ᠶᠠᠭᠤᠨ ᠤ ᠤᠴᠢᠷ ᠠᠴᠠ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠢᠨ᠎ᠡ ᠸᠢᠷᠦ᠋ᠰ ᠤᠨ ᠸᠠᠺᠼᠢᠨ ᠢ ᠨᠠᠩ ᠢᠳᠡᠪᠬᠢᠲᠡᠶ ᠳᠠᠷᠢᠬᠤ ᠬᠡᠷᠡᠭᠲᠡᠶ ᠪᠣᠶ︖ 【 ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ 】
ᠨᠡᠶᠢᠲᠡᠯᠡᠭᠰᠡᠨ ᠴᠠᠭ᠄
2022/2/11
   
     ᠸᠠᠺᠽᠢᠨ ᠤ ᠲᠠᠷᠢᠯᠭ᠎ᠠ ᠬᠢᠵᠦ ᠰᠠᠶᠢᠲᠤᠷ ᠰᠡᠷᠭᠡᠶᠢᠯᠡᠨ ᠬᠠᠮᠠᠭᠠᠯᠠᠬᠤ ᠬᠡᠷᠡᠭᠲᠡᠢ      ᠰᠢᠨ᠎ᠡ ᠲᠢᠲᠢᠮ ᠤᠨ ᠸᠢᠷᠦ᠋ᠰ ᠲᠤ ᠠᠮᠠᠷᠬᠠᠨ ᠬᠠᠯᠳᠠᠪᠤᠷᠢᠯᠠᠭᠳᠠᠬᠤ ᠪᠣᠯᠪᠠᠴᠤ ᠠᠮᠠᠷᠬᠠᠨ ᠬᠠᠯᠳᠠᠪᠤᠷᠢᠯᠠᠭᠳᠠᠬᠤ ᠬᠥᠮᠦᠰ ᠤᠨ ᠳᠣᠲᠣᠷ᠎ᠠ ᠨᠠᠰᠤᠲᠠᠶᠢᠴᠤᠳ ᠪᠠ ᠦᠨᠳᠦᠰᠦᠨ ᠡᠪᠡᠳᠴᠢᠨ ᠲᠠᠢ ᠬᠥᠮᠦᠰ ᠨᠡᠯᠢᠶᠡᠳ ᠬᠡᠪᠡᠷᠡᠭ ᠪᠠᠶᠢᠳᠠᠭ᠃ ᠤᠴᠢᠷ ᠨᠢ ᠨᠠᠰᠤᠲᠠᠶᠢᠴᠤᠳ ᠤᠨ ᠲᠣᠰ ᠪᠡᠶ᠎ᠡ ᠶᠢᠨ ᠡᠭᠡᠯᠢᠯᠡᠭᠡ ᠶᠢᠨ ᠴᠢᠳᠠᠪᠤᠷᠢ ᠨᠢ ᠵᠠᠯᠠᠭᠤ ᠬᠥᠮᠦᠨ ᠲᠠᠢ ᠬᠠᠷᠢᠴᠠᠭᠤᠯᠪᠠᠯ ᠪᠠᠭᠤᠷᠠᠶ ᠮᠥᠷᠲᠡᠭᠡᠨ ᠣᠯᠠᠩᠬᠢ ᠨᠢ ᠡᠯ᠎ᠡ ᠵᠦᠢᠯ ᠤᠨ ᠦᠨᠳᠦᠰᠦᠨ ᠡᠪᠡᠳᠴᠢᠨ ᠲᠠᠢ ᠪᠠᠶᠢᠳᠠᠭ᠂ ᠬᠡᠷᠪᠡ ᠬᠠᠯᠳᠠᠪᠤᠷᠢᠯᠠᠯ ᠡᠭᠦᠰᠪᠡᠯ ᠲᠣᠮᠣ ᠬᠥᠮᠦᠨ ᠪᠠ ᠬᠡᠤᠬᠡᠳ ᠲᠠᠢ ᠬᠠᠷᠢᠴᠠᠭᠤᠯᠪᠠᠯ᠂ ᠬᠦᠨᠳᠦ ᠡᠪᠡᠳᠴᠢᠨ ᠪᠠ ᠦᠬᠦᠯ ᠤᠨ ᠠᠶᠤᠯ ᠲᠦᠭᠰᠢᠭᠦᠷᠢ ᠨᠢ ᠮᠠᠰᠢ ᠶᠡᠭᠡ ᠪᠠᠶᠢᠳᠠᠭ ᠶᠤᠮ᠃ ᠡᠨᠡ ᠨᠢ ᠨᠠᠰᠤᠲᠠᠶᠢᠴᠤᠳ ᠤᠨ ᠲᠣᠰ ᠪᠡᠶ᠎ᠡ ᠶᠢᠨ ᠡᠭᠡᠯᠢᠯᠡᠭᠡ ᠶᠢᠨ ᠴᠢᠳᠠᠪᠤᠷᠢ ᠨᠢ ᠵᠠᠯᠠᠭᠤ ᠬᠥᠮᠦᠨ ᠤ ᠬᠢ ᠠᠴᠠ ᠪᠠᠭᠤᠷᠠᠶ ᠪᠠᠶᠢᠳᠠᠭ ᠪᠥᠭᠡᠳ ᠣᠯᠠᠩᠬᠢ ᠨᠢ ᠡᠯ᠎ᠡ  ᠵᠦᠢᠯ ᠤᠨ ᠦᠨᠳᠦᠰᠦᠨ ᠡᠪᠡᠳᠴᠢᠨ ᠲᠠᠢ ᠪᠠᠶᠢᠳᠠᠭ᠃      ᠰᠢᠨ᠎ᠡ ᠲᠢᠲᠢᠮ ᠤᠨ ᠸᠢᠷᠦ᠋ᠰ ᠤᠨ ᠸᠠᠺᠼᠢᠨ ᠤ ᠲᠠᠷᠢᠯᠭ᠎ᠠ ᠨᠢ ᠬᠦᠨᠳᠦ ᠡᠪᠡᠳᠴᠢᠨ ᠢ ᠰᠡᠷᠭᠡᠶᠢᠯᠡᠬᠦ᠂ ᠥᠭᠦᠬᠦ ᠶᠢ ᠰᠡᠷᠭᠡᠶᠢᠯᠡᠬᠦ ᠳᠤ ᠮᠠᠰᠢ ᠰᠠᠶᠢᠨ ᠬᠠᠮᠠᠭᠠᠯᠠᠬᠤ ᠦᠶ᠋ᠯᠡᠳᠦᠯ ᠲᠠᠢ ᠪᠠᠶᠢᠳᠠᠭ᠃ ᠥᠭᠡᠷ᠎ᠡ ᠪᠠᠷ ᠬᠡᠯᠡᠪᠡᠯ᠂ ᠰᠢᠨ᠎ᠡ ᠡᠪᠡᠳᠴᠢᠨ ᠤ ᠸᠢᠷᠦ᠋ᠰ ᠤᠨ ᠸᠠᠺᠼᠢᠨ ᠢ ᠳᠠᠷᠢᠬᠤ ᠨᠢ ᠨᠠᠰᠤᠲᠠᠶᠢᠴᠤᠳ ᠤᠨ ᠬᠦᠨᠳᠦ ᠡᠪᠡᠳᠴᠢᠨ ᠪᠠ ᠦᠬᠦᠯ ᠢ ᠪᠠᠭᠠᠰᠬᠠᠬᠤ ᠳᠤ ᠠᠰᠢᠭᠲᠠᠶ ᠶᠤᠮ᠃      ᠨᠢᠭᠡᠨᠲᠡ ᠣᠯᠤᠭᠰᠠᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠣᠳᠣᠬᠠᠨ ᠳᠤ ᠤᠯᠤᠰ ᠤᠨ ᠳᠣᠲᠣᠭᠠᠳᠤ ᠭᠠᠳᠠᠭᠠᠳᠤ ᠳᠤ ᠳᠤᠮᠳᠠᠳᠤ ᠤᠯᠤᠰ ᠤᠨ ᠰᠢᠨ᠎ᠡ ᠲᠢᠲᠢᠮ ᠤᠨ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠨᠠᠰᠤᠨ ᠤ ᠬᠠᠮᠤᠭ ᠤᠨ ᠥᠨᠳᠥᠷᠬᠤᠯᠪᠣᠭᠳᠠᠯ ᠪᠥᠬᠦᠶ ᠲᠤᠭ᠎ᠠ ᠪᠠᠷᠢᠮᠲᠠ ᠶᠢᠨ ᠪᠦᠷᠢᠳᠬᠡᠯ ᠢ ᠦᠨᠳᠦᠰᠦᠯᠡᠪᠡᠯ᠂ ᠰᠢᠨ᠎ᠡ ᠲᠢᠲᠢᠮ ᠤᠨ ᠸᠢᠷᠦ᠋ᠰ ᠤᠨ ᠸᠠᠺᠼᠢᠨ ᠤ ᠲᠠᠷᠢᠯᠭ᠎ᠠ ᠨᠢ ᠨᠠᠰᠤᠲᠠᠶᠢᠴᠤᠳ ᠲᠤ ᠠᠪᠴᠤ ᠬᠡᠯᠡᠪᠡᠯ ᠠᠮᠤᠷ ᠲᠦᠪᠰᠢᠨ ᠪᠠᠶᠢᠳᠠᠭ᠃      ᠰᠢᠨ᠎ᠡ ᠲᠢᠲᠢᠮ ᠤᠨ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠪᠣᠯᠪᠠᠴᠤ ᠲᠠᠷᠢᠯᠭ᠎ᠠ ᠬᠢᠭᠰᠡᠨ ᠥᠬᠡᠶ ᠨᠠᠰᠤᠲᠠᠶᠢᠴᠤᠳ ᠲᠤ ᠠᠯᠢ ᠲᠦᠷᠭᠡᠨ ᠢᠶᠠᠷ ᠲᠠᠷᠢᠯᠭ᠎ᠠ ᠬᠢᠵᠦ᠂ ᠪᠥᠬᠦ ᠶᠠᠪᠤᠴᠠ ᠳᠤ ᠳᠠᠷᠢᠯᠭ᠎ᠠ ᠬᠢᠭᠰᠡᠨ ᠥᠬᠡᠶ ᠬᠥᠮᠦᠰ ᠲᠤ ᠠᠯᠢ ᠲᠦᠷᠭᠡᠨ ᠢᠶᠠᠷ ᠨᠥᠬᠦᠵᠦ ᠳᠠᠷᠢᠬᠤ ᠬᠡᠷᠡᠭᠲᠡᠶ᠃                                          ᠢᠷᠡᠯᠲᠡ᠄ ᠡᠷᠡᠭᠦᠯ ᠡᠩᠬᠡ ᠳᠤᠮᠳᠠᠳᠤ ᠤᠯᠤᠰ                                        ᠤᠷᠴᠢᠭᠤᠯᠤᠭᠴᠢ᠄ ᠨᠠᠷᠠᠰᠤ                                        ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3