠯ ᠮᠥᠨ᠃      ᠬᠥᠲᠥᠯᠥᠭᠴᠢ᠄ 2022 — 02 — 11  15᠄ 08      ᠵᠢᠱᠢᠶᠡᠯᠡᠪᠡᠯ︖      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ 2022 — 02 — 11  15᠄ 10      ᠵᠢᠱᠢᠶᠡᠯᠡᠪᠡᠯ᠂ ᠡᠬᠢᠯᠡᠯᠲᠡ ᠶᠢᠨ ᠵᠢᠯ ᠳᠤ ᠡᠯ᠎ᠡ ᠲᠥᠷᠥᠯ ᠤᠨ ᠶᠡᠷᠦᠩᠬᠡᠶ ᠲᠥᠯᠥᠪᠵᠢᠭᠦᠯᠭᠡ ᠪᠠ ᠲᠤᠰᠬᠠᠶ ᠲᠥᠷᠥᠯ ᠤᠨ ᠲᠥᠯᠥᠪᠵᠢᠭᠦᠯᠭᠡ ᠶᠢ ᠦᠨᠳᠦᠰᠦᠨ ᠳᠡᠭᠡᠨ ᠨᠠᠶᠢᠷᠠᠭᠤᠯᠤᠨ ᠵᠣᠬᠢᠶᠠᠵᠤ᠂ ᠡᠨᠡ ᠨᠢ ᠳᠠᠷᠤᠶ ᠥᠪᠥᠷ ᠮᠣᠩᠭᠤᠯ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠥᠭᠵᠢᠯᠲᠡ ᠶᠢᠨ ᠪᠠᠷᠢᠯᠭ᠎ᠠ ᠶᠢᠨ ᠵᠢᠷᠤᠭ ᠢ ᠪᠣᠶ ᠪᠣᠯᠭᠠᠭᠰᠠᠨ ᠮᠥᠷᠲᠡᠭᠡᠨ ᠨᠢᠭᠡᠬᠡᠨ ᠵᠢᠯ ᠤᠨ ᠬᠤᠭᠤᠴᠠᠭᠠᠨ ᠳᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠭᠰᠠᠨ ᠪᠠᠶᠢᠨ᠎ᠠ᠂ ᠡᠨᠡ ᠨᠢ ᠰᠢᠨ᠎ᠡ ᠵᠠᠭᠤᠨ ᠠᠴᠠ ᠨᠠᠰᠢᠬᠢ ᠥᠪᠥᠷ ᠮᠣᠩᠭᠤᠯ ᠤᠨ ᠬᠥᠭᠵᠢᠯᠲᠡ ᠶᠢᠨ ᠶᠠᠪᠤᠴᠠ ᠳᠤ ᠬᠤᠤᠰ ᠥᠬᠡᠶ ᠶᠤᠮ᠂ ᠡᠨᠡ ᠨᠢ ᠪᠠᠰᠠ ᠡᠷᠲᠡ ᠠᠴᠠ ᠠᠳᠬᠤᠬᠤ᠂ ᠲᠦᠷᠭᠡᠨ ᠠᠳᠬᠤᠬᠤ᠂ ᠪᠣᠳᠠᠲᠠᠶ ᠪᠠᠷ ᠠᠳᠬᠤᠬᠤ ᠠᠵᠢᠯ ᠤᠨ ᠤᠳᠤᠷᠢᠳᠤᠮᠵᠢ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ ᠡᠨᠡ ᠨᠢ ᠳᠠᠷᠤᠶ ᠥᠪᠥᠷ ᠮᠣᠩᠭᠤᠯ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠭᠰᠠᠨ ᠶᠠᠪᠤᠳᠠᠯ ᠪᠣᠯᠤᠨ᠎ᠠ᠂ ᠡᠨᠡ ᠨᠢ ᠮᠥᠨ ᠴᠦ ᠡᠷᠲᠡ ᠠᠴᠠ ᠠᠳᠬᠤᠬᠤ᠂ ᠲᠦᠷᠭᠡᠨ ᠠᠳᠬᠤᠬᠤ᠂ ᠪᠣᠳᠠᠲᠠᠶ ᠪᠠᠷ ᠠᠳᠬᠤᠬᠤ ᠠᠵᠢᠯ ᠤᠨ ᠤᠳᠤᠷᠢᠳᠤᠮᠵᠢ ᠶᠢ ᠭᠦᠢᠴᠡᠳ ᠬᠠᠷᠠᠭᠤᠯᠵᠤ ᠪᠠᠶᠢᠭ᠎ᠠ ᠶᠤᠮ᠃ ᠪᠠᠰᠠ ᠭᠡᠨᠡᠳᠲᠡ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ᠂ ᠣᠯᠠᠨ ᠤ ᠮᠡᠳᠡᠭᠡᠵᠢ ᠪᠠᠷ᠂ ᠨᠢᠳᠤᠨᠤᠨ ᠡᠵᠡᠨ᠎ᠡ᠂ ᠮᠠᠨᠵᠤᠤᠷ ᠂ ᠡᠷᠢᠶᠡᠨ ᠬᠤᠲᠠ ᠵᠡᠷᠭᠡ ᠭᠠᠵᠠᠷ ᠲᠤ ᠵᠠᠯᠭᠠᠭ᠎ᠠ ᠪᠠᠷ ᠬᠢᠵᠢᠭ ᠤᠨ ᠪᠠᠶᠢᠳᠠᠯ ᠭᠠᠷᠴᠤ᠂ ᠲᠡᠷᠡᠴᠢᠯᠡᠨ ᠬᠢᠯᠢ ᠶᠢᠨ ᠪᠣᠭᠤᠮᠲᠠ ᠶᠢᠨ ᠬᠤᠲᠠ ᠪᠠᠯᠭᠠᠰᠤ ᠶᠢᠨ ᠬᠥᠮᠦᠨ ᠡᠷᠢᠬᠦ᠂ ᠬᠥᠮᠦᠨ ᠠᠪᠤᠷᠠᠬᠤ᠂ ᠬᠥᠮᠦᠨ ᠬᠠᠮᠢᠶᠠᠷᠬᠤ᠂ ᠬᠥᠮᠦᠨ ᠲᠥᠪᠬᠢᠨᠡᠭᠦᠯᠬᠦ ᠵᠡᠷᠭᠡ ᠡᠯ᠎ᠡ ᠲᠠᠯ᠎ᠠ ᠶᠢᠨ ᠲᠥᠰᠦᠭᠡᠯᠡᠬᠦᠶ᠎ᠡ ᠪᠡᠷᠬᠡ ᠬᠦᠴᠢᠷᠳᠡᠯ ᠳᠤ ᠲᠤᠯᠭᠠᠷᠠᠵᠤ᠂ ᠡᠵᠡᠨ᠎ᠡ ᠬᠤᠰᠢᠭᠤ ᠪᠠᠷ ᠵᠢᠱᠢᠶᠡᠯᠡᠵᠦ ᠬᠡᠯᠡᠶ᠎ᠡ᠃ 2 ᠲᠦᠮᠡ ᠭᠠᠷᠦ᠋ᠢᠬᠠᠨ ᠬᠥᠮᠦᠨ ᠠᠮᠠ ᠲᠠᠢ ᠬᠢᠯᠢ ᠶᠢᠨ ᠬᠤᠰᠢᠭᠤ ᠰᠢᠶᠠᠨ ᠪᠣᠯᠤᠨ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠣ ᠶᠢᠨ ᠲᠤᠭ᠎ᠠ ᠪᠠᠰᠠ 200 ᠬᠦᠷᠬᠦ ᠦᠭᠡᠶ᠂ ᠲᠤᠰᠬᠠᠶ ᠮᠡᠷᠭᠡᠵᠢᠯ ᠤᠨ ᠠᠵᠢᠯᠲᠠᠨ ᠴᠤ 300 ᠭᠠᠷᠦ᠋ᠢᠬᠠᠨ ᠪᠠᠶᠢᠨ᠎ᠠ᠂ ᠲᠤᠬᠠᠶ ᠶᠢᠨ ᠦᠶ᠎ᠡ ᠳᠤ ᠲᠤᠯᠭᠠᠷᠠᠭᠰᠠᠨ ᠪᠠᠶᠢᠳᠠᠯ ᠭᠡᠪᠡᠯ᠂ ᠲᠦᠮᠡ ᠰᠢᠬᠠᠮ ᠵᠤᠭᠠᠴᠠᠭᠴᠢ ᠰᠠᠭᠠᠲᠠᠵᠤ᠂ ᠨᠡᠶᠢᠳᠡ 160 ᠭᠠᠷᠤᠢ ᠬᠥᠮᠦᠨ ᠢ ᠣᠨᠣᠰᠢᠯᠠᠪᠠ᠂ ᠡᠶᠢᠮᠦᠷᠬᠦ ᠬᠦᠴᠢᠷᠳᠡᠯ ᠨᠢ ᠮᠠᠨᠵᠤᠤᠷ ᠵᠡᠷᠭᠡ ᠭᠠᠵᠠᠷ ᠲᠤ ᠴᠤ ᠵᠣᠬᠢᠬᠤ ᠬᠡᠮᠵᠢᠶ᠎ᠡ ᠪᠠᠷ ᠡᠶᠢᠮᠦᠷᠬᠦ ᠬᠦᠴᠢᠷᠳᠡᠯ ᠳᠤ ᠲᠤᠯᠭᠠᠷᠠᠭᠰᠠᠨ ᠢ ᠮᠡᠳᠡᠭᠡᠵᠢ ᠶᠢᠨ ᠬᠡᠷᠡᠭ ᠶᠤᠮ᠂ ᠡᠶᠢᠮᠦ ᠠᠴᠠ ᠮᠡᠳᠡᠭᠦᠯᠦᠯᠲᠡ ᠳᠤ ︽ᠪᠡᠷᠬᠡ ᠪᠠᠷᠳᠠᠭ᠎ᠠ ᠶᠢ ᠲᠤᠭᠤᠯᠵᠤ ᠪᠠᠶᠢᠭᠠᠳ ᠲᠦᠮᠡ ᠭᠠᠷᠤᠢ ᠵᠤᠭᠠᠴᠠᠭᠰᠠᠳ ᠢ ᠵᠣᠬᠢᠶᠠᠨ ᠪᠠᠶᠢᠭᠤᠯᠵᠤ ᠮᠤᠵᠢ ᠠᠯᠤᠰᠯᠠᠨ ᠬᠠᠮᠠᠭᠠᠯᠠᠨ ᠬᠦᠷᠭᠡᠵᠦ᠂ ᠲᠦᠮᠡ ᠭᠠᠷᠤᠢ ᠬᠥᠮᠦᠨ ᠢ ᠭᠠᠵᠠᠷ ᠬᠤᠪᠢᠶᠠᠨ ᠲᠤᠰᠠᠭᠠᠷᠯᠠᠵᠤ᠂ ᠬᠡᠳᠦᠨ ᠵᠠᠭᠤᠨ ᠡᠪᠡᠳᠴᠢᠲᠡᠨ ᠢ ᠮᠢᠩᠭᠠᠨ ᠭᠠᠵᠠᠷ ᠤᠨ ᠳᠣᠲᠣᠷ᠎ᠠ ᠰᠢᠯᠵᠢᠭᠦᠯᠦᠨ ᠵᠥᠭᠡᠭᠡᠪᠦᠷᠢᠯᠡᠭᠦᠯᠦᠨ᠎ᠡ︾ ᠭᠡᠵᠦ ᠶᠠᠷᠢᠵᠠᠢ᠂ ᠡᠨᠡ ᠨᠢ ᠪᠦᠬᠦ ᠤᠯᠤᠰ ᠤᠨ ᠬᠢᠵᠢᠭ ᠢ ᠡᠰᠡᠷᠭᠦᠴᠡᠬᠦ ᠶᠠᠪᠤᠴᠠ ᠳᠤ ᠴᠤ ᠲᠦᠢᠯ ᠤᠨ ᠬᠤᠪᠣᠷ ᠶᠠᠪᠤᠳᠠᠯ ᠪᠣᠯᠬᠤ ᠶᠤᠮ᠃      ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 11  15᠄ 10      ᠪᠠᠰᠠ ᠵᠢᠱᠢᠶᠡᠯᠡᠪᠡᠯ ᠳᠠᠯᠳᠠ ᠬᠦᠴᠦᠨ ᠢ ᠪᠦᠬᠦ ᠲᠠᠯ᠎ᠠ ᠪᠠᠷ ᠠᠭᠤᠳᠠᠯᠤᠨ ᠨᠡᠭᠦᠷᠡᠰᠦ ᠴᠠᠬᠢᠯᠭᠠᠨ ᠤ ᠬᠠᠩᠭᠠᠯᠭ᠎ᠠ ᠶᠢ ᠪᠠᠲᠤᠯᠠᠵᠤ᠂ ᠨᠢᠳᠤᠨᠤᠨ ᠤ ᠳᠣᠣᠷ᠎ᠠ ᠬᠠᠭᠠᠰ ᠵᠢᠯ ᠳᠤ ᠪᠦᠬᠦ ᠤᠯᠤᠰ ᠲᠤ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠪᠠᠴᠢᠮ ᠪᠣᠯᠵᠤ᠂ ᠮᠠᠰᠢ ᠣᠯᠠᠨ ᠭᠠᠵᠠᠷ ᠤᠨ ᠬᠢᠨ ︽ᠴᠠᠬᠢᠯᠭᠠᠨ ᠢ ᠵᠣᠭᠰᠣᠭᠠᠵᠤ ᠬᠢᠵᠠᠭᠠᠷᠯᠠᠭᠰᠠᠨ︾ ᠪᠠᠶᠢᠳᠠᠯ ᠳᠣᠣᠷ᠎ᠠ᠂ ᠮᠠᠨ ᠤ ᠣᠷᠣᠨ ᠲᠡᠷᠢᠭᠦᠨ ᠤ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠳᠠᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠪᠦᠬᠦ ᠬᠦᠴᠦᠨ ᠢᠶᠠᠷ ᠢᠶᠠᠨ ᠦᠢᠯᠡᠳᠪᠦᠷᠢᠯᠡᠬᠦ ᠶᠢ ᠠᠬᠢᠭᠤᠯᠵᠤ᠂ ᠤᠯᠤᠰ ᠠᠴᠠ ᠲᠤᠰᠢᠶᠠᠭᠰᠠᠨ 18 ᠮᠤᠵᠢ ᠣᠷᠣᠨ ᠤ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠡᠷᠦᠬᠡ ᠳᠤ ᠡᠩ ᠤᠨ ᠦᠨ᠎ᠡ ᠶᠢᠨ ᠨᠡᠭᠦᠷᠡᠰᠦ ᠬᠠᠩᠭᠠᠵᠤ᠂ ᠨᠡᠭᠦᠷᠡᠰᠦᠨ ᠤ ᠡᠳᠦᠷ ᠤᠨ ᠭᠠᠷᠤᠯᠲᠠ ᠵᠠᠯᠭᠠᠯᠳᠤᠭᠠᠪᠠᠷ ᠰᠢᠨ᠎ᠡ ᠲᠡᠮᠳᠡᠭᠯᠡᠯ ᠢ ᠡᠭᠦᠳᠴᠦ᠂ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ ᠪᠦᠬᠦ ᠤᠯᠤᠰ ᠲᠤ ᠲᠡᠷᠢᠭᠦᠯᠡᠵᠦ᠂ ᠤᠯᠤᠰ ᠤᠨ ᠬᠥᠭᠵᠢᠯᠲᠡ ᠪᠣᠯᠤᠨ ᠠᠮᠤᠷ ᠲᠦᠪᠰᠢᠨ ᠤ ᠶᠡᠭᠡ ᠲᠠᠯ᠎ᠠ ᠳᠤ ᠥᠪᠥᠷ ᠮᠣᠩᠭᠤᠯ ᠤᠨ ᠬᠤᠪᠢ ᠨᠡᠮᠡᠷᠢ ᠶᠢ ᠦᠵᠡᠭᠦᠯᠪᠡ᠃ ᠲᠡᠷᠡᠴᠢᠯᠡᠨ ᠪᠦᠬᠦ ᠬᠦᠴᠦᠨ ᠢᠶᠠᠷ ᠢᠶᠠᠨ ᠭᠠᠷᠤᠯᠲᠠ ᠪᠠᠨ ᠨᠡᠮᠡᠭᠳᠡᠭᠦᠯᠵᠦ ᠬᠠᠩᠭᠠᠯᠭ᠎ᠠ ᠶᠢ ᠪᠠᠲᠤᠯᠠᠭᠰᠠᠨ ᠠᠬᠤᠢ ᠪᠠᠶᠢᠳᠠᠯ ᠳᠣᠣᠷ᠎ᠠ᠂ ᠮᠠᠨ ᠤ ᠣᠷᠣᠨ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠬᠠᠩᠭᠠᠯᠭ᠎ᠠ ᠶᠢ ᠪᠠᠲᠤᠯᠠᠬᠤ ᠪᠠ ᠬᠠᠮᠠᠭᠠᠯᠠᠬᠤ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠲᠣᠭᠲᠠᠭᠠᠯ ᠠᠴᠠ ᠵᠥᠷᠢᠴᠡᠭᠰᠡᠨ ︽ᠬᠤᠶᠠᠷ ᠥᠨᠳᠥᠷ︾ ᠲᠦᠷᠦᠯ ᠵᠦᠢᠯ ᠢ ᠴᠡᠭᠴᠡᠯᠡᠨ ᠰᠠᠶᠢᠵᠢᠷᠠᠭᠤᠯᠵᠤ ᠲᠡᠭ ᠪᠣᠯᠭᠠᠬᠤ ᠶᠢ ᠪᠡᠶᠡᠯᠡᠭᠦᠯᠵᠦ᠂ ᠤᠯᠤᠰ ᠠᠴᠠ ᠪᠠᠭᠤᠯᠭᠠᠭᠰᠠᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠡᠭᠦᠷᠭᠡ ᠶᠢ ᠪᠡᠶᠡᠯᠡᠭᠦᠯᠵᠦ᠂ ᠡᠬᠢ ᠪᠠᠶᠠᠯᠢᠭ ᠣᠷᠴᠢᠨ ᠲᠣᠭᠤᠷᠢᠨ ᠤ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢᠨ ᠡᠵᠡᠮᠳᠡᠯ ᠢᠶᠠᠨ ᠠᠯᠳᠠᠭᠰᠠᠨ ᠪᠠᠶᠢᠳᠠᠯ ᠢ ᠬᠤᠪᠢᠷᠠᠭᠤᠯᠵᠠᠢ᠃ ᠡᠲᠡᠭᠡᠷ ᠨᠢ ᠴᠥᠮ ᠥᠪᠥᠷ ᠮᠣᠩᠭᠤᠯ ᠤᠨ ᠶᠡᠭᠡ ᠲᠠᠯ᠎ᠠ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠶᠡᠭᠡ ᠲᠠᠯ᠎ᠠ ᠶᠢᠨ ᠲᠥᠯᠥᠭᠡ ᠵᠢᠳᠬᠦᠬᠦ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢ ᠢᠯᠡ ᠲᠣᠳᠣ ᠢᠯᠡᠷᠡᠭᠦᠯᠦᠭᠰᠡᠨ ᠪᠠᠶᠢᠨ᠎ᠠ᠃      ᠬᠥᠲᠥᠯᠥᠭᠴᠢ 2022 — 02 — 11   15᠄ 11      ᠲᠡᠭᠡᠪᠡᠯ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠪᠠᠰᠠ ᠶᠠᠮᠠᠷ ᠶᠠᠮᠠᠷ ᠬᠢᠯᠠᠰ ᠴᠡᠭ ᠪᠠᠶᠢᠬᠤ ᠪᠣᠶ︖      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ 2022 — 02 — 11  15᠄ 12      ᠶᠠᠭ ᠬᠥᠲᠥᠯᠥᠭᠴᠢ ᠶᠢᠨ ᠬᠡᠯᠡᠭᠰᠡᠨᠴᠢᠯᠡᠨ᠂ ᠪᠢᠳᠡᠨ ᠤ ᠳ᠋ᠦᠩᠨᠡᠭᠰᠡᠨ ᠵᠢᠷᠭᠤᠭᠠᠨ ᠶᠡᠭᠡ ᠶᠠᠪᠤᠳᠠᠯ ᠳᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠪᠠᠰᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠬᠦ ᠲᠠᠯ᠎ᠠ ᠪᠠᠷ᠂ ᠪᠢᠳᠡ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠵᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠵᠦ᠂ ᠢᠯᠠᠩᠭᠤᠶ᠎ᠠ ᠭᠡᠨᠡᠳᠲᠡ ᠶᠢᠨ ᠬᠢᠵᠢᠭ ᠤᠨ ᠠᠶᠤᠯ ᠲᠦᠭᠰᠢᠭᠦᠷᠢ ᠶᠢ ᠪᠠᠭᠲᠠᠭᠠᠭᠰᠠᠨ ᠡᠨᠡ ᠵᠢᠯ ᠤᠨ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠭᠡᠷ᠎ᠡ ᠶᠢ ᠭᠦᠢᠴᠡᠳᠬᠡᠬᠦ ᠠᠶᠤᠯ ᠲᠦᠭᠰᠢᠭᠦᠷᠢ ᠶᠢ ᠰᠡᠷᠭᠡᠶᠢᠯᠡᠵᠦ᠂ ᠮᠠᠨ ᠤ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠪᠠ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠪᠠ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠪᠢᠳᠡ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 3.0᠎ ᠶᠢᠨ ᠲᠥᠰᠦᠯ ᠢ ᠭᠠᠷᠭᠠᠵᠤ᠂ ᠨᠢᠭᠡ ᠰᠦᠯᠵᠢᠶ᠎ᠡ ᠪᠠᠷ ᠪᠦᠬᠦᠨ ᠢ ᠰᠢᠶ᠋ᠳᠪᠦᠷᠢᠯᠡᠬᠦ 2.0᠎ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠪᠡ᠂ ᠢᠯᠡᠳᠬᠡᠯ ᠳᠤ ︽ᠠᠵᠤ ᠠᠬᠤᠶᠢᠯᠠᠯ ᠪᠣᠯᠤᠨ ᠣᠯᠠᠨ ᠲᠦᠮᠡᠨ ᠳᠤ ᠣᠷᠴᠢᠨ ᠨᠥᠬᠦᠴᠡᠯ ᠬᠤᠪᠢᠷᠠᠵᠤ᠂ ᠦᠢᠯᠡᠴᠢᠯᠡᠭᠡ ᠰᠢᠯᠢᠳᠡᠭᠵᠢᠵᠦ ᠪᠠᠶᠢᠨ᠎ᠠ ᠭᠡᠳᠡᠭ ᠢ ᠦᠨᠡᠨ ᠬᠦ ᠮᠡᠳᠡᠷᠡᠭᠦᠯᠪᠡ︾ ᠭᠡᠰᠡᠨ ᠦᠭᠡ ᠪᠠᠶᠢᠳᠠᠭ᠂ ᠡᠲᠡᠭᠡᠷ ᠶᠠᠪᠤᠳᠠᠯ ᠢ ᠪᠢᠳᠡ ᠥᠩᠭᠡᠷᠡᠭᠰᠡᠨ ᠨᠢᠭᠡ ᠵᠢᠯ ᠳᠤ ᠴᠢᠬᠤᠯᠠ ᠶᠡᠭᠡ ᠠᠬᠢᠴᠠ ᠪᠠ ᠦᠷ᠎ᠡ ᠪᠦᠲᠦᠮᠵᠢ ᠣᠯᠤᠭᠰᠠᠨ ᠶᠤᠮ᠃ ᠡᠨᠡ 6 ᠶᠡᠭᠡ ᠶᠠᠪᠤᠳᠠᠯ ᠢ ᠳ᠋ᠦᠩᠨᠡᠨ ᠪᠣᠯᠪᠠᠰᠤᠷᠠᠭᠤᠯᠤᠭᠰᠠᠨ ᠰᠠᠭᠤᠷᠢᠨ ᠳᠡᠭᠡᠷ᠎ᠡ᠂ ᠢᠯᠡᠳᠬᠡᠯ ᠳᠤ ᠥᠩᠭᠡᠷᠡᠭᠰᠡᠨ ᠨᠢᠭᠡ ᠵᠢᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠨᠠᠢᠮᠠᠨ ᠲᠠᠯ᠎ᠠ ᠠᠴᠠ ᠰᠢᠰᠲᠧᠮ ᠲᠠᠢ ᠡᠷᠭᠢᠴᠡᠭᠦᠯᠪᠡ᠂ ᠡᠭᠦᠨ ᠳᠤ ᠪᠠᠰᠠ ᠬᠢᠯᠠᠰ ᠴᠡᠭ ᠤᠯᠠᠨ ᠪᠠᠶᠢᠨ᠎ᠠ᠃      ᠬᠥᠲᠥᠯᠥᠭᠴᠢ᠄ 2022 — 02 — 11  15᠄ 12      ᠮᠢᠨᠦ ᠪᠣᠳᠣᠬᠤ ᠪᠠᠷ ᠠᠵᠤ ᠠᠬᠤᠶ ᠶᠢᠨ ᠭᠦᠢᠴᠡᠳᠬᠡᠬᠦ ᠲᠤᠭ᠎ᠠ ᠪᠣᠯ ᠲᠡᠭᠦᠨ ᠤ ᠳᠣᠲᠣᠷᠠᠬᠢ ᠬᠠᠮᠤᠭ ᠤᠨ ᠶᠡᠭᠡ ᠨᠢᠭᠡ ᠭᠢᠯᠠᠰ ᠴᠡᠭ ᠪᠣᠯᠤᠨ᠎ᠠ᠃      ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 11  15᠄ 13      ᠲᠡᠶᠢᠮᠦ ᠡ᠂ ᠠᠵᠤ ᠠᠬᠤᠶ ᠶᠢᠨ ᠭᠦᠢᠴᠡᠳᠬᠡᠬᠦ ᠲᠤᠭ᠎ᠠ ᠦᠨᠡᠬᠡᠷ ᠢᠯᠡ ᠲᠣᠳᠣ ᠪᠠᠶᠢᠨ᠎ᠠ᠃ ᠨᠢᠳᠤᠨᠤᠨ᠂ ᠮᠠᠨ ᠤ ᠪᠥᠬᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 2 ᠲᠦᠮᠡᠨ ᠳ᠋ᠦᠩᠰᠢᠭᠤᠷ ᠲᠥᠭᠦᠷᠢᠭ ᠢ ᠳᠠᠪᠠᠵᠠᠶ᠂ ᠡᠨᠡ ᠨᠢ ᠥᠪᠥᠷ ᠮᠣᠩᠭᠤᠯ ᠳᠤ ᠠᠪᠴᠤ ᠬᠡᠯᠡᠪᠡᠯ ᠲᠡᠤᠬᠡᠲᠦ ᠴᠢᠨᠠᠷᠲᠠᠶ᠂ ᠪᠡᠯᠭᠡ ᠲᠡᠮᠳᠡᠭ ᠤᠨ ᠴᠢᠨᠠᠷᠲᠠᠶ ᠠᠴᠢ ᠬᠤᠯᠪᠣᠭᠳᠠᠯ ᠲᠠᠢ ᠶᠤᠮ᠃ ᠢᠯᠠᠩᠭᠤᠶ᠎ᠠ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ 98%᠎ ᠪᠠᠷ ᠨᠡᠮᠡᠭᠳᠡᠵᠦ᠂ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠤᠨ ᠲᠠᠭᠠᠷᠢᠯᠳᠠ᠂ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠶᠡᠬᠡᠰᠴᠦ᠂ ᠬᠠᠲᠠᠭᠤ ᠭᠦᠢᠴᠡᠳᠬᠡᠬᠦ ᠲᠤᠭ᠎ᠠ ᠶᠢᠨ ᠬᠢᠵᠠᠭᠠᠷᠯᠠᠯ ᠢ ᠴᠢᠩᠭ᠎ᠠ ᠰᠠᠬᠢᠭᠰᠠᠨ ᠪᠠᠶᠢᠳᠠᠯ ᠤᠨ ᠳᠣᠣᠷ᠎ᠠ ᠡᠶᠢᠮᠦ ᠠᠮᠵᠢᠯᠲᠠ ᠶᠢ ᠣᠯᠤᠭᠰᠠᠨ ᠨᠢ ᠲᠦᠢᠯ ᠤᠨ ᠬᠢᠯᠪᠠᠷ ᠪᠤᠰᠤ ᠶᠤᠮ᠃ ᠠᠵᠤ ᠦᠢᠯᠡᠰ ᠤᠨ ᠲᠠᠯ᠎ᠠ ᠪᠠᠷ ᠴᠤ ᠮᠠᠰᠢ ᠤᠯᠠᠨ ᠴᠢᠬᠤᠯᠠ ᠠᠮᠵᠢᠯᠲᠠ ᠪᠦᠲᠦᠮᠵᠢ ᠣᠯᠵᠠᠶ᠂ ᠵᠢᠱᠢᠶᠡᠯᠡᠪᠡᠯ ᠲᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠬᠡᠮᠵᠢᠶ᠎ᠡ 27.5%᠎ ᠪᠠᠷ ᠨᠡᠮᠡᠭᠳᠡᠵᠦ᠂ ᠦᠢᠯᠡᠳᠬᠦ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠦᠢᠯᠡᠰ ᠲᠤᠰ ᠲᠤᠰ 11.3%᠂ 22.4%᠎ ᠪᠠᠷ ᠨᠡᠮᠡᠭᠳᠡᠵᠦ᠂ ᠦᠢᠯᠡᠳᠬᠦᠨ ᠤ ᠦᠷᠳᠡᠭ ᠨᠢ ᠮᠢᠩᠭᠠᠨ ᠳ᠋ᠦᠩᠰᠢᠭᠤᠷ ᠲᠥᠭᠦᠷᠢᠭ ᠢ ᠳᠠᠪᠠᠭᠰᠠᠨ ᠬᠦᠷᠢᠶᠡᠯᠡᠩ ᠲᠣᠭᠤᠷᠢᠭ 3᠎ ᠳᠤ ᠬᠦᠷᠴᠡᠶ᠂ ᠡᠳᠡᠭᠡᠷ ᠠᠮᠵᠢᠯᠲᠠ ᠪᠦᠲᠦᠮᠵᠢ ᠶᠢᠨ ᠠᠴᠢ ᠬᠤᠯᠪᠣᠭᠳᠠᠯ ᠨᠢ ᠴᠥᠮ ᠶᠡᠷᠦ ᠪᠤᠰᠤ ᠶᠢᠨ ᠶᠤᠮ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠮᠠᠨ ᠤ ᠣᠷᠣᠨ ᠨᠢᠳᠤᠨᠤᠨ ᠪᠠᠰᠠ ᠬᠡᠳᠦᠨ ᠲᠡᠦᠬᠡ ᠶᠢ ᠡᠭᠦᠳᠴᠡᠢ᠂ ᠳᠠᠷᠤᠢ ᠢᠯᠡᠳᠬᠡᠯ ᠳᠤ ᠶᠠᠷᠢᠭᠰᠠᠨᠴᠢᠯᠠᠨ᠂ ᠬᠠᠳᠠᠭᠠᠯᠠᠮᠵᠢ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ 4 ᠵᠢᠯ ᠤᠨ ᠲᠤᠷᠰᠢᠬᠢ ᠰᠢᠨ᠎ᠡ ᠥᠨᠳᠥᠷ ᠲᠦᠪᠰᠢᠨ ᠢ ᠡᠭᠦᠳᠴᠦ᠂ ᠪᠠᠩᠬᠢ ᠶᠢᠨ ᠦᠢᠯᠡᠰ ᠤᠨ ᠡᠷᠡᠭᠦᠯ ᠪᠤᠰᠤ ᠵᠢᠭᠡᠯᠡᠯᠭᠡ ᠶᠢᠨ ᠨᠤᠷᠮ᠎ᠠ 6 ᠵᠢᠯ ᠤᠨ ᠲᠤᠷᠰᠢᠬᠢ ᠬᠠᠮᠤᠭ ᠤᠨ ᠳᠣᠣᠷ᠎ᠠ ᠲᠦᠪᠰᠢᠨ ᠳᠤ ᠬᠦᠷᠴᠡᠢ︔ 4 ᠠᠵᠤ ᠠᠬᠤᠶᠢᠯᠠᠯ ᠠᠮᠵᠢᠯᠲᠠ ᠲᠠᠢ ᠪᠠᠷ ᠵᠠᠬ᠎ᠠ ᠳᠡᠯᠭᠡᠭᠦᠷ ᠲᠤ ᠭᠠᠷᠴᠤ᠂ ᠮᠠᠨ ᠤ ᠣᠷᠣᠨ ᠤ ᠠᠵᠤ ᠠᠬᠤᠶᠢᠯᠠᠯ ᠤᠨ 9 ᠵᠢᠯ ᠤᠨ A ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ︽ᠲᠡᠮᠳᠡᠭᠯᠡᠯ ᠥᠬᠡᠶ︾ ᠪᠠᠶᠢᠳᠠᠯ ᠢ ᠡᠪᠳᠡᠪᠡ᠃      ᠬᠥᠲᠥᠯᠥᠭᠴᠢ 2022 — 02 — 11  15᠄ 13      ᠲᠡᠭᠡᠪᠡᠯ ᠰᠢᠨ᠎ᠡ ᠶᠢ ᠡᠭᠦᠳᠬᠦ ᠲᠠᠯ᠎ᠠ ᠪᠠᠷ ᠪᠠᠰᠠ ᠶᠠᠮᠠᠷ ᠶᠠᠮᠠᠷ ᠬᠢᠯᠠᠰ ᠴᠡᠭ ᠪᠠᠶᠢᠬᠤ ᠪᠤᠢ︖      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ 2022 — 02 — 11  15᠄ 14      ᠰᠢᠨ᠎ᠡ ᠶᠢ ᠡᠭᠦᠳᠬᠦ ᠲᠠᠯ᠎ᠠ ᠪᠠᠷ᠂ ᠬᠥᠬᠡᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠨᠢᠭᠡ ᠵᠢᠯ ᠤᠨ ᠳᠣᠲᠣᠷ᠎ᠠ ᠪᠦᠬᠦ ᠤᠯᠤᠰ ᠤᠨ ᠨᠡᠷᠡᠰ ᠤᠨ ᠵᠢᠭᠰᠠᠭᠠᠯᠲᠠ ᠳᠤ 10 ᠣᠷᠣᠨ ᠳᠡᠭᠡᠭᠰᠢᠯᠡᠪᠡ᠂ ᠡᠨᠡ ᠬᠦ ᠠᠮᠵᠢᠯᠲᠠ ᠪᠦᠲᠦᠮᠵᠢ ᠨᠢ ᠲᠦᠢᠯ ᠤᠨ ᠬᠢᠯᠪᠠᠷ ᠪᠤᠰᠤ ᠪᠥᠭᠡᠳ ᠲᠦᠢᠯ ᠤᠨ ᠬᠢᠯᠪᠠᠷ ᠪᠤᠰᠤ ᠶᠤᠮ᠃ ᠪᠢᠳᠡ ᠪᠠᠰᠠ ᠠᠯᠤᠰ ᠰᠡᠷᠡᠯ ᠤᠨ ᠳᠠᠭᠠᠭᠤᠯᠢ ᠤᠳᠤ ︽ᠥᠪᠥᠷ ᠮᠣᠩᠭᠤᠯ ᠨᠢᠭᠡᠳᠦᠭᠡᠷ︾᠎ ᠢ ᠬᠠᠷᠪᠤᠪᠠ᠂ ᠡᠨᠡᠬᠦ ᠴᠢᠬᠤᠯᠠ ᠶᠡᠭᠡ ᠠᠮᠵᠢᠯᠲᠠ ᠨᠢ ᠮᠠᠨ ᠤ ᠣᠷᠣᠨ ᠨᠢᠭᠡᠨᠲᠡ ︽ᠣᠭᠲᠠᠷᠭᠤᠢ ᠠᠴᠠ ᠬᠠᠷᠠᠬᠤ︾᠂ ︽ᠭᠠᠵᠠᠷ ᠳᠡᠭᠡᠷ᠎ᠡ ᠠᠴᠠ ᠪᠠᠶᠢᠴᠠᠭᠠᠬᠤ ︾᠂ ︽ᠰᠦᠯᠵᠢᠶᠡᠨ ᠳᠡᠭᠡᠷ᠎ᠡ ᠬᠠᠮᠢᠶᠠᠷᠬᠤ︾ ᠠᠮᠢ ᠠᠬᠤᠢ ᠶᠢᠨ ᠬᠢᠨᠠᠨ ᠬᠡᠮᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠭᠰᠠᠨ ᠢ ᠬᠠᠷᠠᠭᠤᠯᠵᠤ ᠪᠠᠶᠢᠨ᠎ᠠ᠃ ᠡᠭᠦᠨ ᠳᠤ ᠠᠮᠢ ᠠᠬᠤᠶ ᠶᠢᠨ ᠣᠷᠴᠢᠨ ᠨᠥᠬᠦᠴᠡᠯ ᠤᠨ ᠲᠠᠯ᠎ᠠ ᠪᠠᠷ᠂ ᠮᠡᠳᠡᠭᠦᠯᠦᠯᠲᠡ ᠳᠤ ᠬᠥᠬᠡᠬᠤᠲᠠ ᠶᠢᠨ ︽2021 ᠳᠤᠮᠳᠠᠳᠤ ᠤᠯᠤᠰ ᠤᠨ ᠬᠠᠮᠤᠭ ᠤᠨ ᠶᠡᠭᠡ ᠠᠮᠢ ᠠᠬᠤᠶ ᠶᠢᠨ ᠥᠷᠢᠰᠥᠯᠳᠦᠬᠦ ᠬᠦᠴᠦᠨ ᠲᠠᠢ ᠬᠤᠲᠠ︾᠎ ᠳᠤ ᠰᠣᠩᠭᠤᠭᠳᠠᠭᠰᠠᠨ ᠢ ᠣᠨᠴᠠᠭᠠᠶᠢᠯᠠᠨ ᠳᠤᠷᠠᠳᠴᠤ᠂ ᠬᠢᠩᠭᠠᠨ ᠠᠶᠢᠮᠠᠭ ᠤᠨ ᠬᠢᠨ ᠪᠦᠬᠦ ᠣᠷᠣᠨ ᠤ ᠠᠩᠬᠠᠳᠠᠭᠴᠢ ᠲᠤᠰᠬᠠᠢ ᠣᠷᠣᠨ ᠬᠤᠳᠠ ᠶᠢᠨ ᠲᠡᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠢ ᠠᠮᠵᠢᠯᠲᠠ ᠲᠠᠢ ᠡᠭᠦᠳᠦᠨ ᠪᠠᠶᠢᠭᠤᠯᠪᠠ᠂ ᠡᠨᠡ ᠬᠤᠶᠠᠷ ᠫᠠᠶᠢᠰᠠ ᠶᠢᠨ ︽ᠠᠯᠲᠠᠨ ᠤ ᠠᠭᠤᠯᠤᠭᠳᠠᠴᠠ︾ ᠂ ︽ᠨᠣᠭᠤᠭᠠᠨ ᠠᠭᠤᠯᠤᠭᠳᠠᠴᠠ︾᠎ ᠨᠢ ᠴᠥᠮ ᠣᠨᠴᠠᠭᠠᠢ ᠥᠨᠳᠥᠷ ᠪᠠᠶᠢᠨ᠎ᠠ᠂ ᠡᠨᠡ ᠨᠢ ᠮᠥᠨᠴᠦ ᠮᠠᠨ ᠤ ᠣᠷᠣᠨ ᠤ ᠤᠢᠢᠷ᠎ᠠ ᠶᠢᠨ ᠵᠢᠯ ᠤᠨ ᠲᠤᠷᠰᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠭᠰᠡᠨ ᠤ ᠲᠤᠰᠬᠠᠯ ᠪᠣᠯᠤᠨ᠎ᠠ᠃ ᠪᠠᠰᠠ ᠣᠷᠣᠨ ᠪᠦᠰᠡ ᠶᠢᠨ ᠬᠥᠭᠵᠢᠯᠲᠡ᠂ ᠥᠭᠡᠷᠡᠴᠢᠯᠡᠯᠲᠡ ᠨᠡᠭᠡᠭᠡᠯᠲᠡ᠂ ᠦᠨᠳᠦᠰᠦᠲᠡᠨ ᠤ ᠪᠦᠯᠬᠦᠮᠳᠡᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠡᠯ᠎ᠡ ᠲᠠᠯ᠎ᠠ ᠶᠢᠨ ᠮᠠᠰᠢ ᠣᠯᠠᠨ ᠠᠵᠢᠯ ᠳᠤ ᠴᠥᠮ ᠣᠨᠴᠠᠭᠠᠶ ᠢᠯᠡ ᠲᠣᠳᠣ ᠬᠢᠷᠢ ᠪᠦᠲᠦᠮᠵᠢ ᠶᠢᠨ ᠬᠠᠭᠤᠳᠠᠰᠤ ᠭᠠᠷᠭᠠᠵᠤ ᠪᠣᠯᠤᠨ᠎ᠠ᠂ ᠵᠢᠱᠢᠶᠡᠯᠡᠪᠡᠯ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ 161ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ︽ᠳᠥᠷᠪᠡᠨ ᠬᠤᠲᠠ ᠶᠢ ᠨᠡᠶᠢᠳᠡᠮ ᠰᠢᠢᠳᠪᠦᠷᠢᠯᠡᠬᠦ︾᠎ ᠶᠢ ᠪᠡᠶᠡᠯᠡᠭᠦᠯᠵᠦ ᠪᠠᠶᠢᠨ᠎ᠠ᠂ ᠡᠨᠡ ᠨᠢ ᠮᠠᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠤᠭᠴᠠᠵᠢᠬᠤ ᠠᠬᠢᠴᠠ ᠶᠢᠨ ᠲᠠᠯ᠎ᠠ ᠪᠠᠷ ᠪᠠᠰᠠ ᠨᠢᠭᠡᠨ ᠪᠡᠯᠭᠡ ᠲᠡᠮᠳᠡᠭ ᠤᠨ ᠴᠢᠨᠠᠷᠲᠠᠶ ᠠᠴᠢ ᠬᠤᠯᠪᠣᠭᠳᠠᠯ ᠲᠠᠢ ᠶᠡᠭᠡ ᠶᠠᠪᠤᠳᠠᠯ ᠪᠣᠯᠤᠨ᠎ᠠ᠃ ᠵᠢᠱᠢᠶᠡᠯᠡᠪᠡᠯ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠤᠯᠲᠠ ᠳᠣᠣᠷ᠎ᠠ ᠪᠦᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ 17.2%᠎ ᠢᠶᠠᠷ ᠨᠡᠮᠡᠭᠳᠡᠵᠦ᠂ ᠪᠠᠰᠠ ᠤᠯᠤᠰ ᠤᠨ ᠳᠣᠲᠣᠭᠠᠳᠤ ᠶᠢᠨ ᠪᠡᠯᠡ ᠮᠥᠩᠭᠦ ᠶᠢ 2112 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ 15.3%᠎ ᠢᠶᠠᠷ ᠨᠡᠮᠡᠭᠳᠡᠪᠡ᠂ ᠪᠠᠰᠠ ᠨᠢᠳᠤᠨᠤᠨ ᠪᠦᠬᠦ ᠣᠷᠣᠨ ᠢᠶᠠᠷ ᠢᠶᠠᠨ ᠬᠠᠮᠲᠤᠪᠠᠷ ᠴᠢᠷᠮᠠᠶᠢᠵᠤ ᠪᠠᠶᠢᠭᠠᠳ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠨᠡᠶᠢᠳᠡ 2947᠂ 139.7 ᠲᠦᠮᠡᠨ ᠢᠵᠢ ᠶᠢ ᠰᠢᠢᠳᠪᠦᠷᠢᠯᠡᠵᠦ᠂ ᠠᠷᠠᠳ ᠤᠯᠠᠨ ᠤ ᠠᠩᠬᠠᠷᠴᠤ ᠪᠠᠶᠢᠭ᠎ᠠ ᠡᠳᠡᠭᠡᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠭᠰᠡᠨ ᠪᠠᠶᠢᠨ᠎ᠠ᠃ ᠪᠠᠰᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠭᠤᠣᠯᠳᠠᠯᠭ᠎ᠠ ᠲᠠᠢ ᠪᠤᠰᠤ ᠬᠠᠲᠠᠭᠤ ᠪᠤᠰᠤ ᠴᠢᠨᠠᠷᠲᠠᠶ ᠵᠠᠷᠤᠯᠭ᠎ᠠ ᠶᠢᠨ ᠲᠥᠰᠦᠪ ᠢ 55.5 ᠳ᠋ᠦᠩᠰᠢᠭᠤᠷ ᠲᠥᠭᠦᠷᠢᠭ ᠬᠠᠰᠤᠵᠤ᠂ ᠶᠡᠷᠦᠩᠬᠡᠶᠢᠯᠡᠨ ᠬᠠᠰᠤᠭᠰᠠᠨ ᠨᠤᠷᠮ᠎ᠠ 34.4% ᠪᠠᠶᠢᠵᠤ᠂ ᠪᠠᠰᠠ ᠬᠤᠲᠠ ᠪᠠᠯᠭᠠᠰᠤ ᠶᠢᠨ 22.4 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠣᠨ ᠤ ᠲᠥᠯᠥᠪᠯᠡᠭᠡ ᠪᠠᠨ ᠳᠠᠪᠠᠭᠤᠯᠤᠨ ᠪᠡᠶᠡᠯᠡᠭᠦᠯᠪᠡ᠂ ᠡᠨᠡ ᠪᠣᠯ ᠬᠢᠵᠢᠭ ᠤᠨ ᠪᠠᠶᠢᠳᠠᠯ ᠤᠨ ᠨᠥᠯᠥᠭᠡ᠂ ᠳᠤᠮᠳᠠ ᠪᠠᠭ᠎ᠠ ᠠᠵᠤ ᠠᠬᠤᠶᠢᠯᠠᠯ ᠢᠯᠠᠩᠭᠤᠶ᠎ᠠ ᠦᠢᠯᠡᠴᠢᠯᠡᠭᠡᠨ ᠤ ᠠᠵᠢᠯ ᠲᠥᠷᠥᠯ ᠤᠨ ᠡᠵᠡᠩᠨᠡᠯᠲᠡ ᠳᠤ ᠤᠯᠠᠨ ᠳᠠᠪᠬᠤᠷ ᠬᠦᠴᠢᠷᠳᠡᠯ ᠲᠤᠯᠭᠠᠷᠠᠵᠤ ᠪᠠᠶᠢᠭ᠎ᠠ ᠪᠠᠶᠢᠳᠠᠯ ᠤᠨ ᠳᠣᠣᠷ᠎ᠠ ᠪᠡᠶᠡᠯᠡᠭᠦᠯᠦᠭᠰᠡᠨ ᠶᠤᠮ᠂ ᠡᠨᠡ ᠨᠢ ᠣᠯᠳᠠᠬᠤᠶ᠎ᠠ ᠪᠡᠷᠬᠡ ᠪᠥᠭᠡᠳ ᠬᠢᠯᠪᠡᠷ ᠪᠤᠰᠤ ᠶᠤᠮ      ᠬᠥᠲᠥᠯᠥᠭᠴᠢ᠄ 2022 — 02 — 11  15᠄ 14      ᠢᠯᠡᠳᠬᠡᠯ ᠳᠤ ᠲᠠᠨ ᠳᠤ ᠪᠠᠰᠠ ᠶᠠᠮᠠᠷ ᠶᠠᠮᠠᠷ ᠦᠭᠡ ᠭᠦᠨ ᠰᠠᠭᠤᠭᠳᠠᠯ ᠥᠭᠭᠦᠭᠰᠡᠨ ᠪᠤᠢ︖      ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 11  15᠄ 14      ᠢᠯᠡᠳᠬᠡᠯ ᠳᠠᠬᠢ ᠨᠢᠭᠡ ᠦᠭᠡᠨ ᠳᠤ ᠣᠨᠴᠠᠭᠠᠶ ᠭᠦᠨ ᠰᠠᠭᠤᠭᠳᠠᠯ ᠲᠠᠢ᠂ ᠬᠤᠶᠠᠷ ᠬᠤᠷᠠᠯ ᠤᠨ ᠲᠥᠯᠥᠭᠡᠯᠡᠭᠴᠢᠳ ᠤᠨ ᠬᠠᠯᠠᠭᠤᠨ ᠲᠤᠰᠬᠠᠯ ᠴᠤ ᠭᠠᠷᠴᠤ᠂ ᠲᠡᠷᠢᠭᠦᠯᠡᠭᠴᠢ ᠸᠠᠩ ᠯᠢ ᠰᠢᠶᠠ ᠮᠡᠳᠡᠭᠦᠯᠦᠯᠲᠡ ᠳᠡᠭᠡᠨ᠄ ︽ᠬᠢᠵᠢᠭ ᠭᠡᠨᠡᠳᠲᠡ ᠡᠭᠦᠰᠴᠦ᠂ ᠶᠡᠭᠡ ᠴᠠᠰᠤ ᠭᠡᠨᠡᠳᠲᠡ ᠳᠠᠭᠠᠷᠢᠭᠳᠠᠭᠰᠠᠨ ᠦᠶ᠎ᠡ ᠳᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠬᠢᠯ ᠵᠢᠷᠦᠬᠡ ᠪᠠᠨ ᠬᠤᠯᠪᠣᠵᠤ᠂ ᠡᠯ᠎ᠡ ᠱᠠᠲᠤᠨ ᠤ ᠡᠯ᠎ᠡ ᠭᠠᠵᠠᠷ ᠤᠨ ᠬᠢᠨ ᠬᠦᠴᠦᠯᠡᠨ ᠲᠤᠰᠠᠯᠠᠯᠴᠠᠵᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠲᠠᠶᠢᠯᠪᠤᠷᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠰᠦᠷᠯᠢᠭ ᠰᠠᠶᠢᠬᠠᠨ ᠵᠢᠷᠤᠭ ᠢ ᠪᠢᠴᠢᠭᠯᠡᠵᠦ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀᠎ ᠤ ᠡᠷᠬᠢᠮ ᠳᠡᠭᠡᠳᠦ ᠢᠷᠠᠭᠤ ᠠᠯᠳᠠᠷ ᠢ ᠬᠠᠶᠢᠷᠠᠯᠠᠨ ᠬᠠᠮᠠᠭᠠᠯᠠᠪᠠ︾ ᠭᠡᠵᠦ ᠬᠡᠯᠡᠪᠡ᠃ ᠡᠨᠡᠬᠦ ᠪᠠᠳᠠᠭ ᠦᠭᠡ ᠨᠢ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾ ᠰᠠᠶᠢᠨ ᠰᠠᠶᠢᠬᠠᠨ ᠳᠦᠷᠰᠦ ᠪᠠᠶᠢᠳᠠᠯ ᠢ ᠠᠮᠢᠳᠤᠯᠢᠭ ᠢᠶᠠᠷ ᠢᠯᠡᠷᠡᠭᠦᠯᠵᠦ᠂ ᠮᠥᠨᠴᠦ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠠᠮᠢᠳᠤᠯᠢᠭ ᠵᠢᠷᠤᠭᠯᠠᠯ ᠪᠣᠯᠤᠨ᠎ᠠ᠃      ᠬᠥᠲᠥᠯᠥᠭᠴᠢ 2022 — 02 — 11  15᠄ 15      ᠢᠯᠡᠳᠬᠡᠯ ᠳᠤ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠪᠠ ᠭᠤᠤᠯ ᠵᠢᠱᠢᠭᠰᠡᠨ ᠬᠠᠷᠠᠯᠲᠠ ᠶᠢ ᠲᠣᠳᠣᠷᠬᠠᠶ ᠲᠣᠭᠲᠠᠭᠠᠵᠠᠶ᠂ ᠡᠲᠡᠭᠡᠷ ᠬᠠᠷᠠᠯᠲᠠ ᠶᠢᠨ ᠱᠠᠭᠠᠷᠳᠠᠯᠭ᠎ᠠ ᠶᠢ ᠲᠣᠭᠲᠠᠭᠠᠭᠰᠠᠨ ᠨᠢ ᠭᠤᠤᠯᠳᠠᠭᠤ ᠶᠠᠮᠠᠷ ᠪᠣᠳᠣᠯᠬᠢᠯᠠᠯ ᠠᠴᠠ ᠪᠣᠯᠤᠭᠰᠠᠨ ᠪᠣᠶ︖ ᠯᠢ ᠣᠪᠣᠭᠲᠤ ᠶᠢᠨ ᠭᠠᠵᠠᠷ ᠠᠴᠠ ᠪᠢᠳᠡᠨ ᠳᠤ ᠬᠠᠷᠢᠭᠤᠯᠲᠠ ᠥᠭᠬᠦ ᠪᠣᠯᠪᠠᠤ᠃      ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 11  15᠄ 16      ᠪᠢᠳᠡ ᠤᠷᠢᠳ ᠢᠶᠠᠷ ᠬᠦᠨᠳᠦ ᠶᠢ ᠪᠠᠲᠤᠯᠠᠬᠤ ᠲᠤᠬᠠᠶ ᠳᠤᠷᠠᠳᠤᠭᠰᠠᠨ ᠬᠠᠷᠠᠯᠲᠠ ᠶᠢ ᠦᠵᠡᠶ᠎ᠡ᠃ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ 6% ᠣᠷᠴᠢᠮ ᠵᠶ᠋ᠠᠷᠬᠤᠳᠠ ᠪᠠᠯᠭᠠᠰᠤᠨ ᠳᠤ 20 ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠤᠷᠮ᠎ᠠ ᠶᠢ 6% ᠣᠷᠴᠢᠮᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢ 3% ᠣᠷᠴᠢᠮ ᠥᠰᠬᠡᠨ᠎ᠡ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠤᠯᠤᠰ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠡᠳᠡᠭᠡᠷ ᠬᠠᠷᠠᠯᠲᠠ ᠶᠢᠨ ᠲᠣᠬᠢᠷᠠᠭᠤᠯᠤᠯᠲᠠ ᠨᠢ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠱᠠᠭᠠᠷᠳᠠᠯᠭ᠎ᠠ ᠶᠢ ᠲᠤᠤᠱᠯᠠᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠪᠠᠷ ᠬᠥᠭᠵᠢᠭᠦᠯᠬᠦ ᠤᠳᠤᠷᠢᠳᠤᠮᠵᠢ ᠶᠢ ᠪᠠᠷᠢᠮᠲᠠᠯᠠᠨ᠂ ᠬᠥᠳᠡᠯᠭᠡᠬᠦ ᠬᠦᠴᠦᠨ ᠤ ᠲᠤᠯᠭᠠᠭᠤᠷᠢᠯᠠᠯ᠂ ᠳᠠᠷᠤᠯᠲᠠ ᠶᠢᠨ ᠳᠠᠭᠠᠭᠠᠴᠠ ᠶᠢᠨ ᠬᠡᠮᠵᠢᠶ᠎ᠡ ᠶᠢ ᠪᠣᠳᠣᠯᠬᠢᠯᠠᠭᠰᠠᠨ ᠪᠠᠶᠢᠨ᠎ᠠ᠃ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠠᠵᠤ ᠠᠬᠤᠶ ᠶᠢᠨ ᠨᠡᠮᠡᠭᠳᠡᠯ ᠤᠨ ᠬᠠᠷᠠᠯᠲᠠ ᠶᠢ 6% ᠣᠷᠴᠢᠮ ᠢᠶᠠᠷ ᠲᠣᠭᠲᠠᠭᠠᠪᠠ᠂ ᠡᠨᠡ ᠪᠣᠯ ᠠᠵᠤ ᠠᠬᠤᠶ ᠶᠢᠨ ᠠᠵᠢᠯᠯᠠᠭᠠᠨ ᠢ ᠵᠦᠢ ᠵᠣᠬᠢᠰᠲᠠᠶ ᠣᠷᠣᠨ ᠵᠠᠶ ᠳᠤ ᠪᠠᠶᠢᠯᠭᠠᠬᠤ ᠲᠣᠬᠢᠷᠠᠮᠵᠢᠲᠠᠶ ᠨᠡᠮᠡᠭᠳᠡᠯ ᠤᠨ ᠬᠤᠷᠳᠤᠴᠠ ᠮᠥᠨ᠂ ᠪᠠᠰᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠲᠠᠢ ᠵᠣᠯᠭᠠᠯᠳᠤᠭᠤᠯᠤᠭᠰᠠᠨ ᠵᠦᠢ ᠵᠣᠬᠢᠰᠲᠠᠶ ᠨᠡᠮᠡᠭᠳᠡᠯ ᠤᠨ ᠬᠤᠷᠳᠤᠴᠠ ᠮᠥᠨ᠂ ᠡᠨᠡ ᠨᠢ ᠠᠵᠢᠯ ᠣᠯᠭᠤᠯᠲᠠ ᠶᠢ ᠪᠠᠲᠤᠯᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ︽ᠪᠣᠭᠤᠷᠰᠤᠭ︾᠎ ᠢ ᠪᠤᠵᠠᠭᠠᠶᠢᠷᠠᠭᠤᠯᠬᠤ ᠳᠤ ᠠᠰᠢᠭᠲᠠᠶ᠂ ᠵᠢᠱᠢᠯᠲᠡ ᠶᠢ ᠬᠥᠲᠥᠯᠥᠨ ᠵᠢᠯᠣᠭᠤᠳᠴᠤ᠂ ᠢᠲᠡᠭᠡᠯ ᠵᠣᠷᠢᠭ ᠢ ᠬᠥᠪᠴᠢᠯᠡᠨ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠬᠤ ᠳᠤ ᠠᠰᠢᠭᠲᠠᠶ ᠶᠤᠮ᠃ ᠡᠭᠦᠨ ᠠᠴᠠ ᠭᠠᠳᠠᠨ᠎ᠠ ᠳᠤᠷᠠᠳᠤᠭᠤᠰᠢᠲᠠᠶ ᠵᠦᠢᠯ ᠭᠡᠪᠡᠯ᠂ 6% ᠣᠷᠴᠢᠮ ᠤᠨ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠪᠣᠯ ᠵᠢᠱᠢᠭᠰᠡᠨ ᠬᠠᠷᠠᠯᠲᠠ ᠠᠴᠠ ᠳᠣᠣᠷ᠎ᠠ ᠦᠭᠡᠶ ᠶᠤᠮ᠂ ᠡᠭᠦᠨ ᠢ ᠪᠡᠶᠡᠯᠡᠭᠦᠯᠬᠦ ᠳᠤ ᠲᠡᠶᠢᠮᠦ ᠬᠢᠯᠪᠠᠷ ᠪᠢᠰᠢ ᠶᠤᠮ᠂ ᠡᠶᠢᠮᠦ ᠠᠴᠠ ᠡᠯ᠎ᠡ ᠲᠠᠯ᠎ᠠ ᠶᠢᠨ ᠬᠢᠨ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠠᠵᠢᠯ ᠢᠶᠠᠨ ᠪᠦᠲᠦᠭᠡᠯᠴᠢ ᠪᠠᠷ ᠥᠷᠨᠢᠭᠦᠯᠵᠦ᠂ ᠡᠬᠢᠯᠡᠩᠭᠦᠳᠡ ᠪᠠᠨ ᠴᠢᠩᠭ᠎ᠠ ᠠᠳᠬᠤᠵᠤ᠂ ᠪᠦᠬᠦ ᠵᠢᠯ ᠤᠨ ᠪᠦᠬᠦ ᠶᠠᠪᠤᠴᠠ ᠶᠢ ᠢᠮᠠᠭᠲᠠ ᠴᠢᠩᠭ᠎ᠠ ᠠᠳᠬᠤᠬᠤ ᠬᠡᠷᠡᠭᠲᠡᠶ᠃      ᠬᠥᠲᠥᠯᠥᠭᠴᠢ 2022 — 02 — 11  15᠄ 16      ᠠᠵᠢᠯ ᠣᠯᠭᠤᠯᠲᠠ ᠶᠢᠨ ᠬᠠᠷᠠᠯᠲᠠ ᠶᠢᠨ ᠲᠠᠯ᠎ᠠ ᠪᠠᠷ ᠬᠡᠷᠬᠢᠨ ᠪᠣᠳᠣᠯᠬᠢᠯᠠᠭᠰᠠᠨ ᠪᠤᠢ︖      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ 2022 — 02 — 11  15᠄ 16      ᠡᠨᠡ ᠵᠢᠯ ᠪᠢᠳᠡᠨ ᠤ ᠲᠣᠭᠲᠠᠭᠠᠭᠰᠠᠨ ᠬᠤᠲᠠ ᠪᠠᠯᠭᠠᠰᠤᠨ ᠳᠤ 20 ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠠᠯᠳᠠᠯᠲᠠ ᠶᠢᠨ ᠨᠣᠷᠮ᠎ᠠ ᠶᠢ 6% ᠣᠷᠴᠢᠮ ᠢᠶᠠᠷ ᠬᠢᠵᠠᠭᠠᠷᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ ᠪᠠ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢᠨ ᠵᠣᠬᠢᠴᠠᠯᠳᠤ ᠴᠢᠨᠠᠷ ᠢ ᠭᠦᠢᠴᠡᠳ ᠪᠣᠳᠣᠯᠬᠢᠯᠠᠵᠤ᠂ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢ ᠦᠨᠳᠦᠰᠦᠨ ᠳᠡᠭᠡᠨ ᠲᠡᠩᠴᠡᠭᠦᠷᠢᠲᠡᠶ ᠪᠠᠶᠢᠯᠭᠠᠬᠤ ᠶᠢ ᠪᠠᠲᠤᠯᠠᠭᠰᠠᠨ ᠪᠠᠶᠢᠨ᠎ᠠ᠃ ᠮᠠᠨ ᠤ ᠣᠷᠣᠨ ᠤ ᠡᠨᠡ ᠵᠢᠯ ᠤᠨ ᠠᠵᠢᠯ ᠣᠯᠭᠤᠯᠲᠠ ᠶᠢᠨ ᠳᠠᠷᠤᠯᠲᠠ ᠦᠨᠡᠨ ᠳᠡᠭᠡᠨ ᠪᠠᠰᠠ ᠦᠷᠭᠦᠯᠵᠢᠯᠡᠨ ᠨᠡᠮᠡᠭᠳᠡᠵᠦ ᠪᠠᠶᠢᠨ᠎ᠠ᠂ ᠡᠨᠡ ᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠶᠡᠷᠦᠩᠬᠡᠶ ᠬᠡᠮᠵᠢᠶ᠎ᠡ 18 ᠲᠦᠮᠡᠨ ᠬᠥᠮᠦᠨ ᠠᠴᠠ ᠳᠠᠪᠠᠵᠤ᠂ ᠠᠵᠢᠯ ᠣᠯᠭᠤᠯᠲᠠ ᠶᠢᠨ ᠪᠦᠲᠦᠴᠡ ᠶᠢᠨ ᠴᠢᠨᠠᠷᠲᠠᠶ ᠵᠥᠷᠢᠴᠡᠯ ᠴᠦ ᠤᠯᠠᠮ ᠨᠢᠭᠡ ᠠᠯᠬᠤᠮ ᠲᠣᠪᠤᠶᠢᠮ᠎ᠠ ᠪᠣᠯᠬᠤ ᠪᠣᠯᠤᠨ᠎ᠠ᠂ ᠡᠨᠡ ᠬᠦ ᠬᠠᠷᠠᠯᠲᠠ ᠨᠢ ᠵᠥᠪᠬᠡᠨ ᠠᠵᠢᠯ ᠣᠯᠭᠤᠯᠲᠠ ᠶᠢᠨ ᠰᠠᠭᠤᠷᠢ ᠶᠢ ᠪᠠᠲᠤᠯᠠᠬᠤ ᠪᠣᠯᠤᠨ᠎ᠠ᠃ ᠥᠭᠡᠷ᠎ᠡ ᠪᠠᠷ ᠬᠡᠯᠡᠪᠡᠯ ᠂ ᠪᠢᠳᠡ ᠪᠣᠳᠠᠲᠠᠶ ᠠᠵᠢᠯ ᠤᠨ ᠳᠤᠮᠳᠠ ᠪᠠᠨ ᠡᠷᠬᠡᠪᠰᠢ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠠᠪᠤᠴᠠ ᠳᠤ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠳᠬᠠᠵᠤ᠂ ᠡᠯ᠎ᠡ ᠲᠠᠯ᠎ᠠ ᠢᠯᠠᠩᠭᠤᠶ᠎ᠠ ᠡᠯ᠎ᠡ ᠭᠠᠵᠠᠷ ᠤᠨ ᠠᠵᠢᠯ ᠣᠯᠭᠤᠯᠲᠠ ᠶᠢ ᠪᠠᠲᠤᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠨᠡ ᠬᠦ ᠨᠠᠭᠠᠳᠤ ᠵᠠᠬ᠎ᠠ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠬᠠᠮᠲᠤ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠨᠠᠩ ᠰᠠᠶᠢᠨ ᠪᠡᠶᠡᠯᠡᠭᠦᠯᠬᠦ ᠬᠡᠷᠡᠭᠲᠡᠶ᠃      ᠬᠥᠲᠥᠯᠥᠭᠴᠢ 2022 — 02 — 11  15᠄ 16      ᠯᠢ ᠭᠠᠵᠠᠷ ᠤᠨ ᠳᠠᠷᠤᠭ᠎ᠠ ᠠ᠂ ᠰᠠᠭᠤᠭᠠᠯᠢ ᠠᠷᠠᠳ ᠤᠨ ᠣᠷᠣᠯᠭ᠎ᠠ ᠶᠢᠨ ᠲᠠᠯ᠎ᠠ ᠪᠠᠷ ᠬᠡᠷᠬᠢᠨ ᠪᠣᠳᠣᠯᠬᠢᠯᠠᠵᠤ ᠪᠠᠶᠢᠬᠤ ᠪᠤᠢ︖      ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 11  15᠄ 16    ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠬᠤ ᠪᠣᠯ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠰᠠᠬᠢᠬᠤ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠪᠠᠲᠤᠯᠠᠬᠤ᠂ ᠬᠠᠮᠲᠤ ᠪᠠᠷ ᠪᠠᠶᠠᠵᠢᠬᠤ ᠶᠢ ᠲᠦᠯᠬᠢᠨ ᠠᠬᠢᠭᠤᠯᠬᠤ ᠶᠢᠨ ᠦᠨᠳᠦᠰᠦᠨ ᠱᠠᠭᠠᠷᠳᠠᠯᠭ᠎ᠠ ᠮᠥᠨ᠂ ᠪᠠᠰᠠ ᠴᠤ ᠬᠡᠷᠡᠭᠯᠡᠭᠡ ᠶᠢ ᠥᠷᠭᠡᠳᠬᠡᠬᠦ᠂ ᠠᠵᠤ ᠠᠬᠤᠶ ᠶᠢ ᠲᠣᠭᠲᠠᠪᠤᠷᠢᠵᠢᠭᠤᠯᠬᠤ ᠶᠢᠨ ᠰᠠᠭᠤᠷᠢ ᠨᠥᠬᠦᠴᠡᠯ ᠮᠥᠨ᠃ ᠡᠨᠡ ᠵᠢᠯ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠬᠢᠵᠠᠭᠠᠷᠯᠠᠬᠤ ᠬᠦᠴᠦᠨ ᠵᠦᠢᠯ ᠨᠡᠮᠡᠭᠳᠡᠵᠦ᠂ ᠢᠯᠠᠩᠭᠤᠶ᠎ᠠ ᠳᠤᠮᠳᠠ ᠳᠣᠣᠷ᠎ᠠ ᠣᠷᠣᠯᠭ᠎ᠠ ᠲᠠᠢ ᠬᠠᠮᠲᠤᠯᠢᠭ ᠤᠨ ᠣᠷᠣᠯᠭ᠎ᠠ ᠶᠢᠨ ᠨᠡᠮᠡᠭᠳᠡᠯ ᠤᠨ ᠬᠦᠴᠢᠷᠳᠡᠯ ᠨᠡᠮᠡᠭᠳᠡᠵᠦ ᠪᠠᠶᠢᠬᠤ ᠪᠣᠯᠬᠤᠷ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ᠂ ᠬᠤᠪᠢᠶᠠᠷᠢᠯᠠᠯᠲᠠ ᠶᠢᠨ ᠲᠦᠷᠦ ᠶᠢᠨ ᠪᠤᠳᠤᠯᠭ᠎ᠠ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠶᠢᠨ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ ᠣᠷᠣᠯᠭ᠎ᠠ ᠶᠢᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠶᠢ ᠤᠯᠠᠨ ᠠᠷᠭ᠎ᠠ ᠵᠠᠮ ᠢᠶᠠᠷ ᠠᠬᠢᠭᠤᠯᠬᠤ ᠬᠡᠷᠡᠭᠲᠡᠶ᠃      ᠬᠥᠲᠥᠯᠥᠭᠴᠢ 2022 — 02 — 11  15᠄ 16      ᠠᠮᠢ ᠠᠬᠤᠶ ᠶᠢᠨ ᠬᠠᠷᠠᠯᠲᠠ ᠶᠢᠨ ᠲᠠᠯ᠎ᠠ ᠪᠠᠷ ᠪᠠᠰᠠ ᠬᠡᠷᠬᠢᠨ ᠪᠣᠳᠣᠯᠬᠢᠯᠠᠭᠰᠠᠨ ᠪᠣᠶ︖      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ 2022 — 02 — 11  15᠄ 17      ᠠᠮᠢ ᠠᠬᠤᠶ ᠶᠢᠨ ᠲᠠᠯ᠎ᠠ ᠪᠠᠷ᠂ ᠪᠢᠳᠡ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠤᠯᠤᠰ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ ᠪᠠᠷ ᠲᠣᠭᠲᠠᠭᠠᠪᠠ᠃ ᠢᠩᠭᠢᠵᠦ ᠲᠣᠬᠢᠷᠠᠭᠤᠯᠤᠭᠰᠠᠨ ᠤ ᠶᠡᠭᠡ ᠤᠷᠢᠲᠠᠯ ᠪᠣᠯ ᠤᠯᠤᠰ ᠤᠨ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠵᠤ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠬᠤ ᠶᠠᠪᠤᠳᠠᠯ ᠪᠣᠯᠤᠨ᠎ᠠ᠃ ᠭᠤᠣᠯ ᠴᠢᠭᠯᠡᠯ ᠨᠢ ᠡᠨᠧᠷᠭᠢ ᠶᠢᠨ ᠪᠦᠲᠦᠴᠡ᠂ ᠠᠵᠤ ᠦᠢᠯᠡᠰ ᠤᠨ ᠪᠦᠲᠦᠴᠡ ᠳᠤ ᠲᠤᠬᠢᠷᠠᠭᠤᠯᠤᠯᠳᠠ ᠬᠢᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ᠦᠢᠯᠡᠳᠦᠯᠭᠡ ᠶᠢᠨ ᠳᠤᠮᠳᠠ ᠡᠷᠬᠡᠪᠰᠢ ᠣᠳᠣᠬᠠᠨ ᠤ ᠪᠠ ᠠᠯᠤᠰ ᠬᠡᠲᠦ ᠶᠢ ᠬᠠᠮᠲᠤ ᠳᠤᠨᠢ ᠬᠠᠷᠠᠭᠠᠯᠵᠠᠵᠤ᠂ ︽ᠬᠤᠶᠠᠷ ᠶᠡᠭᠡ︾᠎ ᠶᠢᠨ ᠵᠦᠢᠯᠡᠰ ᠢ ᠰᠣᠬᠤᠷ ᠪᠠᠯᠠᠶ ᠪᠠᠷ ᠬᠥᠭᠵᠢᠭᠦᠯᠬᠦ ᠶᠢ ᠬᠤᠷᠢᠭᠯᠠᠬᠤ ᠲᠠᠯ᠎ᠠ ᠪᠠᠷ ᠰᠤᠯᠠᠷᠠᠭᠤᠯᠵᠤ ᠪᠣᠯᠬᠤ ᠦᠭᠡᠢ᠂ ᠨᠡᠭᠡᠭᠡᠬᠦ ᠦᠭᠡᠢ ᠪᠠᠶᠢᠵᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠨ ᠠᠬᠢᠭᠤᠯᠬᠤ ᠲᠠᠯ᠎ᠠ ᠪᠠᠷ ᠤᠳᠠᠭᠠᠰᠢᠷᠠᠭᠤᠯᠵᠤ ᠪᠣᠯᠬᠤ ᠦᠭᠡᠢ᠂ ᠵᠥᠭᠡᠯᠡᠷᠡᠭᠦᠯᠵᠦ ᠪᠣᠯᠬᠤ ᠦᠭᠡᠢ᠂ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠬᠤ ᠳᠤ ᠰᠠᠨᠠᠭᠠᠴᠢᠯᠠᠭᠠᠲᠤ ᠪᠠᠶᠢᠷᠢ ᠶᠢ ᠣᠯᠵᠤ᠂ ᠣᠷᠣᠨ ᠵᠠᠶ ᠡᠭᠦᠳᠴᠦ ᠥᠭᠬᠦ ᠬᠡᠷᠡᠭᠲᠡᠶ᠃      ᠬᠥᠲᠥᠯᠥᠭᠴᠢ᠄ 2022 — 02 — 11  15᠄ 17      ᠢᠯᠡᠳᠬᠡᠯ ᠳᠤ ︽ᠳᠥᠷᠪᠡᠨ ᠡᠷᠬᠡᠪᠰᠢ︾᠎ ᠶᠢᠨ ᠱᠠᠭᠠᠷᠳᠠᠯᠭ᠎ᠠ ᠳᠤᠷᠠᠳᠴᠠᠶ᠂ ᠬᠤᠶᠠᠷ ᠵᠣᠴᠢᠨ ᠲᠣᠳᠣᠷᠬᠠᠶᠢᠯᠠᠨ ᠶᠠᠷᠢᠭᠠᠷᠠᠶ᠃      ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 11  15᠄ 17      ᠰᠠᠶᠢᠨ᠂ ᠡᠨᠡ ︽ᠳᠥᠷᠪᠡᠨ ᠡᠷᠬᠡᠪᠰᠢ︾᠎ ᠶᠢᠨ ᠱᠠᠭᠠᠷᠳᠠᠯᠭ᠎ᠠ ᠪᠣᠯ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠪᠠᠲᠤ ᠡᠵᠡᠮᠰᠢᠬᠦ ᠴᠢᠬᠤᠯᠠᠲᠠᠶ ᠴᠢᠬᠤᠯᠠ ᠶᠡᠭᠡ ᠵᠠᠷᠴᠢᠮ ᠮᠥᠨ᠃ ᠨᠢᠭᠡᠳᠦᠭᠡᠷ ᠲᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠡᠷᠬᠡᠪᠰᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠬᠤ ᠬᠡᠷᠡᠭᠲᠡᠢ᠂ ᠡᠨᠡ ᠪᠣᠯ ᠶᠡᠷᠦᠩᠬᠡᠢ ᠵᠠᠷᠴᠢᠮ ᠪᠠ ᠱᠠᠭᠠᠷᠳᠠᠯᠭ᠎ᠠ ᠪᠣᠯᠤᠨ᠎ᠠ᠂ ᠪᠣᠳᠠᠲᠠᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠨᠢ ᠳᠠᠷᠤᠢ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠤᠢᠢᠯᠠᠭᠠᠭᠳᠠᠬᠤᠨ ᠢ ᠦᠨᠡᠨᠬᠦ ᠬᠤᠪᠢᠷᠠᠭᠤᠯᠵᠤ ᠂ ᠪᠦᠷᠢᠮᠦᠰᠦᠨ ᠲᠠᠭᠠᠵᠤ ᠠᠮᠵᠢᠬᠤ ᠶᠠᠪᠤᠳᠠᠯ ᠪᠣᠯᠤᠨ᠎ᠠ᠃ ᠬᠤᠶᠠᠳᠤᠭᠠᠷ ᠲᠤ᠂ ᠡᠷᠬᠡᠪᠰᠢ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠶᠢ ᠪᠠᠷᠢᠮᠲᠠᠯᠠᠵᠤ᠂ ᠡᠨᠡ ᠪᠣᠯ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠠᠴᠠ ᠲᠣᠭᠲᠠᠭᠠᠭᠰᠠᠨ ᠬᠥᠭ ᠠᠶᠠᠰ ᠮᠥᠨ᠂ ᠥᠪᠥᠷ ᠮᠣᠩᠭᠤᠯ ᠪᠣᠯ ᠬᠥᠭᠵᠢᠯᠲᠡ ᠪᠠᠷ ᠠᠨᠠᠶ ᠭᠠᠵᠠᠷ ᠣᠷᠣᠨ ᠮᠥᠨ ᠪᠥᠭᠡᠳ ᠪᠠᠰᠠ ᠠᠵᠤ ᠠᠬᠤᠶ ᠶᠢᠨ ᠬᠡᠯᠪᠡᠷᠢ ᠶᠢᠨ ᠬᠤᠪᠢᠷᠠᠯᠲᠠ ᠶᠢᠨ ᠬᠤᠭᠤᠴᠠᠭᠠᠨ ᠳᠤ ᠣᠷᠣᠰᠢᠵᠤ ᠪᠠᠶᠢᠭ᠎ᠠ ᠪᠣᠯᠬᠤᠷ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠨᠢ ᠨᠠᠩ ᠴᠢᠬᠤᠯᠠ ᠪᠣᠯᠵᠣ᠂ ᠬᠤᠪᠢᠷᠠᠭᠤᠯᠬᠤ ᠶᠢᠨ ᠵᠡᠷᠭᠡ ᠳᠤ ᠲᠦᠷᠭᠡᠪᠴᠢᠯᠡᠬᠦ ᠶᠢ ᠠᠬᠢᠭᠤᠯᠬᠤ ᠨᠢ ᠨᠠᠩ ᠴᠢᠬᠤᠯᠠ ᠪᠣᠯᠵᠣ ᠪᠠᠶᠢᠨ᠎ᠠ᠂ ᠡᠶᠢᠮᠦ ᠠᠴᠠ ᠠᠵᠤ ᠠᠬᠤᠶ ᠶᠢᠨ ᠦᠨᠳᠦᠰᠦᠨ ᠪᠠᠶᠢᠳᠠᠯ ᠢ ᠡᠷᠡᠰ ᠢᠶᠠᠷ ᠲᠣᠭᠲᠠᠪᠤᠷᠢᠵᠢᠭᠤᠯᠵᠤ᠂ ᠨᠡᠶᠢᠭᠡᠮ ᠤᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ᠠᠵᠤ ᠠᠬᠤᠶ ᠶᠢᠨ ᠬᠡᠮᠵᠢᠶ᠎ᠡ ᠶᠢᠨ ᠵᠦᠶ ᠵᠣᠬᠢᠰᠲᠠᠶ ᠨᠡᠮᠡᠭᠳᠡᠯ ᠪᠠ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ 2022 — 02 — 11  15᠄ 17      ᠭᠤᠷᠪᠠᠳᠤᠭᠠᠷ ᠲᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠬᠡᠪᠰᠢ ᠡᠷᠡᠰ ᠰᠠᠬᠢᠵᠤ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ ᠲᠦᠭᠰᠢᠭᠦᠷᠢ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ᠂ ᠠᠮᠢ ᠠᠬᠤᠢ ᠶᠢᠨ ᠣᠷᠴᠢᠨ ᠲᠣᠭᠤᠷᠢᠨ ᠤ ᠠᠶᠤᠯ ᠲᠦᠭᠰᠢᠭᠦᠷᠢ᠂ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠵᠠᠬ᠎ᠠ ᠳᠡᠯᠭᠡᠭᠦᠷ ᠤᠨ ᠭᠡᠷ᠎ᠡ ᠶᠢ ᠭᠦᠢᠴᠡᠳᠬᠡᠬᠦ ᠠᠶᠤᠯ ᠲᠦᠭᠰᠢᠭᠦᠷᠢ᠂ ᠢᠯᠠᠩᠭᠤᠶ᠎ᠠ ᠭᠡᠨᠡᠳᠲᠡ ᠡᠭᠦᠰᠬᠦ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠢᠮᠠᠭᠲᠠ ᠣᠷᠣᠰᠢᠵᠤ᠂ ᠬᠡᠷᠪᠡ ᠵᠣᠬᠢᠰᠲᠠᠢ ᠰᠢᠢᠳᠪᠦᠷᠢᠯᠡᠬᠦ ᠦᠭᠡᠢ ᠪᠣᠯ ᠤᠷᠢᠳᠴᠢᠯᠠᠨ ᠵᠢᠱᠢᠬᠦᠶ᠎ᠡ ᠪᠡᠷᠬᠡ ᠨᠥᠯᠥᠭᠡ ᠭᠠᠷᠭᠠᠵᠤ᠂ ᠳᠠᠭᠠᠭᠠᠬᠤᠶ᠎ᠠ ᠪᠡᠷᠬᠡ ᠦᠨ᠎ᠡ ᠲᠥᠯᠥᠪᠦᠷᠢ ᠭᠠᠷᠭᠠᠵᠤ ᠮᠡᠳᠡᠨ᠎ᠡ᠃ ᠡᠶᠢᠮᠦ ᠠᠴᠠ ᠢᠯᠡᠳᠬᠡᠯ ᠳᠤ ᠠᠶᠤᠯ ᠢ ᠠᠷᠢᠯᠭᠠᠵᠤ ᠬᠤᠪᠢᠷᠠᠯᠲᠠ ᠶᠢ ᠰᠡᠷᠭᠡᠶᠢᠯᠡᠬᠦ ᠶᠢ ᠠᠯᠢᠪᠠ ᠠᠵᠢᠯ ᠤᠨ ᠢᠶᠠᠨ ᠤᠷᠢᠳᠠᠴᠢ ᠨᠥᠬᠦᠴᠡᠯ ᠪᠣᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠵᠠᠶ᠃ ᠳᠥᠷᠪᠡᠳᠦᠭᠡᠷ ᠲᠤ ᠂ ᠡᠷᠬᠡᠪᠰᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠦᠴᠢᠷ ᠪᠡᠷᠬᠡᠰᠢᠶᠡᠯ ᠤᠯᠠᠨ᠂ ᠥᠷᠢᠰᠥᠯᠳᠦᠭᠡᠨ ᠶᠡᠭᠡ ᠪᠠᠶᠢᠬᠤ ᠪᠠᠶᠢᠳᠠᠯ ᠳᠣᠣᠷ᠎ᠠ᠂ ᠪᠦᠬᠦ ᠣᠷᠣᠨ ᠢᠶᠠᠷ ᠢᠶᠠᠨ ᠬᠥᠭᠵᠢᠯᠲᠡ ᠶᠢ ᠬᠠᠮᠲᠤ ᠪᠠᠷ ᠠᠳᠬᠤᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠡᠯ᠎ᠡ ᠲᠠᠯ᠎ᠠ ᠶᠢᠨ ᠡᠷᠴᠢ ᠵᠣᠷᠢᠭ ᠢᠶᠠᠨ ᠤᠯᠠᠮ ᠬᠥᠪᠴᠢᠯᠡᠵᠦ ᠥᠭᠡᠷᠡᠴᠢᠯᠡᠯᠲᠡ ᠶᠢ ᠠᠬᠢᠭᠤᠯᠵᠤ᠂ ᠬᠥᠭᠵᠢᠯᠲᠡ ᠶᠢ ᠠᠬᠢᠭᠤᠯᠬᠤ ᠬᠡᠷᠡᠭᠲᠡᠢ᠃      ᠬᠥᠲᠥᠯᠥᠭᠴᠢ᠄ 2022 — 02 — 11  15᠄ 17      ᠯᠢᠶᠠᠩ ᠢᠦᠢ ᠳ᠋ᠢᠩ ᠨᠥᠬᠦᠷ ᠪᠣᠯᠤᠨ ᠯᠢ ᠵᠢᠶᠠᠨ ᠵᠢᠶᠦ᠋ᠨ ᠨᠥᠬᠦᠷ ᠤᠨ ᠮᠠᠨ ᠤ ᠥᠨᠥᠳᠦᠷ ᠤᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠳᠤ ᠢᠷᠡᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠥᠨᠥᠳᠦᠷ ᠤᠨ ᠲᠣᠭᠯᠠᠯᠲᠠ ᠡᠶᠢᠮᠦ ᠯᠡ ᠪᠠᠶᠢᠨ᠎ᠠ᠂ ᠳᠠᠷᠠᠭᠠᠴᠢ ᠶᠢᠨ ᠫᠷᠤᠭ᠍ᠷᠠᠮ ᠳᠤ ᠪᠢᠳᠡ ᠪᠠᠶᠠᠷᠲᠠᠶ ᠠᠭᠤᠯᠵᠠᠶ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3