ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠠᠶᠢᠯᠤᠮᠵᠢ ︵ᠳᠤᠤᠷᠠᠳᠦ︶
ᠨᠡᠶᠢᠲᠡᠯᠡᠭᠰᠡᠨ ᠴᠠᠭ᠄
2022/2/15
     ᠴᠠᠭ 2022 ᠣᠨ ᠤ 2 ᠰᠠᠷ᠎ᠠ ᠶᠢᠨ 15᠎ ᠤ ᠡᠳᠦᠷ      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ᠂ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ      ︽ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠤᠨ ᠲᠣᠪᠴᠢᠯᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠵᠤ᠂ ᠠᠮᠵᠢᠯᠲᠠ ᠪᠠᠨ ᠳ᠋ᠦᠩᠨᠡᠬᠦ᠂ ᠬᠠᠷᠠᠯᠲᠠ ᠪᠠᠨ ᠲᠣᠭᠲᠠᠭᠠᠬᠤ᠂ ᠠᠵᠢᠯ ᠢᠶᠠᠨ ᠪᠠᠶᠢᠷᠢᠯᠠᠭᠤᠯᠬᠤ ᠳᠠᠭᠠᠨ ᠴᠥᠮ ᠶᠡᠷᠦᠩᠬᠡᠢ ᠱᠦᠵᠢ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢᠨ ᠲᠣᠭᠤᠷᠢᠨ ᠳᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ ᠳᠡᠯᠭᠡᠨ ᠳᠡᠯᠭᠡᠵᠡᠢ᠃ ᠡᠭᠦᠨ ᠤ ᠬᠠᠮᠲᠤ᠂ ᠮᠡᠳᠡᠭᠦᠯᠦᠯᠲᠡ ᠨᠢ ᠮᠠᠨ ᠤ ᠣᠷᠣᠨ ᠤ ᠣᠳᠣᠬᠠᠨ ᠤ ᠬᠥᠭᠵᠢᠯᠲᠡ ᠶᠢᠨ ᠱᠠᠲᠤ ᠦᠶ᠎ᠡ᠂ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠠᠷᠠᠳ ᠤᠨ ᠠᠮᠢᠳᠤᠷᠠᠯ ᠤᠨ ᠬᠡᠷᠡᠭᠴᠡᠭᠡ᠂ ᠠᠷᠠᠳ ᠤᠨ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠦᠰᠡᠯ ᠡᠷᠡᠮᠡᠯᠵᠡᠯ ᠢ ᠬᠠᠮᠤᠭ ᠤᠨ ᠶᠡᠭᠡ ᠬᠡᠮᠵᠢᠶ᠎ᠡ ᠪᠠᠷ ᠲᠤᠰᠬᠠᠵᠤ᠂ ᠡᠯ᠎ᠡ ᠲᠠᠯ᠎ᠠ ᠶᠢᠨ ᠬᠢᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠭᠰᠠᠨ ᠪᠠᠶᠢᠨ᠎ᠠ᠃      ᠬᠥᠲᠥᠯᠥᠭᠴᠢ᠄ 2022 — 02 — 15  15᠄ 00      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕  ᠲᠣᠰ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠲᠤᠰ ᠬᠤᠭᠤᠴᠠᠭᠠᠨ ᠤ ᠫᠷᠤᠭ᠍ᠷᠠᠮ ᠳᠤ ᠪᠢᠳᠡᠨ ᠤ ᠤᠷᠢᠵᠤ ᠠᠪᠴᠢᠷᠠᠭᠰᠠᠨ ᠰᠤᠷᠪᠤᠯᠵᠢᠯᠠᠭ᠎ᠠ ᠶᠢᠨ ᠬᠦᠨᠳᠦᠲᠦ ᠵᠣᠴᠢᠳ ᠪᠣᠯ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠷᠪᠢᠬᠤ ᠳᠤᠭᠤᠶᠢᠯᠠᠩ ᠤᠨ ᠭᠤᠤᠯ ᠪᠦᠷᠢᠯᠳᠦᠬᠦᠨ ᠪᠣᠯᠬᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ ᠨᠥᠬᠦᠷ᠂ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠯᠢ ᠵᠢᠶᠠᠨ ᠵᠢᠶᠦ᠋ᠨ ᠨᠥᠬᠦᠷ ᠪᠣᠯᠤᠨ᠎ᠠ᠂ ᠬᠤᠶᠠᠷ ᠬᠦᠨᠳᠦᠲᠦ ᠵᠣᠴᠢᠳ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ︕      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ 2022 — 02 — 15  15᠄ 00      ᠬᠥᠲᠥᠯᠥᠭᠴᠢ ᠰᠠᠶᠢᠨ ᠪᠠᠶᠢᠵᠠᠭᠠᠨ᠎ᠠ ᠤᠣ᠂ ᠲᠠ ᠪᠦᠬᠦᠨ ᠰᠠᠶᠢᠨ ᠪᠠᠶᠢᠵᠠᠭᠠᠨ᠎ᠠ ᠤᠤ︕ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢᠶᠠᠷ ᠳᠠᠮᠵᠢᠭᠤᠯᠤᠨ ᠥᠷᠭᠡᠨ ᠤᠯᠠᠨ ᠰᠦᠯᠵᠢᠶᠡᠨ ᠤ ᠨᠠᠶᠢᠵᠠ ᠨᠠᠷ ᠲᠠᠢ ᠥᠨᠥᠳᠦᠷ ᠤᠨ ᠭᠤᠣᠯ ᠰᠡᠳᠦᠪ ᠢᠶᠠᠨ ᠬᠤᠪᠢᠶᠠᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃      ᠬᠥᠲᠥᠯᠥᠭᠴᠢ᠄ 2022 — 02 — 15  15᠄ 01      ︽ᠢᠯᠡᠳᠬᠡᠯ︾᠎ ᠳᠤ ︽ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠭᠤᠣᠯ ᠡᠭᠦᠷᠭᠡ︾᠎ ᠶᠢᠨ ᠬᠡᠰᠡᠭ ᠨᠢ ᠬᠠᠮᠤᠭ ᠤᠨ ᠤᠯᠠᠨ᠂ ᠠᠭᠤᠯᠭ᠎ᠠ ᠨᠢ ᠪᠠᠶᠠᠯᠢᠭ ᠪᠠᠶᠢᠵᠤ᠂ ᠤᠩᠰᠢᠬᠤ ᠳᠤ ᠬᠥᠮᠦᠰ ᠲᠤ ᠬᠠᠭᠤᠷᠠᠶ ᠪᠠᠷᠠᠭ᠎ᠠ ᠪᠠᠷ ᠳᠦᠭᠦᠷᠴᠦ᠂ ᠬᠢᠯᠠᠰ ᠴᠡᠭ ᠤᠯᠠᠨ ᠢᠯᠡᠷᠡᠵᠦ ᠪᠠᠶᠢᠨ᠎ᠠ᠂ ᠬᠤᠶᠠᠷ ᠵᠣᠴᠢᠨ ᠪᠢᠳᠡᠨ ᠳᠤ ᠶᠠᠮᠠᠷ ᠶᠠᠮᠠᠷ ᠰᠢᠨ᠎ᠡ ᠡᠭᠦᠷᠭᠡ ᠰᠢᠨ᠎ᠡ ᠠᠷᠭ᠎ᠠ ᠬᠡᠮᠵᠢᠶ᠎ᠡ ᠶᠢ ᠶᠠᠷᠢᠵᠤ ᠥᠭᠬᠦ ᠪᠣᠯᠪᠠᠤ︖ ᠭᠡᠵᠦ ᠬᠡᠯᠡᠪᠡ᠃ ︽ᠢᠯᠡᠳᠬᠡᠯ︾᠎ ᠤᠨ ᠳᠣᠲᠣᠷᠠᠬᠢ ︽ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠭᠤᠣᠯ ᠡᠭᠦᠷᠭᠡ︾᠎ ᠶᠢᠨ ᠬᠡᠰᠡᠭ ᠨᠢ ᠬᠠᠮᠤᠭ ᠤᠨ ᠤᠯᠠᠨ᠂ ᠠᠭᠤᠯᠭ᠎ᠠ ᠨᠢ ᠪᠠᠶᠠᠯᠢᠭ ᠪᠠᠶᠢᠵᠤ᠂ ᠤᠩᠰᠢᠬᠤ ᠳᠤ ᠬᠥᠮᠦᠰ ᠲᠤ ᠬᠡᠯᠡᠵᠦ ᠥᠭᠬᠦ ᠪᠣᠯᠪᠠᠤ︖      ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 15  15᠄ 01      ᠪᠢᠳᠡ ᠠᠩᠬ᠎ᠠ ᠠᠯᠬᠤᠮ ᠡᠮᠬᠢᠯᠡᠨ ᠳᠢᠭᠯᠡᠭᠰᠡᠨ ᠢᠶᠠᠷ᠂ ᠠᠵᠢᠯ ᠤᠨ ᠪᠠᠶᠢᠷᠢᠯᠠᠭᠤᠯᠤᠯᠲᠠ ᠶᠢᠨ ︽ᠲᠤᠯᠤᠭᠠᠨ ᠬᠦᠴᠦ︾ ᠭᠡᠬᠦ 160 ᠭᠠᠷᠤᠶ ᠥᠭᠦᠯᠡᠪᠦᠷᠢ ᠶᠢᠨ ᠳᠣᠲᠣᠷᠠᠬᠢ ᠦᠭᠡ ᠨᠢᠭᠡᠪᠦᠷᠢ ᠨᠢ ᠴᠥᠮ ᠨᠢᠭᠡ ᠶᠡᠭᠡ ᠶᠠᠪᠤᠳᠠᠯ ᠪᠤᠶᠤ ᠬᠡᠳᠦᠨ ᠶᠡᠭᠡ ᠶᠠᠪᠤᠳᠠᠯ ᠲᠠᠢ ᠬᠤᠯᠪᠣᠯᠳᠤᠵᠤ ᠪᠠᠶᠢᠳᠠᠭ᠂ ᠦᠭᠡ ᠦᠰᠦᠭ ᠠᠴᠠ ᠨᠢ ᠦᠵᠡᠪᠡᠯ᠂ ᠳᠡᠯᠭᠡᠵᠦ ᠭᠠᠷᠭᠠᠭᠰᠠᠨ ᠡᠭᠦᠷᠭᠡ ᠠᠷᠭ᠎ᠠ ᠬᠡᠮᠵᠢᠶ᠎ᠡ ᠨᠢ ᠶᠡᠭᠡ ᠪᠠᠭ᠎ᠠ 400 ᠭᠠᠷᠤᠶ ᠵᠦᠢᠯ ᠪᠠᠶᠢᠵᠤ᠂ ᠬᠡᠷᠪᠡ ᠨᠠᠷᠢᠨ ᠬᠤᠪᠢᠶᠠᠪᠠᠯ ᠳᠠᠷᠤᠶ ᠮᠢᠩᠭ᠎ᠠ ᠭᠠᠷᠤᠶ ᠵᠦᠢᠯ ᠪᠠᠶᠢᠳᠠᠭ᠃ ᠡᠳᠡᠭᠡᠷ ᠠᠷᠭ᠎ᠠ ᠬᠡᠮᠵᠢᠶ᠎ᠡ ᠨᠢ ᠲᠡᠷᠡ ᠪᠦᠬᠦᠨ ᠢᠶᠠᠷ ᠢᠶᠠᠨ ᠡᠩ ᠤᠨ ᠴᠢᠨᠠᠷᠲᠠᠶ ᠪᠠᠶᠢᠩᠭᠤ ᠶᠢᠨ ᠠᠷᠭ᠎ᠠ ᠬᠡᠮᠵᠢᠶ᠎ᠡ ᠪᠢᠰᠢ᠂ ᠲᠡᠭᠦᠨ ᠤ ᠳᠣᠲᠣᠷᠠᠬᠢ ᠣᠯᠠᠩᠬᠢ ᠨᠢ ᠴᠥᠮ ᠰᠢᠨ᠎ᠡ ᠶᠢ ᠡᠭᠦᠳᠬᠦ ᠴᠢᠨᠠᠷᠲᠠᠶ ᠠᠷᠭ᠎ᠠ ᠬᠡᠮᠵᠢᠶ᠎ᠡ᠂ ᠨᠡᠭᠡᠭᠡᠯᠲᠡᠲᠦ ᠴᠢᠨᠠᠷᠲᠠᠶ ᠠᠷᠭ᠎ᠠ ᠬᠡᠮᠵᠢᠶ᠎ᠡ ᠪᠠᠶᠢᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠬᠤ᠂ ᠭᠤᠣᠯ ᠵᠥᠷᠢᠴᠡᠯ ᠪᠠ ᠵᠥᠷᠢᠴᠡᠯ ᠤᠨ ᠭᠤᠣᠯ ᠲᠠᠯ᠎ᠠ ᠶᠢ ᠠᠳᠬᠤᠬᠤ᠂ ᠭᠤᠣᠯ ᠠᠵᠢᠯ ᠪᠠ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠬᠤ ᠵᠠᠰᠠᠭ ᠶᠠᠪᠤᠭᠤᠯᠬᠤ ᠣᠶᠢᠯᠠᠭᠠᠭᠳᠠᠬᠤᠨ ᠪᠠ ᠠᠵᠢᠯᠯᠠᠬᠤ ᠠᠷᠭ᠎ᠠ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃      ᠬᠥᠲᠥᠯᠥᠭᠴᠢ᠄ 2022 — 02 — 15  15᠄ 02      ᠡᠨᠡ ᠵᠢᠯ ᠤᠨ ᠮᠡᠳᠡᠭᠦᠯᠦᠯᠲᠡ ᠶᠢᠨ ᠠᠵᠢᠯ ᠤᠨ ᠪᠠᠶᠢᠷᠢᠯᠠᠭᠤᠯᠤᠯᠲᠠ ᠳᠤ ᠮᠠᠰᠢ ᠣᠯᠠᠨ ᠰᠢᠨ᠎ᠡ ᠳᠤᠷᠠᠳᠤᠯᠭ᠎ᠠ ᠪᠠ ᠰᠢᠨ᠎ᠡ ᠠᠷᠭ᠎ᠠ ᠬᠡᠮᠵᠢᠶ᠎ᠡ ᠪᠠᠶᠢᠨ᠎ᠠ᠂ ᠲᠡᠭᠡᠪᠡᠯ ᠲᠠ ᠬᠤᠶᠠᠭᠤᠯᠠ ᠪᠠᠨ ᠪᠢᠳᠡᠨ ᠳᠤ ᠡᠳᠦᠶ ᠲᠡᠳᠦᠶ ᠵᠦᠢᠯ ᠢ ᠰᠣᠩᠭᠤᠨ ᠥᠭᠴᠦ ᠥᠷᠭᠡᠨ ᠣᠯᠠᠨ ᠰᠦᠯᠵᠢᠶᠡᠨ ᠨᠠᠶᠢᠵᠠ ᠨᠠᠷ ᠲᠠᠢ ᠬᠤᠪᠢᠶᠠᠯᠴᠠᠶ᠎ᠠ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ 2022 — 02 — 15  15᠄ 03      ᠶᠠᠭ ᠬᠥᠲᠥᠯᠥᠭᠴᠢ ᠶᠢᠨ ᠬᠡᠯᠡᠭᠰᠡᠨᠴᠢᠯᠡᠨ᠂ ᠡᠨᠡ ᠵᠢᠯ ᠤᠨ ︽ᠢᠯᠡᠳᠬᠡᠯ︾᠎ ᠤᠨ ᠠᠵᠢᠯ ᠤᠨ ᠪᠠᠶᠢᠷᠢᠯᠠᠭᠤᠯᠤᠯᠲᠠ ᠳᠠᠬᠢ ᠰᠢᠨ᠎ᠡ ᠳᠤᠷᠠᠳᠤᠯᠭ᠎ᠠ ᠰᠢᠨ᠎ᠡ ᠠᠷᠭ᠎ᠠ ᠬᠡᠮᠵᠢᠶ᠎ᠡ ᠦᠨᠡᠬᠡᠷ ᠮᠠᠰᠢ ᠤᠯᠠᠨ ᠪᠠᠶᠢᠨ᠎ᠠ᠂ ︽ᠲᠤᠯᠤᠭᠠᠨ ᠬᠦᠴᠦᠯᠡᠴᠡ︾᠎ ᠶᠢᠨ ᠳᠣᠲᠣᠷᠠᠬᠢ ᠵᠦᠢᠯ ᠪᠦᠷᠢ ᠳᠤ ᠴᠥᠮ ᠪᠠᠶᠢᠨ᠎ᠠ᠃ ᠵᠢᠱᠢᠶᠡᠯᠡᠪᠡᠯ ᠪᠡᠯᠡ ᠣᠷᠣᠭᠤᠯᠤᠯᠲᠠ ᠶᠢ ᠥᠷᠭᠡᠳᠬᠡᠬᠦ᠃ ︽ᠢᠯᠡᠳᠬᠡᠯ︾᠎ ᠳᠤ ︽ᠨᠢᠭᠡ ᠬᠠᠷᠠᠯᠲᠠ᠂ ᠬᠤᠶᠠᠷ ᠢ ᠠᠬᠢᠭᠤᠯᠬᠤ︾᠎ ᠶᠢ ᠳᠤᠷᠠᠳᠤᠨ ᠭᠠᠷᠭᠠᠵᠠᠶ᠃ ︽ᠨᠢᠭᠡ ᠬᠠᠷᠠᠯᠲᠠ︾ ᠪᠣᠯ 5200 ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠠᠷᠠᠯᠲᠠ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠡᠭᠦᠨ ᠢ ᠳᠤᠷ᠎ᠠ ᠪᠠᠷ ᠢᠶᠠᠨ ᠳᠤᠷᠠᠳᠴᠤ ᠭᠠᠷᠭᠠᠭᠰᠠᠨ ᠪᠢᠰᠢ᠂ ᠬᠠᠷᠢᠨ ᠡᠨᠡ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠤᠨ ᠨᠡᠮᠡᠭᠳᠡᠯ ᠤᠨ ᠵᠢᠱᠢᠭᠰᠡᠨ ᠬᠠᠷᠠᠯᠲᠠ ᠶᠢᠨ ᠱᠠᠭᠠᠷᠳᠠᠯᠭ᠎ᠠ ᠪᠠ ᠲᠥᠯᠥᠪᠯᠡᠭᠡ ᠶᠢ ᠬᠡᠷᠡᠭᠵᠢᠭᠦᠯᠬᠦ ᠣᠨ ᠤ ᠭᠤᠣᠯᠳᠠᠯᠭ᠎ᠠ ᠲᠠᠢ ᠵᠦᠢᠯᠡᠰ ᠤᠨ ᠲᠤᠯᠭᠠᠭᠤᠷᠢᠯᠠᠯ ᠢ ᠶᠡᠷᠦᠩᠬᠡᠶᠢᠯᠡᠨ ᠪᠣᠳᠣᠯᠬᠢᠯᠠᠵᠤ᠂ ᠲᠣᠭᠠᠴᠠᠭ᠎ᠠ ᠬᠢᠵᠦ ᠰᠤᠳᠤᠯᠬᠤ᠂ ᠳᠠᠬᠢᠨ ᠳᠠᠪᠲᠠᠨ ᠶᠠᠷᠢᠯᠴᠠᠬᠤ ᠪᠠᠷ ᠳᠠᠮᠵᠢᠨ ᠰᠠᠶ᠋ᠢ ᠳᠤᠷᠠᠳᠴᠤ ᠭᠠᠷᠭᠠᠭᠰᠠᠨ ᠶᠤᠮ᠂ ᠡᠨᠡ ᠬᠦ ᠬᠠᠷᠠᠯᠲᠠ ᠶᠢ ᠪᠡᠶᠡᠯᠡᠭᠦᠯᠴᠢᠪᠡᠯ ᠡᠨᠡ ᠵᠢᠯ ᠤᠨ ᠠᠵᠤ ᠠᠬᠤᠶ ᠶᠢᠨ ᠨᠡᠮᠡᠭᠳᠡᠯ ᠦᠨᠳᠦᠰᠦᠨ ᠳᠡᠭᠡᠨ ᠲᠣᠭᠲᠠᠭᠤᠨ ᠪᠣᠯᠴᠢᠬᠠᠨ᠎ᠠ ᠭᠡᠵᠦ ᠬᠡᠯᠡᠵᠦ ᠪᠣᠯᠤᠨ᠎ᠠ᠃ ︽ᠬᠤᠶᠠᠷ ᠢ ᠠᠬᠢᠭᠤᠯᠬᠤ︾ ᠪᠣᠯ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ᠂ ᠲᠡᠷᠢᠭᠦᠨ ᠤ ᠦᠢᠯᠡᠳᠬᠦ ᠦᠢᠯᠡᠰ᠂ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠪᠡᠯᠡ ᠣᠷᠣᠭᠤᠯᠤᠯᠲᠠ ᠶᠢᠨ ᠶᠡᠭᠡ ᠬᠡᠮᠵᠢᠶ᠎ᠡ ᠪᠠᠷ ᠨᠡᠮᠡᠭᠳᠡᠬᠦ ᠶᠢ ᠠᠬᠢᠭᠤᠯᠬᠤ ᠶᠠᠪᠤᠳᠠᠯ ᠪᠣᠯᠤᠨ᠎ᠠ᠂ ᠡᠨᠡ ᠨᠢ ᠭᠤᠣᠯᠳᠠᠭᠤ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠪᠠᠷ ᠭᠤᠣᠯᠳᠠᠭᠤᠯᠵᠤ᠂ ᠪᠡᠯᠡ ᠣᠷᠣᠭᠤᠯᠤᠯᠲᠠ ᠶᠢᠨ ᠪᠦᠲᠦᠴᠡ ᠶᠢ ᠲᠣᠬᠢᠷᠠᠭᠤᠯᠬᠤ ᠪᠠᠷ ᠳᠠᠮᠵᠢᠭᠤᠯᠤᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠶᠢ ᠲᠦᠯᠬᠢᠨ ᠠᠬᠢᠭᠤᠯᠬᠤ ᠶᠠᠪᠤᠳᠠᠯ ᠪᠣᠯᠤᠨ᠎ᠠ᠃ ᠬᠤᠶᠠᠷ ᠲᠤ᠂ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢ ᠠᠬᠢᠭᠤᠯᠵᠤ᠂ ᠣᠷᠣᠨ ᠤ ᠭᠠᠳᠠᠨᠠᠬᠢ ᠪᠡᠯᠡ ᠣᠷᠣᠭᠤᠯᠤᠯᠲᠠ ᠶᠢ ᠣᠷᠣᠭᠤᠯᠤᠨ ᠠᠪᠴᠢᠷᠠᠵᠤ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠂ ᠡᠨᠡ ᠬᠤᠶᠠᠷ ᠠᠬᠢᠭᠤᠯᠤᠯ ᠪᠣᠯ ᠮᠠᠰᠢ ᠶᠡᠭᠡ ᠬᠠᠨᠳᠤᠯᠭᠠᠲᠤ ᠴᠢᠨᠠᠷᠲᠠᠶ ᠶᠤᠮ᠂ ᠳᠠᠷᠤᠶ ᠣᠳᠣᠬᠠᠨ ᠤ ᠮᠠᠨ ᠤ ᠣᠷᠣᠨ ᠤ ᠲᠥᠷᠥᠯ ᠵᠦᠢᠯ ᠤᠨ ᠨᠥᠭᠡᠴᠡ ᠬᠢᠭᠡᠳ ᠴᠢᠨᠠᠷ ᠰᠠᠶᠢᠲᠠᠶ ᠬᠥᠭᠵᠢᠯᠲᠡ ᠶᠢᠨ ᠵᠣᠯᠭᠠᠯᠳᠤᠭᠤᠯᠬᠤ ᠴᠢᠨᠠᠷ ᠢᠶᠠᠷ ᠴᠢᠩᠭ᠎ᠠ ᠪᠤᠰᠤ᠂ ᠲᠥᠷᠥᠯ ᠵᠦᠢᠯ ᠤᠨ ᠪᠦᠲᠦᠴᠡ ᠬᠢᠭᠡᠳ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠵᠣᠬᠢᠴᠠᠯᠳᠤᠭᠤᠯᠬᠤ ᠬᠡᠮᠵᠢᠶ᠎ᠡ ᠪᠠᠷ ᠥᠨᠳᠥᠷ ᠪᠢᠰᠢ ᠪᠠᠶᠢᠭ᠎ᠠ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠴᠢᠩᠭᠠᠷᠠᠭᠤᠯᠬᠤ ᠪᠠᠷ ᠲᠥᠷᠥᠯ ᠵᠦᠢᠯ ᠤᠨ ᠨᠥᠭᠡᠴᠡ ᠶᠢ ᠨᠡᠮᠡᠭᠳᠡᠭᠦᠯᠵᠦ᠂ ᠲᠥᠷᠥᠯ  ᠵᠦᠢᠯ ᠤᠨ ᠪᠦᠲᠦᠴᠡ ᠶᠢ ᠲᠣᠬᠢᠷᠠᠭᠤᠯᠬᠤ ᠪᠠᠷ ᠪᠠᠯᠠ ᠣᠷᠣᠭᠤᠯᠤᠯᠲᠠ ᠶᠢᠨ ᠪᠦᠲᠦᠴᠡ ᠶᠢ ᠬᠥᠲᠥᠯᠥᠨ ᠰᠢᠯᠵᠢᠭᠦᠯᠵᠦ᠂ ᠠᠵᠤ ᠦᠢᠯᠡᠰ ᠤᠨ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠬᠦ ᠪᠠ ᠲᠠᠰ ᠳᠡᠪᠰᠢᠭᠦᠯᠬᠦ ᠶᠢ ᠳᠥᠯᠭᠢᠨ ᠠᠬᠢᠭᠤᠯᠬᠤ ᠬᠡᠷᠡᠭᠲᠡᠶ᠃      ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 15  15᠄ 04      ᠲᠠᠭᠠᠷᠠᠨ᠎ᠠ᠂ ᠪᠠᠰᠠ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠᠷ ᠵᠢᠱᠢᠶᠡᠯᠡᠵᠦ ᠬᠡᠯᠡᠶ᠎ᠡ᠃ ︽ᠢᠯᠡᠳᠬᠡᠯ︾᠎ ᠳᠤ ᠪᠦᠬᠦ ᠤᠯᠤᠰ ᠢ ᠬᠤᠯᠪᠣᠨ ᠨᠡᠪᠲᠡᠷᠡᠭᠦᠯᠦᠭᠰᠡᠨ᠂ ᠪᠦᠬᠦ ᠣᠷᠣᠨ ᠢ ᠬᠤᠯᠪᠣᠭᠰᠠᠨ ᠤᠳᠤ ᠦᠶ᠎ᠡ ᠶᠢᠨ ᠰᠠᠭᠤᠷᠢ ᠲᠥᠬᠦᠭᠡᠷᠦᠮᠵᠢ ᠶᠢᠨ ᠲᠣᠣᠷ ᠰᠦᠯᠵᠢᠶᠡᠨ ᠤ ᠰᠢᠰᠲ᠋ᠧᠮ ᠢ ᠱᠠᠯᠠᠪᠳᠠᠨ ᠪᠠᠶᠢᠭᠤᠯᠤᠨ᠎ᠠ ᠭᠡᠵᠦ ᠳᠤᠷᠠᠳᠤᠨ ᠭᠠᠷᠭᠠᠪᠠ᠃ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠬᠡᠯᠡᠬᠦ ᠳᠡᠭᠡᠨ᠂ ᠳᠣᠲᠣᠭᠠᠳᠤ ᠭᠠᠳᠠᠭᠠᠳᠤ ᠲᠠᠢ ᠬᠤᠯᠪᠣᠭᠠᠯᠠᠵᠤ᠂ ᠡᠷᠭᠢᠨ ᠲᠣᠭᠤᠷᠢᠨ ᠢᠶᠠᠨ ᠨᠥᠯᠥᠭᠡᠯᠡᠬᠦ ᠶᠢ ᠪᠦᠷᠢᠯᠳᠦᠭᠦᠯᠵᠦ᠂ ᠡᠬᠢ ᠪᠠᠶᠠᠯᠢᠭ ᠢ ᠲᠥᠪᠯᠡᠷᠡᠭᠦᠯᠦᠨ ᠲᠥᠪᠯᠡᠷᠡᠭᠦᠯᠵᠦ ᠲᠠᠷᠬᠠᠭᠠᠭᠰᠠᠨ᠂ ᠴᠢᠬᠤᠯᠠ ᠡᠯᠧᠮᠧᠨ᠋ᠲ ᠢ ᠠᠭᠤᠰᠤᠯᠴᠠᠭᠤᠯᠤᠨ ᠠᠭᠤᠰᠤᠯᠴᠠᠭᠤᠯᠤᠨ ᠨᠡᠪᠲᠡᠷᠡᠭᠦᠯᠦᠭᠰᠡᠨ ᠪᠦᠬᠦ ᠣᠷᠣᠨ ᠪᠦᠰᠡ ᠶᠢᠨ ᠨᠡᠭᠡᠭᠡᠯᠳᠡ ᠶᠢᠨ ᠲᠠᠪᠴᠠᠩ ᠳᠤ᠂ ᠪᠢᠳᠡ ᠡᠩ ᠲᠡᠷᠢᠭᠦᠨ ᠳᠤ ᠡᠷᠬᠡᠪᠰᠢ ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ ᠶᠢᠨ ᠲᠤᠯᠭᠠᠭᠤᠷᠢᠯᠠᠯ ᠲᠠᠢ ᠪᠠᠶᠢᠬᠤ ᠬᠡᠷᠡᠭᠲᠡᠢ᠂ ᠭᠡᠪᠡᠴᠦ ᠣᠳᠣᠬᠠᠨ ᠳᠤ ᠮᠠᠨ ᠤ ᠣᠷᠣᠨ ᠵᠠᠷᠢᠮ ᠭᠤᠣᠯᠯᠠᠭᠴᠢ ᠢᠨᠵᠧᠨᠧᠷᠢᠩ ᠢ ᠪᠠᠰᠠ ᠪᠠᠶᠢᠭᠤᠯᠵᠤ ᠳᠠᠭᠤᠰᠬᠠᠭᠠᠳᠤᠢ ᠪᠠᠶᠢᠭᠰᠠᠭᠠᠷ᠂ ᠡᠶᠢᠮᠦ ᠠᠴᠠ ᠡᠷᠬᠡᠪᠰᠢ ᠤᠯᠤᠰ ᠠᠴᠠ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠵᠣᠬᠢᠬᠤ  ᠬᠡᠮᠵᠢᠶ᠎ᠡ ᠪᠠᠷ ᠤᠷᠢᠳᠴᠢᠯᠠᠨ ᠥᠷᠨᠢᠭᠦᠯᠬᠦ ᠠᠵᠠ ᠲᠣᠬᠢᠶᠠᠯ ᠢ ᠠᠮᠵᠢᠵᠤ ᠮᠠᠨ ᠤ ᠣᠷᠣᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠬᠦ ᠬᠡᠷᠡᠭᠲᠡᠢ᠃ ᠲᠦᠷᠭᠡᠨ ᠤ ᠲᠡᠮᠦᠷ ᠵᠠᠮ ᠢᠶᠠᠷ ᠠᠪᠴᠤ ᠬᠡᠯᠡᠪᠡᠯ᠂ ᠮᠠᠨ ᠤ ᠣᠷᠣᠨ ᠬᠡᠳᠦ᠋ᠢᠪᠡᠷ ᠬᠥᠭᠵᠢᠭᠰᠡᠨ ᠭᠠᠵᠠᠷ ᠣᠷᠣᠨ ᠰᠢᠭ᠋ ᠥᠨᠳᠥᠷ ᠨᠢᠭᠲᠠᠴᠠ ᠲᠠᠢ ᠲᠦᠷᠭᠡᠨ ᠤ ᠲᠡᠮᠦᠷ ᠵᠠᠮ ᠤᠨ ᠱᠤᠭᠤᠮ ᠢ ᠪᠠᠶᠢᠷᠢᠰᠢᠭᠤᠯᠵᠤ ᠳᠡᠶᠢᠯᠬᠦ ᠦᠭᠡᠢ ᠪᠣᠯᠪᠠᠴᠤ᠂ ᠪᠤᠭᠤᠲᠤ ᠠᠴᠠ ᠢᠷᠭᠠᠢ ᠶᠢᠨ ᠲᠦᠷᠭᠡᠨ ᠤ ᠲᠡᠮᠦᠷ ᠵᠠᠮ᠂  ᠵᠢᠢ ᠳ᠋ᠠ ᠶᠤᠸᠠᠨ ᠬᠦᠷᠬᠦ ᠲᠦᠷᠭᠡᠨ ᠤ ᠲᠡᠮᠦᠷ ᠵᠠᠮ᠂ ᠬᠤᠪᠸᠢ ᠢᠦᠢ ᠶᠠᠨ ᠬᠦᠷᠬᠦ ᠲᠦᠷᠭᠡᠨ ᠤ ᠲᠡᠮᠦᠷ ᠵᠠᠮ ᠵᠡᠷᠭᠡ ᠪᠦᠬᠦ ᠤᠯᠤᠰ ᠤᠨ ᠲᠦᠷᠭᠡᠨ ᠤ ᠲᠡᠮᠦᠷ ᠵᠠᠮ ᠤᠨ ᠲᠣᠣᠷ ᠲᠤ ᠵᠠᠯᠭᠠᠵᠤ ᠣᠷᠣᠭᠤᠯᠬᠤ ᠭᠤᠣᠯᠯᠠᠭᠴᠢ ᠢᠨᠵᠧᠨᠧᠷᠢᠩ ᠡᠷᠬᠡᠪᠰᠢ ᠪᠠᠶᠢᠬᠤ ᠬᠡᠷᠡᠭᠲᠡᠢ ᠪᠥᠭᠡᠳ ᠡᠷᠬᠡᠪᠰᠢ ᠡᠷᠲᠡᠬᠡᠨ ᠪᠠᠶᠢᠭᠤᠯᠵᠤ ᠳᠠᠭᠤᠰᠬᠠᠬᠤ ᠪᠠᠷ ᠴᠢᠷᠮᠠᠶᠢᠬᠤ ᠬᠡᠷᠡᠭᠲᠡᠢ᠃ ᠪᠠᠰᠠ ᠵᠠᠰᠠᠮᠠᠯ ᠵᠠᠮ᠂ ᠨᠢᠰᠬᠡᠯ ᠤᠨ ᠪᠠᠭᠤᠳᠠᠯ᠂ ᠤᠰᠤᠨ ᠠᠰᠢᠭᠯᠠᠯᠲᠠ᠂ ᠴᠠᠬᠢᠯᠭᠠᠨ ᠬᠦᠴᠦ᠂ ᠮᠡᠳᠡᠭᠡ ᠬᠤᠯᠪᠣᠭ᠎ᠠ᠂ ᠬᠤᠳᠠ ᠶᠢᠨ ᠶᠠᠪᠤᠳᠠᠯ ᠵᠡᠷᠭᠡ ᠲᠠᠯ᠎ᠠ ᠶᠢᠨ ᠳᠤᠲᠠᠭᠤᠳᠠᠯ ᠢ ᠨᠥᠬᠦᠪᠥᠷᠢᠯᠡᠬᠦ ᠵᠦᠢᠯᠡᠰ ᠢ ᠴᠦ ᠪᠦᠳᠦᠭᠡᠨ ᠪᠠᠶᠢᠭᠤᠯᠬᠤ ᠠᠯᠬᠤᠴᠠ ᠪᠠᠨ ᠲᠦᠷᠭᠡᠳᠬᠡᠬᠦ ᠬᠡᠷᠡᠭᠲᠡᠶ᠃ ᠢᠯᠠᠩᠭᠤᠶ᠎ᠠ ᠲᠣᠰ ᠤᠳᠠᠭᠠᠨ ᠤ ︽ᠮᠡᠳᠡᠭᠦᠯᠦᠯᠲᠡ︾᠎ ᠳᠤ ᠠᠭᠠᠷ ᠤᠨ ᠠᠶᠠᠯᠠᠯ ᠤᠨ ᠱᠤᠭᠤᠮ ᠤᠨ ᠡᠰᠢ ᠰᠠᠯᠪᠤᠷᠢ ᠵᠠᠮ ᠨᠡᠪᠲᠡᠷᠡᠯᠭᠡ᠂ ᠰᠠᠯᠪᠤᠷᠢ ᠰᠠᠯᠪᠤᠷᠢ ᠵᠠᠮ ᠨᠡᠪᠲᠡᠷᠡᠯᠭᠡ᠂ ᠪᠥᠬᠦ ᠰᠦᠯᠵᠢᠶ᠎ᠡ ᠶᠢ ᠬᠤᠯᠪᠣᠬᠤ ᠶᠢ ᠲᠣᠳᠣᠷᠬᠠᠶ ᠳᠤᠷᠠᠳᠤᠨ ᠭᠠᠷᠭᠠᠵᠠᠶ᠂ ᠤᠴᠢᠷ ᠨᠢ ᠮᠠᠨ ᠤ ᠣᠷᠣᠨ ᠭᠠᠵᠠᠷ ᠠᠭᠤᠳᠠᠮ ᠬᠥᠮᠦᠨ ᠴᠥᠭᠡᠨ ᠪᠣᠯᠬᠤᠷ ᠪᠣᠶ ᠪᠥᠬᠦᠶ ᠭᠠᠵᠠᠷ ᠣᠷᠣᠨ ᠤ ᠶᠠᠪᠤᠵᠤ ᠰᠠᠭᠤᠬᠤ ᠶᠢ ᠴᠥᠮ ᠭᠠᠵᠠᠷ ᠳᠡᠭᠡᠷᠡᠬᠢ ᠵᠠᠮ ᠬᠠᠷᠢᠯᠴᠠᠭ᠎ᠠ ᠳᠤ ᠲᠦᠰᠢᠭᠯᠡᠨ ᠰᠢᠢᠳᠪᠦᠷᠢᠯᠡᠵᠦ ᠪᠣᠯᠬᠤ ᠥᠬᠡᠶ᠂ ᠳᠠᠷᠤᠶ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠢ ᠬᠥᠭᠵᠢᠭᠦᠯᠵᠦ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠭᠡᠮᠨᠡᠷᠡᠯ ᠢ ᠪᠠᠶᠢᠭᠤᠯᠵᠤ᠂ ᠥᠷᠭᠡᠨ ᠳᠡᠯᠭᠡᠷ ᠨᠡᠪᠲᠡᠷᠡᠭᠰᠡᠨ᠂ ᠳᠥᠭᠦᠮ ᠳᠥᠲᠡ ᠥᠨᠳᠥᠷ ᠪᠦᠲᠦᠮᠵᠢᠲᠡᠶ ᠣᠯᠠᠨ ᠨᠡᠶᠢᠲᠡ ᠶᠢᠨ ᠠᠭᠠᠷ ᠤᠨ ᠠᠶᠠᠯᠠᠯ ᠤᠨ ᠲᠡᠭᠡᠭᠡᠪᠦᠷᠢ ᠶᠢᠨ ᠲᠣᠤᠷ ᠢ ᠲᠦᠷᠭᠡᠪᠴᠢᠯᠡᠨ ᠪᠠᠶᠢᠭᠤᠯᠬᠤ ᠬᠡᠷᠡᠭᠲᠡᠶ᠂ ᠡᠨᠡ ᠨᠢ ᠰᠠᠶ᠋ᠢ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠨᠡᠶᠢᠴᠡᠵᠦ ᠪᠠᠶᠢᠭ᠎ᠠ ᠶᠤᠮ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ 2022 — 02 — 15  15᠄ 04      ᠪᠠᠰᠠ ᠬᠡᠷᠡᠭᠯᠡᠭᠡ ᠶᠢ ᠠᠬᠢᠭᠤᠯᠬᠤ ᠲᠠᠯ᠎ᠠ ᠪᠠᠷ᠂ ᠣᠳᠣᠬᠠᠨ ᠳᠤ ᠪᠢᠳᠡᠨ ᠳᠤ ᠲᠤᠯᠭᠠᠷᠠᠵᠤ ᠪᠠᠶᠢᠭ᠎ᠠ ᠬᠠᠮᠤᠭ ᠤᠨ ᠲᠣᠪᠤᠶᠢᠮ᠎ᠠ ᠠᠰᠠᠭᠤᠳᠠᠯ ᠪᠣᠯ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠬᠦᠷᠦᠯᠴᠡᠬᠦ ᠴᠢᠨᠠᠷᠲᠠᠶ ᠬᠡᠷᠡᠭᠯᠡᠭᠡ ᠶᠢᠨ ᠰᠡᠷᠭᠦᠯᠲᠡ ᠤᠳᠠᠭᠠᠨ ᠪᠠᠶᠢᠬᠤ ᠶᠠᠪᠤᠳᠠᠯ ᠪᠣᠯᠤᠨ᠎ᠠ᠂ ᠡᠭᠦᠨ ᠤ ᠲᠤᠬᠠᠶ ︽ᠢᠯᠡᠳᠬᠡᠯ︾᠎ ᠳᠤ ᠨᠢᠭᠡᠨ ᠮᠠᠰᠢ ᠶᠡᠭᠡ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ᠂ ᠲᠤᠬᠠᠶᠢᠯᠠᠪᠠᠯ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠦᠢᠯᠡᠴᠢᠯᠡᠭᠡᠨ ᠤ ᠠᠵᠢᠯᠯᠠᠭᠠᠨ ᠤ ᠳᠦᠷᠢᠮᠵᠢᠯ ᠢ ᠠᠵᠢᠯ ᠳᠦᠷᠦᠯ ᠬᠤᠪᠢᠶᠠᠨ ᠲᠡᠭᠦᠯᠳᠡᠷᠵᠢᠭᠦᠯᠬᠦ ᠶᠢᠨ ᠬᠠᠮᠲᠤ ᠬᠡᠷᠡᠭᠯᠡᠭᠡᠨ ᠤ ᠨᠡᠮᠡᠭᠳᠡᠯ ᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠲᠣᠭᠲᠠᠭᠠᠪᠠ᠂ ᠪᠢᠳᠡᠨ ᠤ ᠠᠪᠤᠭᠰᠠᠨ ᠠᠷᠭ᠎ᠠ ᠬᠡᠮᠵᠢᠶ᠎ᠡ ᠪᠣᠯ ᠠᠮᠠᠷᠠᠯᠲᠠ ᠶᠢᠨ ᠡᠳᠦᠷ ᠤᠨ ᠬᠡᠷᠡᠭᠯᠡᠭᠡ᠂ ᠵᠡᠭᠡᠯᠢ ᠭᠤᠳᠤᠮᠵᠢ ᠶᠢᠨ ᠵᠠᠬ᠎ᠠ ᠳᠡᠯᠭᠡᠭᠦᠷ᠂ ᠳᠡᠯᠭᠡᠭᠦᠷ ᠫᠦᠰᠡ᠂ ᠰᠥᠨᠢ ᠶᠢᠨ ᠠᠵᠤ ᠠᠬᠤᠶ ᠵᠡᠷᠭᠡ ᠶᠢ ᠪᠦᠬᠦ ᠲᠠᠯ᠎ᠠ ᠪᠠᠷ ᠬᠥᠭᠵᠢᠶᠡᠨ ᠲᠠᠢ ᠪᠣᠯᠭᠠᠬᠤ ᠶᠢᠨ ᠲᠥᠯᠥᠭᠡ ᠶᠤᠮ᠃ ᠲᠡᠷᠡ ᠮᠥᠷᠲᠡᠭᠡᠨ ᠥᠪᠥᠷ ᠮᠣᠩᠭᠤᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠣᠨᠴᠠᠯᠢᠭ ᠢᠶᠠᠷ ᠠᠪᠴᠤ ᠬᠡᠯᠡᠪᠡᠯ᠂ ᠮᠠᠨ ᠤ ᠣᠷᠣᠨ ᠤ ᠬᠡᠷᠡᠭᠯᠡᠭᠡ ᠨᠢ ᠪᠥᠬᠦ ᠤᠯᠤᠰ ᠤᠨ ᠲᠣᠮᠣ ᠵᠠᠬ᠎ᠠ ᠳᠡᠯᠭᠡᠭᠦᠷ᠂ ᠢᠯᠠᠩᠭᠤᠶ᠎ᠠ ᠵᠢᠭᠤᠯᠴᠢᠯᠠᠯ ᠤᠨ ᠬᠡᠷᠡᠭᠯᠡᠭᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠡᠷᠡᠭᠯᠡᠭᠡ ᠳᠤ ᠨᠠᠩ ᠢᠯᠡᠭᠦᠤ ᠲᠦᠰᠢᠭᠯᠡᠬᠦ ᠴᠢᠬᠤᠯᠠᠲᠠᠶ ᠶᠤᠮ᠃ ᠵᠤᠭᠠᠴᠠᠯ ᠤᠨ ᠶᠠᠰᠤ ᠴᠢᠨᠠᠷ ᠪᠠ ᠵᠡᠷᠭᠡ ᠳᠡᠰ ᠢ ᠳᠡᠭᠡᠭᠰᠢᠯᠡᠭᠦᠯᠵᠦ᠂ ᠨᠡᠩ ᠤᠯᠠᠨ ᠣᠷᠣᠨ ᠤ ᠭᠠᠳᠠᠨᠠᠬᠢ ᠪᠠ ᠭᠠᠳᠠᠭᠠᠳᠤ ᠶᠢᠨ ᠵᠤᠭᠠᠴᠠᠭᠰᠠᠳ ᠢ ᠲᠠᠲᠠᠵᠤ ᠮᠠᠨ ᠤ ᠣᠷᠣᠨ ᠳᠤ ᠢᠷᠡᠭᠦᠯᠵᠦ ᠬᠡᠷᠡᠭᠯᠡᠭᠡ ᠬᠢᠯᠭᠡᠬᠦ ᠬᠡᠷᠡᠭᠲᠡᠢ︔ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠦᠨ ᠨᠠᠷᠠᠲᠤ ᠲᠥᠷᠥᠯ ᠲᠡᠮᠳᠡᠭᠲᠦ ᠶᠢ ᠡᠭᠦᠳᠴᠦ᠂ ᠨᠠᠩ ᠣᠯᠠᠨ ᠪᠣᠬᠢᠷᠲᠤᠯ ᠥᠬᠡᠶ ᠴᠢᠨᠠᠷ ᠰᠠᠶᠢᠲᠠᠶ ᠪᠦᠲᠦᠭᠡᠭᠳᠡᠬᠦᠨ ᠢ ᠪᠥᠬᠦ ᠤᠯᠤᠰ ᠤᠨ ᠡᠯ᠎ᠡ ᠭᠠᠵᠠᠷ ᠲᠤ ᠬᠤᠳᠠᠯᠳᠤᠬᠤ ᠬᠡᠷᠡᠭᠲᠡᠶ᠂ ᠡᠲᠡᠭᠡᠷ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠴᠦ ︽ᠮᠡᠳᠡᠭᠦᠯᠦᠯᠲᠡ︾᠎ ᠶᠢᠨ ᠪᠤᠰᠤᠳ ᠬᠡᠰᠡᠭ ᠲᠤ ᠪᠠᠶᠢᠷᠢᠯᠠᠭᠤᠯᠪᠠ      ᠬᠥᠲᠥᠯᠥᠭᠴᠢ᠄ 2022 — 02 — 15  15᠄ 04      ᠲᠡᠭᠡᠪᠡᠯ ᠠᠵᠤ ᠦᠢᠯᠡᠰ ᠤᠨ ᠪᠦᠯᠦᠭᠯᠡᠯ ᠪᠠ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠬᠤ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠪᠠᠶᠢᠬᠤ ᠪᠣᠶ︖ ᠯᠢ ᠭᠠᠵᠠᠷ ᠤᠨ ᠳᠠᠷᠤᠭ᠎ᠠ ᠪᠢᠳᠡᠨ ᠳᠤ ᠬᠠᠷᠢᠭᠤᠯᠲᠠ ᠥᠭᠬᠦ ᠪᠣᠯᠪᠠ ᠤᠤ︖      ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 15  15᠄ 04      ᠪᠣᠯᠤᠨ᠎ᠠ᠂ ᠪᠢᠳᠡ ᠬᠡᠳᠦ᠋ᠢᠪᠡᠷ ᠬᠡᠷᠡᠭᠴᠡᠭᠡ ᠲᠠᠢ᠂ ᠨᠥᠬᠦᠴᠡᠯ ᠲᠠᠢ ᠠᠵᠤ ᠦᠢᠯᠡᠰ ᠢ ᠪᠦᠷ ᠬᠢᠵᠦ ᠪᠣᠯᠤᠨ᠎ᠠ ᠭᠡᠳᠡᠭ ᠢ ᠮᠡᠳᠡᠬᠦ ᠪᠣᠯᠪᠠᠴᠤ᠂ ᠪᠢᠳᠡ ᠣᠳᠣᠬᠠᠨ ᠤ ᠱᠠᠲᠤᠨ ᠳᠤ ᠠᠯᠢᠪᠠ ᠠᠵᠤ ᠦᠢᠯᠡᠰ ᠢ ᠪᠦᠷ ᠬᠢᠵᠦ ᠳᠡᠶᠢᠯᠬᠦ ᠦᠭᠡᠶ ᠶᠤᠮ᠂ ᠲᠡᠭᠡᠪᠡᠯ ᠭᠤᠣᠯᠳᠠᠯᠭ᠎ᠠ ᠦᠭᠡᠶ ᠪᠣᠯᠬᠤ ᠪᠥᠭᠡᠳ ᠪᠡᠶᠡᠯᠡᠭᠦᠯᠵᠦ ᠴᠦ ᠳᠡᠶᠢᠯᠬᠦ ᠦᠭᠡᠶ ᠪᠣᠯᠤᠨ᠎ᠠ᠃ ᠶᠡᠷᠦᠩᠬᠡᠶ ᠱᠦᠵᠢ ᠪᠢᠳᠡᠨ ᠳᠤ᠄ ᠥᠪᠡᠷ ᠤᠨ ᠳᠠᠪᠠᠭᠤᠯᠢᠭ ᠬᠦᠷᠢᠶ᠎ᠡ ᠪᠣᠯᠤᠨ ᠬᠦᠷᠦᠯᠴᠡᠬᠦ ᠦᠭᠡᠶ ᠲᠠᠯ᠎ᠠ ᠪᠠᠨ ᠭᠦᠨᠵᠡᠭᠡᠶ ᠵᠠᠳᠠᠯᠵᠤ᠂ ᠠᠵᠤ ᠠᠬᠤᠶ ᠶᠢᠨ ᠬᠥᠭᠵᠢᠯᠲᠡ ᠶᠢᠨ ᠭᠤᠣᠯᠳᠠᠯᠭ᠎ᠠ ᠲᠠᠢ ᠠᠵᠤ ᠦᠢᠯᠡᠰ ᠪᠣᠯᠤᠨ ᠭᠤᠣᠯ ᠰᠢᠪᠲᠤᠯᠤᠯᠲᠠ ᠶᠢᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠪᠤᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠤᠴᠢᠷ ᠠᠴᠠ ᠭᠦᠨᠵᠡᠭᠡᠶ ᠰᠤᠳᠤᠯᠤᠨ ᠶᠠᠷᠢᠯᠴᠠᠬᠤ ᠪᠠᠷ ᠲᠠᠮᠵᠢᠨ᠂ ︽ᠢᠯᠡᠳᠬᠡᠯ︾᠎ ᠳᠤ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠰᠢᠨ᠎ᠡ ᠡᠨᠧᠷᠭᠢ ᠶᠢᠨ ᠰᠤᠷᠪᠤᠯᠵᠢ᠂ ᠰᠢᠨ᠎ᠡ ᠮᠠᠲ᠋ᠧᠷᠢᠶᠠᠯ ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠤᠳᠤ ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠲᠤᠭᠠᠵᠢᠭᠤᠯᠤᠭᠰᠠᠨ ᠠᠵᠤ ᠠᠬᠤᠶ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠠᠵᠤ ᠦᠢᠯᠡᠰ ᠤᠨ ᠪᠥᠭᠡᠮᠨᠡᠷᠡᠯ ᠢ ᠲᠥᠪᠯᠡᠷᠡᠭᠦᠯᠦᠨ ᠪᠤᠢ ᠪᠣᠯᠭᠠᠵᠤ᠂ ᠲᠦᠷᠦᠭᠦᠦ ᠪᠦᠯᠦᠭ ᠲᠤ 12 ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠤᠢ ᠪᠣᠯᠭᠠᠨ᠎ᠠ ᠭᠡᠵᠦ ᠲᠣᠳᠣᠷᠬᠠᠶ ᠳᠤᠷᠠᠳᠤᠨ ᠭᠠᠷᠭᠠᠵᠠᠶ᠃      ᠬᠥᠲᠥᠯᠥᠭᠴᠢ᠄ 2022 — 02 — 15  15᠄ 05      ᠲᠡᠭᠡᠪᠡᠯ ᠲᠠᠷᠢᠶᠠᠯᠠᠩ ᠮᠠᠯ ᠠᠵᠤ ᠠᠬᠤᠶ ᠶᠢᠨ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠪᠠ ᠰᠢᠨ᠎ᠡ ᠳᠤᠷᠠᠳᠤᠯᠭ᠎ᠠ ᠪᠠᠶᠢᠬᠤ ᠪᠣᠶ︖      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ 2022 — 02 — 15  15᠄ 06      ᠮᠠᠨ ᠤ ᠣᠷᠣᠨ ᠪᠣᠯ ᠪᠥᠬᠦ ᠤᠯᠤᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ  ᠦᠢᠯᠡᠳᠪᠦᠷᠢᠯᠡᠯ ᠤᠨ ᠲᠣᠮᠣ ᠣᠷᠣᠨ ᠪᠠᠶᠢᠵᠤ᠂ ᠨᠢᠳᠤᠨᠤᠨ ᠤ ᠠᠮᠤ ᠪᠤᠳᠠᠭᠠᠨ ᠤ ᠤᠨᠠᠯᠲᠠ 768 ᠳ᠋ᠦᠩᠰᠢᠭᠤᠷ ᠵᠢᠩ ᠳᠤ ᠬᠦᠷᠴᠦ᠂ ᠪᠥᠬᠦ ᠤᠯᠤᠰ ᠤᠨ ᠨᠡᠷᠡᠰ ᠤᠨ ᠵᠢᠭᠰᠠᠭᠠᠯᠲᠠ ᠳᠤ ᠵᠢᠷᠭᠤᠳᠤᠭᠠᠷ ᠲᠤ ᠵᠢᠭᠰᠠᠭᠠᠭᠳᠠᠪᠠ︔ ᠦᠨᠢᠶᠡᠨ ᠰᠦ᠋ ᠶᠢᠨ ᠭᠠᠷᠤᠯᠲᠠ 673 ᠲᠦᠮᠡᠨ ᠲᠣᠨ ᠪᠠᠶᠢᠵᠤ᠂ ᠪᠥᠬᠦ ᠤᠯᠤᠰ ᠤᠨ ᠴᠣᠷ ᠤᠨ ᠭᠠᠭᠴᠠ 600 ᠲᠦᠮᠡᠨ ᠲᠣᠨ ᠢ ᠳᠠᠪᠠᠭᠰᠠᠨ ᠮᠤᠵᠢ ᠣᠷᠣᠨ ᠪᠣᠯᠤᠨ᠎ᠠ᠂ ᠪᠥᠬᠦ ᠤᠯᠤᠰ ᠤᠨ ᠠᠷᠠᠳ ᠲᠦᠮᠡᠨ ᠤ ᠤᠤᠭᠤᠬᠤ ᠦᠨᠢᠶᠡᠨ ᠰᠦ᠋ ᠶᠢᠨ 5 ᠴᠣᠮᠣ ᠪᠦᠷᠢ ᠶᠢᠨ 1 ᠴᠣᠮᠣ ᠨᠢ ᠮᠠᠨ ᠤ ᠣᠷᠣᠨ ᠤ ᠬᠢ ᠪᠣᠯᠤᠨ᠎ᠠ︔ ᠦᠬᠡᠷ ᠤᠨ ᠮᠢᠬ᠎ᠠ᠂ ᠬᠤᠨᠢᠨ ᠮᠢᠬ᠎ᠠ᠂ ᠢᠮᠠᠭᠠᠨ ᠨᠣᠯᠤᠤᠷ᠂ ᠲᠡᠵᠢᠭᠡᠯ ᠡᠪᠡᠰᠦᠨ ᠤ ᠭᠠᠷᠤᠯᠲᠠ ᠴᠥᠮ ᠪᠦᠬᠦ ᠤᠯᠤᠰ ᠤᠨ ᠲᠡᠷᠢᠭᠦᠨ ᠳᠤ ᠣᠷᠣᠵᠤ᠂ ᠥᠪᠥᠷ ᠮᠣᠩᠭᠤᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠪᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠳᠤ ᠲᠦᠢᠯ ᠤᠨ ᠴᠢᠬᠤᠯᠠ ᠪᠠᠶᠢᠷᠢ ᠰᠠᠭᠤᠷᠢ ᠲᠠᠢ ᠶᠤᠮ᠂ ᠡᠨᠡ ᠪᠣᠯ ᠥᠪᠥᠷ ᠮᠣᠩᠭᠤᠯ ᠤᠨ ᠳᠠᠪᠠᠭᠤᠯᠢᠭ ᠲᠠᠯ᠎ᠠ ᠪᠣᠯᠤᠨ᠎ᠠ᠂ ᠮᠥᠨᠴᠦ ᠪᠢᠳᠡᠨ ᠤ ᠡᠷᠬᠡᠪᠰᠢ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠪᠣᠯᠤᠨ᠎ᠠ᠃ ᠡᠭᠦᠨ ᠤ ᠬᠠᠮᠲᠤ ᠪᠢᠳᠡ ᠪᠠᠰᠠ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠃ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠣᠳᠣᠬᠠᠨ ᠳᠤ ᠪᠠᠰᠠ ᠳᠣᠣᠷ᠎ᠠ ᠲᠦᠪᠰᠢᠨ ᠤ᠂ ᠪᠦᠳᠦᠭᠦᠯᠢᠭ ᠬᠥᠭᠵᠢᠯᠲᠡ ᠶᠢᠨ ᠱᠠᠲᠤᠨ ᠳᠤ ᠣᠷᠣᠰᠢᠵᠤ᠂ ᠡᠬᠢ ᠪᠠᠶᠠᠯᠢᠭ ᠣᠷᠴᠢᠨ ᠠᠬᠤᠶ ᠢᠯᠠᠩᠭᠤᠶ᠎ᠠ ᠤᠰᠤᠨ ᠤ ᠡᠬᠢ ᠪᠠᠶᠠᠯᠢᠭ ᠤᠨ ᠵᠠᠷᠤᠴᠠᠭᠤᠯᠬᠤ ᠦᠨ᠎ᠡ ᠥᠷᠲᠡᠭ ᠨᠢ ᠬᠡᠲᠦ ᠶᠡᠭᠡ᠂  ᠦᠢᠯᠡᠳᠪᠦᠷᠢᠯᠡᠯ ᠤᠨ ᠥᠪᠡᠷ ᠤᠨ ᠥᠷᠲᠡᠭ ᠨᠢ ᠬᠡᠲᠦ ᠥᠨᠳᠥᠷ ᠪᠣᠯᠬᠤᠷ ᠡᠷᠬᠡᠪᠰᠢ ᠬᠡᠯᠪᠡᠷᠢ ᠪᠠᠨ ᠲᠦᠷᠭᠡᠪᠴᠢᠯᠡᠨ ᠬᠤᠪᠢᠷᠠᠭᠤᠯᠬᠤ ᠬᠡᠷᠡᠭᠲᠡᠶ᠂ ᠡᠶᠢᠮᠦ ᠠᠴᠠ ︽ᠢᠯᠡᠳᠬᠡᠯ︾᠎ ᠳᠤ ᠲᠥᠷᠥᠯ ᠵᠦᠢᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠨᠠᠩ ᠢᠯᠡᠭᠦᠤ ᠴᠢᠬᠤᠯᠠᠴᠢᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠡᠷᠴᠢᠮᠵᠢᠭᠦᠯᠬᠦ᠂ ᠬᠡᠪᠴᠢᠶᠡᠵᠢᠭᠦᠯᠬᠦ᠂ ᠳᠡᠭᠡᠳᠦ ᠲᠠᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠶᠡᠭᠡ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢᠶᠠᠷ ᠬᠦᠴᠦᠷᠬᠡᠭ ᠣᠷᠣᠨ ᠳᠠᠰᠢ ᠤᠷᠤᠭᠰᠢᠯᠠᠬᠤ ᠶᠢ ᠠᠬᠢᠭᠤᠯᠤᠨ᠎ᠠ ᠭᠡᠵᠦ ᠳᠤᠷᠠᠳᠤᠨ ᠭᠠᠷᠭᠠᠵᠠᠶ᠃      ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 15  15᠄ 07      ᠪᠠᠰᠠ ᠵᠢᠱᠢᠶᠡᠯᠡᠪᠡᠯ ᠰᠢᠨ᠎ᠡ ᠡᠨᠧᠷᠭᠢ ᠶᠢᠨ ᠰᠤᠷᠪᠤᠯᠵᠢ ᠪᠠᠷ ᠠᠪᠴᠤ ᠬᠡᠯᠡᠪᠡᠯ᠂ ᠡᠨᠡ ᠵᠢᠯ ᠰᠢᠨ᠎ᠡ ᠡᠨᠧᠷᠭᠢ ᠶᠢᠨ ᠰᠤᠷᠪᠤᠯᠵᠢ ᠶᠢᠨ ᠲᠣᠣᠷ ᠲᠤ ᠨᠡᠶᠢᠯᠡᠭᠦᠯᠬᠦ ᠬᠡᠪᠴᠢᠶ᠎ᠡ ᠶᠢ 2000 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠲᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠬᠤᠪᠢ ᠶᠢᠨ ᠵᠢᠩ ᠢ 40%᠎ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ᠪᠢᠳᠡ ᠡᠨᠡ ᠬᠦ ᠬᠠᠷᠠᠯᠲᠠ ᠶᠢ ᠶᠠᠭᠠᠬᠢᠭᠰᠠᠨ ᠴᠤ ᠪᠠᠰᠤᠵᠤ ᠪᠣᠯᠬᠤ ᠦᠭᠡᠢ᠃ ᠤᠴᠢᠷ ᠨᠢ ᠮᠠᠨ ᠤ ᠣᠷᠣᠨ ᠤ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢᠭᠡᠨᠲᠡ 1 ᠳ᠋ᠦᠩᠰᠢᠭᠤᠷ ᠺᠢᠯᠣᠸᠠᠲ ᠲᠤ ᠬᠦᠷᠴᠦ᠂ ᠶᠡᠷᠦᠩᠬᠡᠶ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ 1.5 ᠳ᠋ᠦᠩᠰᠢᠭᠤᠷ ᠺᠢᠯᠣᠸᠠᠲ ᠢ ᠳᠠᠪᠠᠵᠤ᠂ ᠰᠠᠭᠤᠷᠢ ᠬᠡᠮᠵᠢᠶ᠎ᠡ ᠨᠢ ᠮᠠᠰᠢ ᠥᠨᠳᠥᠷ ᠪᠠᠶᠢᠵᠤ᠂ ᠪᠥᠬᠦ ᠤᠯᠤᠰ ᠤᠨ ᠪᠠᠶᠢᠷᠢᠰᠢᠯ ᠳᠤ ᠴᠤ ᠨᠢᠭᠡ ᠬᠤᠶᠠᠷ ᠲᠤ ᠣᠷᠣᠨ᠎ᠠ᠂ ᠡᠶᠢᠮᠦ ᠠᠴᠠ ᠮᠠᠨ ᠤ ᠣᠷᠣᠨ ᠤ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠬᠤᠪᠢ ᠶᠢᠨ ᠵᠢᠩ ᠢ 40% ᠪᠠ ᠪᠤᠰᠤᠳ ᠮᠤᠵᠢ ᠣᠷᠣᠨ ᠤ ᠬᠢ ᠶᠢ 40% ᠬᠦᠷᠲᠡᠯ᠎ᠡ ᠳᠡᠭᠡᠭᠰᠢᠯᠡᠭᠦᠯᠦᠭᠰᠡᠨ ᠨᠢ ᠨᠢᠭᠡ ᠤᠬᠠᠭᠳᠠᠬᠤᠨ ᠪᠢᠰᠢ᠂ ᠨᠢᠭᠡ ᠬᠡᠮᠵᠢᠶ᠎ᠡ ᠶᠢᠨ ᠲᠠᠰ ᠴᠤ ᠪᠢᠰᠢ᠂ ᠪᠥᠬᠦ ᠤᠯᠤᠰ ᠤᠨ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢᠨ ᠬᠤᠪᠢᠷᠠᠯᠲᠠ ᠳᠤ ᠴᠥᠮ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠡᠭᠦᠨ ᠠᠴᠠ ᠦᠵᠡᠬᠦ ᠳᠤ᠂ ᠮᠠᠨ ᠤ ᠣᠷᠣᠨ ᠤ ᠰᠢᠨ᠎ᠡ ᠡᠨᠧᠷᠭᠢ ᠶᠢᠨ ᠬᠥᠭᠵᠢᠯᠲᠡ ᠶᠢᠨ ᠡᠷᠴᠢᠮ ᠤᠨ ᠶᠡᠭᠡ᠂ ᠬᠠᠨᠳᠤᠰᠢ ᠶᠢᠨ ᠲᠦᠷᠭᠡᠨ ᠨᠢ ᠤᠷᠢᠳ ᠡᠮᠦᠨ᠎ᠡ ᠪᠠᠶᠢᠭ᠎ᠠ ᠥᠬᠡᠶ᠂ ᠡᠯ᠎ᠡ ᠮᠤᠵᠢ ᠳᠤ ᠪᠠᠶᠢᠭ᠎ᠠ ᠥᠬᠡᠶ ᠶᠤᠮ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ 2022 — 02 — 15  15᠄ 10      ᠡᠭᠦᠨ ᠠᠴᠠ ᠭᠠᠳᠠᠨ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠪᠠᠰᠠ ᠴᠤ ᠮᠠᠨ ᠤ ᠡᠨᠡ ᠵᠢᠯ ᠤᠨ ᠢᠯᠡᠳᠬᠡᠯ ᠳᠠᠬᠢ ᠨᠢᠭᠡᠨ ᠬᠢᠯᠠᠰ ᠴᠡᠭ ᠮᠥᠨ᠂ ︽ᠢᠯᠡᠳᠬᠡᠯ︾᠎ ᠳᠤ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠲᠡᠷᠢᠭᠦᠨ ᠤ ᠬᠢ ᠠᠴᠠ ᠰᠤᠷᠤᠯᠴᠠᠵᠤ᠂ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠡᠰ ᠳᠡᠪᠰᠢᠭᠰᠡᠨ ᠬᠡᠪ ᠵᠠᠭᠪᠤᠷ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭᠠᠵᠠᠶ᠃ ᠥᠭᠡᠷ᠎ᠡ ᠪᠠᠷ ᠬᠡᠯᠡᠪᠡᠯ ᠮᠠᠨ ᠤ ᠥᠪᠡᠷᠲᠡᠭᠡᠨ ᠵᠠᠰᠠᠬᠤ ᠣᠷᠣᠨ ᠲᠡᠷᠢᠭᠦᠨ ᠤ ᠭᠠᠵᠠᠷ ᠣᠷᠣᠨ ᠠᠴᠠ ᠲᠡᠷᠢᠭᠦᠨ ᠤ ᠬᠢᠳᠡᠯ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠬᠤ ᠬᠡᠷᠡᠭᠲᠡᠶ᠃ ᠮᠡᠳᠡᠭᠦᠯᠦᠯᠲᠡ ᠳᠤ ᠳᠠᠷᠤᠶ ᠮᠠᠰᠢ ᠣᠯᠠᠨ ᠰᠢᠨ᠎ᠡ ᠶᠢ ᠡᠭᠦᠳᠬᠦ ᠴᠢᠨᠠᠷᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ᠂ ᠵᠢᠱᠢᠶᠡᠯᠡᠪᠡᠯ ᠬᠥᠬᠡᠬᠤᠲᠠ ᠪᠤᠭᠤᠲᠤ ᠣᠷᠳᠣᠰ ᠦᠵᠦᠭᠦᠷ ᠲᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠷᠬᠡ ᠶᠢᠨ ᠵᠦᠢᠯᠡᠰ ᠢ ᠪᠥᠬᠦ ᠲᠠᠯ᠎ᠠ ᠪᠠᠷ ᠳᠣᠷᠣᠭᠰᠢ ᠪᠠᠭᠤᠯᠭᠠᠬᠤ ᠲᠤᠷᠰᠢᠯᠲᠠ ᠶᠢ ᠥᠷᠨᠢᠭᠦᠯᠬᠦ ᠪᠠᠷ ᠳᠤᠷᠠᠳᠤᠨ ᠭᠠᠷᠭᠠᠪᠠ︔ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾᠎ ᠶᠢ ᠡᠬᠢᠯᠡᠭᠦᠯᠦᠨ᠎ᠡ︔ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ︽ᠨᠢᠭᠡ ᠯᠡ ᠤᠲᠠᠰᠤ ᠪᠠᠷ ᠨᠡᠪᠲᠡᠷᠡᠭᠦᠯᠬᠦ︾᠎ ᠶᠢ ᠳᠥᠯᠭᠢᠨ ᠠᠬᠢᠭᠤᠯᠬᠤ ᠶᠢ ᠳᠤᠷᠠᠳᠤᠨ ᠭᠠᠷᠭᠠᠭᠰᠠᠨ ᠨᠢ ᠳᠠᠷᠤᠶ ᠲᠡᠷᠢᠭᠦᠨ ᠤ ᠬᠢ ᠲᠠᠢ ᠨᠢᠭᠤᠷᠯᠠᠨ᠂ ᠬᠠᠷᠠᠯᠲᠠ ᠪᠠᠨ ᠣᠨᠢᠯᠠᠵᠤ᠂ ᠱᠠᠯᠠᠮᠠᠭᠠᠶᠢᠯᠠᠨ ᠤᠷᠤᠭᠰᠢᠯᠠᠵᠤ ᠱᠠᠯᠠᠮᠠᠭᠠᠶᠢᠯᠠᠨ ᠨᠡᠬᠡᠬᠦ ᠶᠠᠪᠤᠳᠠᠯ ᠪᠣᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠡᠩ ᠰᠠᠶᠢᠨ ᠦᠢᠯᠡᠴᠢᠯᠡᠬᠦ ᠶᠢᠨ ᠲᠥᠯᠥᠭᠡ ᠶᠤᠮ᠂ ︽ᠢᠯᠡᠳᠬᠡᠯ︾᠎ ᠤᠨ ᠳᠣᠲᠣᠷᠠᠬᠢ ᠨᠢᠭᠡ ᠪᠠᠳᠠᠭ ᠦᠭᠡ ᠨᠢ ᠨᠡᠶᠢᠭᠡᠮ ᠳᠡᠭᠡᠷ᠎ᠡ ᠥᠷᠭᠡᠨ ᠢᠶᠠᠷ ᠶᠠᠷᠢᠯᠴᠠᠬᠤ ᠬᠠᠯᠠᠮᠰᠢᠯ ᠢ ᠪᠤᠢ ᠪᠣᠯᠭᠠᠵᠠᠶ᠂ ᠡᠨᠡ ᠪᠠᠳᠠᠭ ᠦᠭᠡ ᠶᠢ ᠢᠩᠭᠢᠵᠦ ᠶᠠᠷᠢᠭᠰᠠᠨ ᠶᠤᠮ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠴᠤ ᠲᠡᠷᠡ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠴᠤ ᠲᠡᠷᠡ᠂ ᠬᠡᠳᠦᠶ ᠬᠦᠴᠢᠷᠳᠡᠯ ᠲᠠᠢ ᠦᠶ᠎ᠡ ᠳᠤ ᠴᠦ ᠲᠡᠷᠡ᠂ ᠵᠠᠰᠠᠭ ᠤᠨ ᠣᠷᠳᠣᠨ ᠤᠯᠠᠮ ᠢᠯᠡᠭᠦᠦ ᠨᠢᠭᠡᠳᠦᠭᠡᠷ ᠬᠠᠷᠢᠭᠤᠴᠠᠯᠭᠠᠲᠠᠨ ᠪᠤᠯᠵᠤ᠂ ᠨᠢᠭᠡ ᠬᠤᠪᠢ ᠬᠦᠴᠦ ᠬᠠᠪᠰᠤᠷᠴᠤ᠂ ᠵᠠᠰᠠᠭ ᠤᠨ ᠣᠷᠳᠣᠨ ᠪᠣᠯᠤᠨ ᠠᠵᠤ ᠠᠬᠤᠶᠢᠯᠠᠯ ︽ᠰᠠᠳᠤᠨ ᠤ ᠶᠣᠰᠣ ᠭᠤᠷᠢᠮ ᠠᠴᠠ ᠬᠡᠲᠦᠷᠡᠬᠦ ᠦᠭᠡᠢ ᠪᠣᠯᠪᠠᠰᠤ ᠰᠡᠶᠢᠠ ᠤ ᠵᠠᠶ ᠠᠴᠠ ᠬᠤᠯᠠ ᠦᠭᠡᠢ︾᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠣᠮᠤᠭ ᠵᠣᠷᠢᠭ ᠲᠡᠭᠦᠯᠳᠡᠷ ᠢᠶᠠᠷ ᠳᠡᠮᠵᠢᠬᠦ ᠬᠡᠷᠡᠭᠲᠡᠶ᠃ ᠡᠨᠡ ᠦᠭᠡ ᠨᠢ ᠠᠷᠠᠳ ᠤᠨ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠳᠤ ︽ᠰᠡᠳᠬᠢᠯ ᠢ ᠠᠮᠤᠷᠵᠢᠭᠤᠯᠬᠤ︾᠎ ᠶᠢᠨ ᠬᠠᠮᠲᠤ ᠪᠠᠰᠠ ᠵᠠᠰᠠᠭ ᠤᠨ ᠣᠷᠳᠣᠨ ᠤ ᠣᠪᠣᠷ᠂ ᠡᠷᠡᠰ ᠵᠣᠷᠢᠭ ᠢ ᠲᠣᠳᠣᠷᠬᠠᠶ ᠬᠠᠷᠠᠭᠤᠯᠵᠠᠶ᠃      ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 15  15᠄ 12     ᠪᠠᠰᠠ ᠵᠢᠱᠢᠶᠡᠯᠡᠪᠡᠯ ᠣᠷᠣᠨ ᠪᠦᠰᠡ ᠶᠢ ᠵᠣᠬᠢᠴᠠᠩᠭᠤᠶ ᠪᠠᠷ ᠬᠥᠭᠵᠢᠭᠦᠯᠦᠨ᠎ᠡ᠃ ᠮᠠᠨ ᠤ ᠣᠷᠣᠨ ᠤ ᠭᠠᠵᠠᠷ ᠨᠤᠲᠤᠭ ᠥᠷᠭᠡᠨ ᠠᠭᠤᠳᠠᠮ᠂ ᠭᠠᠵᠠᠷ ᠣᠷᠣᠨ ᠨᠢᠭᠡᠪᠦᠷᠢ ᠶᠢᠨ ᠡᠬᠢ ᠪᠠᠶᠠᠯᠢᠭ ᠤᠨ ᠲᠥᠷᠥᠯᠬᠢ ᠠᠪᠢᠶᠠᠰ ᠪᠠ ᠳᠤᠲᠠᠭᠤᠳᠠᠯ ᠨᠢ ᠴᠥᠮ ᠠᠳᠠᠯᠢ ᠥᠬᠡᠶ ᠪᠠᠶᠢᠳᠠᠭ᠃ ᠶᠡᠷᠦᠩᠬᠡᠢ ᠱᠦᠵᠢ ᠥᠪᠥᠷ ᠮᠣᠩᠭᠤᠯ ᠳᠤ᠂ ᠵᠡᠭᠦᠨ᠂ ᠳᠤᠮᠳᠠ᠂ ᠪᠠᠷᠠᠭᠤᠨ ᠣᠷᠣᠨ ᠢ ᠨᠢᠭᠡᠳᠦᠯᠲᠡᠢ ᠲᠥᠯᠥᠪᠵᠢᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠶᠠᠷᠢᠵᠤ ᠥᠩᠭᠡᠷᠡᠪᠡ᠃ ᠡᠶᠢᠮᠦ ᠠᠴᠠ ᠪᠢᠳᠡ ᠪᠡᠶᠡᠴᠢ ᠴᠣᠭᠴᠠ ᠶᠢᠨ ᠴᠢᠳᠠᠮᠵᠢᠳᠤ ᠣᠷᠣᠨ ᠤ ᠪᠠᠶᠢᠷᠢ ᠲᠣᠭᠲᠠᠭᠠᠯᠲᠠ ᠶᠣᠰᠣᠭᠠᠷ᠂ ᠡᠯ᠎ᠡ ᠭᠠᠵᠠᠷ ᠤᠨ ᠳᠠᠪᠠᠭᠤᠯᠢᠭ ᠣᠨᠴᠠᠯᠢᠭ ᠲᠤ ᠰᠠᠭᠤᠷᠢᠯᠠᠨ᠂ ︽ᠢᠯᠡᠳᠬᠡᠯ︾᠎ ᠳᠤ 12 ᠠᠶᠢᠮᠠᠭ ᠬᠤᠳᠠ ᠶᠢ ᠪᠦᠬᠦᠨ ᠢ ᠳᠤᠷᠠᠳᠤᠨ ᠭᠠᠷᠭᠠᠵᠤ᠂ ᠡᠯ᠎ᠡ ᠠᠶᠢᠮᠠᠭ ᠬᠤᠳᠠ ᠶᠢᠨ ᠲᠤᠰ ᠪᠡᠶ᠎ᠡ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠪᠠᠶᠢᠷᠢ ᠲᠣᠭᠲᠠᠭᠠᠯᠲᠠ ᠪᠠ ᠴᠢᠭᠯᠡᠯ ᠲᠡᠶᠢᠰᠢ ᠬᠥᠭᠵᠢᠬᠦ ᠶᠢ ᠲᠡᠮᠵᠢᠵᠤ᠂ ᠪᠦᠬᠦ ᠣᠷᠣᠨ ᠤ ᠡᠯ᠎ᠡ ᠭᠠᠵᠠᠷ ᠤᠨ ᠥᠷᠢᠰᠥᠯᠳᠦᠨ ᠬᠥᠭᠵᠢᠭᠰᠡᠨ ᠠᠮᠢᠳᠤᠯᠢᠭ ᠪᠠᠶᠢᠳᠠᠯ ᠢ ᠪᠤᠢ ᠪᠣᠯᠭᠠᠪᠠ᠃      ᠬᠥᠲᠥᠯᠥᠭᠴᠢ 2022 — 02 — 15  15᠄ 13      ᠪᠢᠳᠡᠨ ᠤ ᠮᠡᠳᠡᠭᠡᠵᠢ ᠪᠠᠷ᠂ ᠠᠷᠠᠳ ᠤᠨ ᠠᠮᠢᠳᠤᠷᠠᠯ ᠤᠨ ᠠᠵᠢᠯ ᠪᠣᠯ ᠨᠡᠶᠢᠭᠡᠮ ᠤᠨ ᠠᠩᠬᠠᠷᠤᠯ ᠤᠨ ᠭᠤᠣᠯᠳᠠᠯᠭ᠎ᠠ ᠪᠣᠯᠤᠨ᠎ᠠ᠂ ᠡᠨᠡ ᠵᠢᠯ ᠥᠪᠡᠷᠲᠡᠭᠡᠨ ᠵᠠᠰᠠᠬᠤ ᠣᠷᠣᠨ ᠠᠷᠠᠳ ᠤᠨ ᠠᠮᠢᠳᠤᠷᠠᠯ ᠤᠨ ᠶᠠᠮᠠᠷ ᠶᠠᠮᠠᠷ ᠪᠣᠳᠠᠲᠠᠢ ᠶᠠᠪᠤᠳᠠᠯ ᠢ ᠭᠤᠣᠯᠳᠠᠯᠭ᠎ᠠ ᠲᠠᠢ ᠰᠠᠶᠢᠲᠤᠷ ᠬᠢᠬᠦ ᠪᠠᠷ ᠪᠡᠯᠡᠳᠬᠡᠵᠦ ᠪᠠᠶᠢᠬᠤ ᠪᠤᠢ︖      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ 2022 — 02 — 15  15᠄ 13      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠨᠴᠠᠭᠠᠶᠢᠯᠠᠨ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠡᠨᠡ ᠵᠢᠯ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠠᠯᠢ ᠤᠯᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠣᠨᠣᠪᠴᠢᠲᠠᠢ ᠥᠷᠨᠢᠭᠦᠯᠦᠨ᠎ᠡ᠃ ᠠᠵᠢᠯ ᠣᠯᠭᠤᠯᠲᠠ ᠪᠠᠷ ᠠᠪᠴᠤ ᠬᠡᠯᠡᠪᠡᠯ᠂ ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠠᠵᠢᠯ ᠣᠯᠭᠤᠯᠲᠠ ᠪᠠ ᠠᠷᠠᠳ ᠤᠨ ᠠᠮᠢᠳᠤᠷᠠᠯ ᠢ ᠪᠠᠲᠤᠯᠠᠬᠤ ᠳᠤ ᠡᠩ ᠲᠡᠷᠢᠭᠦᠨ ᠳᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ ᠬᠡᠷᠡᠭᠲᠡᠶ᠃ ᠡᠨᠡ ᠪᠣᠯ ᠡᠨᠡ ᠵᠢᠯ ᠤᠨ ︽ᠢᠯᠡᠳᠬᠡᠯ︾᠎ ᠳᠤ ᠳᠤᠷᠠᠳᠤᠭᠰᠠᠨ ᠢᠯᠡ ᠲᠣᠳᠣᠷᠬᠠᠶ ᠦᠵᠡᠯᠲᠡ ᠮᠥᠨ᠂ ︽ᠢᠯᠡᠳᠬᠡᠯ︾᠎ ᠳᠤ ᠠᠵᠤ ᠠᠬᠤᠶᠢᠯᠠᠯ ᠢ ᠲᠣᠭᠲᠠᠪᠤᠷᠢᠵᠢᠭᠤᠯᠬᠤ ᠪᠠᠷ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠤ ᠠᠬᠤᠶᠢᠯᠠᠯ ᠢ ᠪᠠᠲᠤᠯᠠᠬᠤ ᠪᠠᠷ ᠠᠵᠢᠯ ᠣᠯᠭᠤᠯᠲᠠ ᠶᠢ ᠪᠠᠲᠤᠯᠠᠵᠤ᠂ ᠢᠯᠠᠩᠭᠤᠶ᠎ᠠ ᠠᠵᠢᠯ ᠣᠯᠭᠤᠯᠲᠠ ᠶᠢᠨ ᠳᠠᠶᠢᠴᠢᠯᠠᠬᠤ ᠬᠦᠴᠦᠨ ᠢᠶᠠᠷ ᠴᠢᠩᠭ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠠᠵᠢᠯ ᠣᠯᠭᠤᠯᠲᠠ ᠶᠢᠨ ᠳᠠᠶᠢᠴᠢᠯᠠᠬᠤ ᠬᠡᠪᠴᠢᠶ᠎ᠡ ᠪᠠᠷ ᠥᠷᠭᠡᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠶᠡᠭᠡ ᠪᠠᠷ ᠲᠡᠳᠬᠦᠨ ᠲᠡᠮᠵᠢᠵᠤ᠂ ᠠᠵᠤ ᠠᠬᠤᠶ ᠶᠢᠨ ᠨᠡᠮᠡᠭᠳᠡᠯ ᠤᠨ ᠠᠵᠢᠯ ᠣᠯᠭᠤᠯᠲᠠ ᠶᠢᠨ ᠳᠠᠶᠢᠴᠢᠯᠠᠬᠤ ᠬᠦᠴᠦᠨ ᠢ ᠳᠡᠭᠡᠭᠰᠢᠯᠡᠭᠦᠯᠬᠦ ᠬᠡᠷᠡᠭᠲᠡᠶ ᠭᠡᠰᠡᠨ ᠡᠶᠢᠮᠦ ᠨᠢᠭᠡ ᠪᠠᠳᠠᠭ ᠦᠭᠡ ᠪᠠᠶᠢᠳᠠᠭ᠃ ᠡᠭᠦᠨ ᠤ ᠵᠡᠷᠭᠡ ᠳᠤ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠵᠢᠯ ᠣᠯᠭᠤᠯᠲᠠ ᠶᠢᠨ ᠰᠠᠭᠤᠷᠢᠨ ᠭᠠᠵᠠᠷ ᠪᠠ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠪᠠᠷ ᠳᠠᠮᠵᠢᠭᠤᠯᠤᠨ᠂ ᠶᠡᠭᠡ ᠬᠡᠪᠴᠢᠶᠡᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠣᠶᠤᠨᠴᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ ᠬᠡᠷᠡᠭᠯᠡᠵᠦ᠂ ᠬᠠᠩᠭᠠᠯᠭ᠎ᠠ ᠬᠡᠷᠡᠭᠴᠡᠭᠡ ᠶᠢᠨ ᠵᠣᠯᠭᠠᠯᠴᠠᠭ᠎ᠠ ᠶᠢ ᠪᠦᠲᠦᠮᠵᠢᠲᠡᠶ ᠵᠣᠬᠢᠶᠠᠨ ᠪᠠᠶᠢᠭᠤᠯᠵᠤ᠂ ᠨᠠᠩ ᠣᠯᠠᠨ ᠬᠥᠳᠡᠯᠮᠦᠷᠢᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠬᠠᠪᠰᠤᠷᠤᠨ᠎ᠠ᠃ ᠢᠯᠠᠩᠭᠤᠶ᠎ᠠ ᠬᠥᠮᠦᠰ ᠤᠨ ᠠᠩᠬᠠᠷᠤᠯ ᠢ ᠲᠠᠲᠠᠭᠰᠠᠨ ᠵᠦᠢᠯ ᠭᠡᠪᠡᠯ᠂ ︽ᠢᠯᠡᠳᠬᠡᠯ︾᠎ ᠳᠤ ᠲᠦᠷᠭᠡᠨ ᠬᠦᠷᠭᠡᠯᠲᠡ ᠶᠢᠨ ᠪᠢᠴᠢᠬᠠᠨ ᠠᠬ᠎ᠠ᠂ ᠬᠦᠷᠭᠡᠳᠡᠭ ᠬᠤᠭᠤᠯᠠᠨ ᠤ ᠮᠣᠷᠢᠲᠠᠨ ᠵᠡᠷᠭᠡ ᠠᠮᠢᠳᠤᠯᠢᠭ ᠠᠵᠢᠯ ᠣᠯᠭᠤᠯᠲᠠ ᠶᠢᠨ ᠬᠠᠮᠲᠤᠯᠢᠭ ᠢ ᠣᠨᠴᠠᠭᠠᠶᠢᠯᠠᠨ ᠠᠩᠬᠠᠷᠴᠤ᠂ ᠲᠡᠳᠡᠨ ᠤ ᠨᠡᠶᠢᠭᠡᠮ ᠤᠨ ᠪᠠᠲᠤᠯᠠᠭ᠎ᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠴᠢᠷᠮᠠᠶᠢᠨ ᠠᠵᠢᠯᠯᠠᠵᠤ ᠪᠠᠶᠢᠭ᠎ᠠ ᠬᠥᠮᠦᠨ ᠨᠢᠭᠡᠪᠦᠷᠢ ᠶᠢ ᠴᠥᠮ ᠠᠵᠢᠯ ᠳᠠᠭᠠᠨ ᠨᠡᠷ᠎ᠡ ᠬᠦᠨᠳᠦᠲᠡᠶ᠂ ᠠᠮᠢᠳᠤᠷᠠᠯ ᠳᠤᠨᠢ ᠪᠠᠲᠤᠯᠠᠭ᠎ᠠ ᠲᠠᠢ᠂ ᠬᠦᠷᠲᠡᠮᠵᠢ ᠶᠢᠨ ᠲᠦᠷᠦᠭᠳᠡᠯ ᠲᠠᠢ ᠪᠣᠯᠭᠠᠬᠤ ᠬᠡᠷᠡᠭᠲᠡᠶ᠃      ᠬᠥᠲᠥᠯᠥᠭᠴᠢ᠄ 2022 — 02 — 15  15᠄ 14      ᠲᠡᠭᠡᠪᠡᠯ ᠰᠤᠷᠭᠠᠨ ᠬᠥᠮᠦᠵᠢᠯ ᠤᠨ ᠲᠠᠯ᠎ᠠ ᠪᠠᠷ ᠶᠠᠮᠠᠷ ᠪᠤᠢ︖ ᠮᠢᠨᠦ ᠪᠤᠳᠤᠬᠤ ᠪᠠᠷ ᠡᠨᠡ ᠪᠣᠯ ᠥᠷᠭᠡᠨ ᠤᠯᠠᠨ ᠰᠦᠯᠵᠢᠶᠡᠨ ᠤ ᠨᠠᠶᠢᠵᠠ ᠨᠠᠷ ᠤᠨ ᠬᠠᠮᠤᠭ ᠠᠴᠠ ᠢᠯᠡᠭᠦᠦ ᠠᠩᠬᠠᠷᠴᠤ ᠪᠠᠶᠢᠭ᠎ᠠ ᠰᠡᠳᠦᠪ ᠪᠣᠯᠤᠨ᠎ᠠ᠂ ᠤᠴᠢᠷ ᠨᠢ ᠠᠶᠢᠯ ᠪᠣᠯᠭᠠᠨ ᠪᠦᠷ ᠪᠢᠴᠢᠭ ᠦᠵᠡᠵᠦ ᠪᠠᠶᠢᠭ᠎ᠠ ᠬᠡᠦᠬᠡᠳ ᠲᠠᠢ ᠶᠤᠮ᠃      ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 1515᠄ 14      ᠲᠡᠶᠢᠮᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠪᠠ ᠠᠯᠪᠠᠨ ᠠᠴᠠ ᠡᠷᠭᠢᠯᠡᠭᠰᠡᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠠᠷᠠᠳ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠵᠢᠷᠤᠮᠵᠢᠭᠤᠯᠤᠨ᠂ ᠠᠷᠠᠳ ᠠᠴᠠ ᠡᠷᠭᠢᠯᠡᠭᠰᠡᠨ ᠪᠠᠭ᠎ᠠ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠬᠥᠮᠦᠨ ᠤ ᠲᠤᠭ᠎ᠠ ᠶᠢᠨ ᠬᠤᠪᠢ ᠶᠢᠨ ᠵᠢᠩ ᠢ ᠠᠯᠬᠤᠮ ᠠᠯᠬᠤᠮ ᠢᠶᠠᠷ 5%᠎ ᠶᠢᠨ ᠳᠣᠲᠣᠷ᠎ᠠ ᠬᠦᠷᠲᠡᠯ᠎ᠡ ᠪᠠᠭᠤᠷᠠᠭᠤᠯᠵᠤ᠂ ︽ᠬᠤᠶᠠᠷ ᠢ ᠪᠠᠭᠠᠰᠬᠠᠬᠤ︾ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠳᠥᠯᠭᠢᠨ ᠠᠬᠢᠭᠤᠯᠵᠤ᠂ ᠬᠡᠤᠬᠡᠳ ᠨᠢᠭᠡᠪᠦᠷᠢ ᠶᠢ ᠴᠥᠮ ᠣᠶᠢᠷ᠎ᠠ ᠬᠠᠪᠢ ᠳᠠᠭᠠᠨ ᠰᠠᠶᠢᠨ ᠰᠤᠷᠭᠠᠭᠤᠯᠢ ᠳᠤ ᠣᠷᠣᠭᠤᠯᠬᠤ ᠪᠠᠷ ᠴᠢᠷᠮᠠᠶᠢᠨ᠎ᠠ᠃ ᠪᠠᠰᠠ ᠨᠢᠭᠡᠨ ᠭᠤᠣᠯᠳᠠᠯᠭ᠎ᠠ ᠲᠠᠢ ᠢᠨᠵᠧᠨᠧᠷᠢᠩ ᠢ ᠡᠬᠢᠯᠡᠭᠦᠯᠵᠦ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠭᠦᠯᠵᠦ᠂ ᠲᠦᠷᠢᠮ ᠤᠨ ᠬᠤᠪᠢᠷᠠᠯᠲᠠ ᠪᠠᠷ ᠴᠢᠳᠠᠪᠤᠷᠢᠲᠠᠨ ᠢ ᠰᠢᠨᠵᠢᠯᠡᠬᠦ ᠤᠬᠠᠭᠠᠨᠴᠢ ᠪᠠᠷ ᠬᠥᠮᠦᠵᠢᠭᠦᠯᠬᠦ᠂ ᠪᠦᠬᠦ ᠲᠠᠯ᠎ᠠ ᠪᠠᠷ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠮᠠᠨ ᠤ ᠣᠷᠣᠨ ᠤ ᠭᠤᠤᠯᠯᠠᠬᠤ ᠠᠵᠤ ᠦᠢᠯᠡᠰ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠬᠥᠭᠵᠢᠭᠦᠯᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠶᠢ ᠨᠠᠩ ᠰᠠᠶᠢᠲᠤᠷ ᠠᠬᠢᠭᠤᠯᠤᠨ᠎ᠠ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ 2022 — 02 — 15  15᠄ 15      ᠪᠠᠰᠠ ᠡᠮ ᠡᠮᠨᠡᠯᠭᠡ ᠡᠷᠡᠭᠦᠯ ᠬᠠᠮᠠᠭᠠᠯᠠᠯ ᠤᠨ ᠲᠠᠯ᠎ᠠ ᠪᠠᠷ᠂ ᠡᠨᠡ ᠵᠢᠯ ᠤᠨ ᠢᠯᠡᠳᠬᠡᠯ ᠳᠤ ᠭᠤᠣᠯᠳᠠᠭᠤ ᠭᠤᠷᠪᠠᠨ ᠲᠠᠯ᠎ᠠ ᠶᠢᠨ ᠠᠷᠭ᠎ᠠ ᠬᠡᠮᠵᠢᠶ᠎ᠡ ᠶᠢ ᠲᠤᠪᠤᠶᠢᠯᠭᠠᠪᠠ᠃ ᠨᠢᠭᠡ ᠳᠤ ᠨᠢᠳᠤᠨᠤᠨ ᠤ ᠭᠡᠨᠡᠳᠲᠡ ᠶᠢᠨ ᠬᠢᠵᠢᠭ ᠤᠨ ᠪᠠᠶᠢᠳᠠᠯ ᠠᠴᠠ ᠪᠣᠯᠤᠭᠰᠠᠨ ᠰᠤᠷᠭᠠᠮᠵᠢ ᠶᠢ ᠬᠦᠯᠢᠶᠡᠨ ᠠᠪᠴᠤ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠬᠢᠵᠢᠭ ᠤᠨ ᠪᠠᠶᠢᠳᠠᠯ ᠢ ᠪᠠᠶᠢᠴᠠᠭᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠪᠠ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶᠠᠨ ᠤ ᠠᠪᠤᠷᠠᠨ ᠵᠠᠰᠠᠬᠤ ᠴᠢᠳᠠᠪᠤᠷᠢ  ᠶᠢ ᠳᠡᠭᠡᠭᠰᠢᠯᠡᠭᠦᠯᠦᠨ᠎ᠡ᠃ ᠬᠤᠶᠠᠷ ᠲᠤ᠂ ᠭᠠᠵᠠᠷ ᠨᠤᠲᠤᠭ ᠥᠷᠭᠡᠨ ᠠᠭᠤᠳᠠᠮ ᠭᠠᠵᠠᠷ ᠨᠤᠲᠤᠭ ᠠᠭᠤᠳᠠᠮ ᠬᠥᠮᠦᠨ ᠠᠮᠠ ᠴᠥᠭᠡᠨ ᠪᠠᠶᠢᠬᠤ ᠬᠡᠷᠡᠭᠴᠡᠭᠡ ᠱᠠᠭᠠᠷᠳᠠᠯᠭ᠎ᠠ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠣᠷᠣᠨ ᠪᠦᠰᠡ ᠶᠢᠨ ᠡᠮᠴᠢᠯᠡᠭᠡᠨ ᠤ ᠲᠥᠪ ᠢ ᠲᠦᠷᠭᠡᠳᠬᠡᠨ ᠪᠠᠶᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠴᠢᠬ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠡᠭᠡᠵᠢᠩ ᠥᠪᠥᠷ ᠮᠣᠩᠭᠤᠯ᠂ ᠱᠠᠩᠬᠠᠶ ᠥᠪᠥᠷ ᠮᠣᠩᠭᠤᠯ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠣᠷᠣᠨ ᠤ ᠳᠣᠲᠣᠷᠠᠬᠢ ᠡᠮᠴᠢᠯᠡᠭᠡᠨ ᠤ ᠮᠡᠷᠭᠡᠵᠢᠯ ᠤᠨ ᠴᠢᠳᠠᠪᠤᠷᠢ ᠪᠠ ᠡᠮᠴᠢᠯᠡᠭᠡᠨ ᠤ ᠶᠠᠰᠤ ᠴᠢᠨᠠᠷ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠠᠩ ᠣᠯᠠᠨ ᠠᠷᠠᠳ ᠲᠦᠮᠡᠨ ᠢ ᠬᠦᠨᠳᠦ ᠡᠪᠡᠳᠴᠢᠨ ᠢᠶᠠᠨ ᠦᠵᠡᠭᠦᠯᠦᠭᠡᠳ ᠣᠷᠣᠨ ᠠᠴᠠ ᠪᠠᠨ ᠭᠠᠷᠬᠤ ᠦᠭᠡᠢ᠃ ᠭᠤᠷᠪᠠ ᠳᠤ ᠪᠠᠶᠢᠩᠭᠤ ᠲᠣᠬᠢᠶᠠᠯᠳᠤᠬᠤ ᠡᠪᠡᠳᠴᠢᠨ ᠤ ᠡᠮᠴᠢᠯᠡᠭᠡᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠲᠤᠭ᠎ᠠ ᠬᠡᠮᠵᠢᠶ᠎ᠡ ᠲᠠᠢ ᠪᠠᠷ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠪᠡᠳᠴᠢᠨ ᠤ ᠵᠦᠢᠯ᠂ ᠣᠷᠣ ᠶᠢᠨ ᠡᠳᠦᠷ᠂ ᠬᠥᠮᠦᠨ ᠤ ᠲᠤᠭ᠎ᠠ ᠵᠡᠷᠭᠡ ᠣᠯᠠᠨ ᠡᠰᠢᠲᠦ ᠨᠡᠶᠢᠯᠡᠮᠡᠯ ᠬᠡᠯᠪᠡᠷᠢ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠬᠡᠷᠡᠭᠵᠢᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠴᠢᠷᠮᠠᠶᠢᠨ ᠬᠥᠩᠭᠡᠷᠡᠭᠦᠯᠦᠨ᠎ᠡ᠃ ᠳᠤᠷᠠᠳᠤᠭᠤᠰᠢᠲᠠᠶ ᠵᠦᠢᠯ ᠭᠡᠪᠡᠯ᠂ ︽ᠢᠯᠡᠳᠬᠡᠯ︾᠎ ᠳᠤ ᠡᠮᠨᠡᠯᠭᠡ ᠶᠢᠨ ᠠᠵᠢᠯᠳᠠᠨ ᠢ ᠬᠠᠮᠠᠭᠠᠯᠠᠨ ᠬᠠᠯᠠᠮᠵᠢᠯᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ᠎ᠠ ᠭᠡᠵᠦ ᠣᠨᠴᠠᠭᠠᠶᠢᠯᠠᠨ ᠳᠤᠷᠠᠳᠤᠭᠰᠠᠨ ᠨᠢ ᠳᠠᠷᠤᠶ ᠡᠮᠨᠡᠯᠭᠡ ᠶᠢᠨ ᠠᠵᠢᠯᠳᠠᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠨᠡᠶᠢᠭᠡᠮ ᠳᠠᠶᠠᠭᠠᠷ ᠲᠤ ᠡᠮᠴᠢ ᠶᠢ ᠬᠦᠨᠳᠦᠳᠬᠡᠨ ᠡᠷᠡᠭᠦᠯ ᠬᠠᠮᠠᠭᠠᠯᠠᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠲᠦᠯᠬᠢᠨ ᠠᠬᠢᠭᠤᠯᠬᠤ ᠶᠠᠪᠤᠳᠠᠯ ᠪᠣᠯᠤᠨ᠎ᠠ᠃      ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 15  15᠄ 16      ᠬᠠᠮᠤᠭ ᠤᠨ ᠰᠡᠭᠦᠯ ᠳᠤ ᠪᠢᠳᠡ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ ᠠᠪᠴᠤ ᠦᠵᠡᠪᠡᠯ᠂ ᠡᠨᠡ ᠵᠢᠯ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠡᠨᠡ ᠵᠢᠯ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠬᠥᠮᠦᠨ ᠤ ᠲᠤᠭ᠎ᠠ ᠶᠢ 40 ᠲᠦᠮᠡ ᠨᠡᠮᠡᠭᠳᠡᠭᠦᠯᠦᠨ᠂ ᠳᠠᠭᠠᠳᠬᠠᠯ ᠳᠤ ᠣᠷᠣᠯᠴᠠᠬᠤ ᠨᠣᠷᠮ᠎ᠠ ᠶᠢ 86%᠎ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠂ ᠪᠠᠰᠠ ᠲᠠᠷᠠᠭᠠᠴᠢ ᠶᠢᠨ ᠭᠤᠷᠪᠠᠨ ᠵᠢᠯ ᠳᠤ ᠵᠢᠯ ᠪᠦᠷᠢ 3 ᠴᠡᠭ ᠤᠨ ᠬᠤᠷᠳᠤᠴᠠ ᠪᠠᠷ ᠳᠠᠭᠠᠳᠬᠠᠯ ᠳᠤ ᠣᠷᠣᠯᠴᠠᠬᠤ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ 2025 ᠣᠨ ᠪᠣᠯᠬᠤ ᠳᠤ 95%᠎ ᠳᠤ ᠬᠦᠷᠭᠡᠬᠦ ᠪᠠᠷ ᠲᠥᠯᠥᠪᠯᠡᠵᠦ ᠪᠠᠶᠢᠨ᠎ᠠ᠂ ᠢᠩᠭᠢᠪᠡᠯ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠳᠤ ᠦᠨᠳᠦᠰᠦᠨ ᠳᠡᠭᠡᠨ ᠬᠥᠷᠬᠦ ᠪᠣᠯᠤᠨ᠎ᠠ᠃ ᠪᠢᠳᠡ ︽ᠨᠢᠭᠡ ᠨᠠᠰᠤᠲᠠᠨ ᠨᠢᠭᠡ ᠪᠠᠭ᠎ᠠ︾᠎ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠴᠢᠬᠤᠯᠠᠴᠢᠯᠠᠵᠤ᠂ ᠣᠯᠠᠨ ᠲᠠᠯ᠎ᠠ ᠶᠢᠨ ᠬᠦᠴᠦᠨ ᠢ ᠳᠠᠶᠢᠴᠢᠯᠠᠨ ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠲᠠᠭᠤᠯᠬᠤ ᠬᠥᠮᠦᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠪᠡ᠃ ︽ᠥᠲᠡᠯᠪᠡᠯ ᠠᠰᠠᠷᠠᠮᠵᠢ ᠲᠠᠢ ᠪᠣᠯᠭᠠᠬᠤ︾ ᠲᠠᠯ᠎ᠠ ᠪᠠᠷ᠂ ᠬᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠠᠶᠢᠭᠤᠯᠵᠤ᠂ ᠨᠠᠰᠤᠲᠠᠶᠢᠴᠤᠳ ᠤᠨ ᠨᠥᠬᠦᠷᠰᠡᠭ ᠨᠡᠶᠢᠭᠡᠮ ᠲᠣᠭᠤᠷᠢᠭ᠂ ᠨᠥᠬᠦᠷᠰᠡᠭ ᠡᠮᠴᠢᠯᠡᠭᠡᠨ ᠤ ᠪᠠᠶᠢᠭᠤᠯᠤᠮᠵᠢ᠂ ᠨᠠᠰᠤᠵᠢᠬᠤ ᠳᠤ ᠳᠣᠭᠢᠷᠠᠬᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ︔ ︽ᠨᠢᠯᠬ᠎ᠠ ᠬᠡᠤᠬᠡᠳ ᠲᠤ ᠬᠡᠤᠬᠡᠳ ᠲᠠᠢ ᠪᠣᠯᠭᠠᠬᠤ︾ ᠲᠠᠯ᠎ᠠ ᠪᠠᠷ᠂ ᠦᠷᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠵᠤ᠂ ᠬᠥᠩᠭᠡᠵᠢᠯᠲᠡ ᠶᠢᠨ ᠴᠢᠯᠥᠭᠡ᠂ ᠬᠥᠩᠭᠡᠵᠢᠯᠲᠡ ᠳᠤ ᠪᠠᠷ᠎ᠠ ᠪᠣᠯᠬᠤ ᠴᠢᠯᠥᠭᠡ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠬᠠᠰᠤᠵᠤ ᠭᠠᠷᠭᠠᠬᠤ ᠵᠡᠷᠭᠡ ᠲᠦᠷᠢᠮ ᠢ ᠨᠠᠶᠢᠳᠠᠪᠤᠷᠢᠵᠢᠭᠤᠯᠤᠨ᠂ ᠨᠢᠯᠬ᠎ᠠ ᠬᠡᠤᠬᠡᠳ ᠤᠨ ᠬᠡᠤᠬᠡᠳ ᠰᠠᠭᠠᠲᠠᠭᠤᠯᠬᠤ ᠪᠠ ᠬᠡᠤᠬᠡᠳ ᠠᠪᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠳᠥᠯᠭᠢᠨ ᠠᠬᠢᠭᠤᠯᠵᠤ᠂ ᠬᠡᠤᠬᠡᠳ ᠰᠠᠭᠠᠲᠠᠭᠤᠯᠬᠤ ᠣᠷᠣᠨ ᠲᠤᠭ᠎ᠠ ᠶᠢ ᠨᠡᠮᠡᠭᠳᠡᠭᠦᠯᠦᠨ᠎ᠡ᠃ ︽ᠰᠠᠭᠤᠬᠤ ᠠᠴᠠ ᠣᠷᠣᠨ ᠰᠠᠭᠤᠴᠠ ᠲᠠᠢ︾ ᠪᠠᠶᠢᠬᠤ ᠲᠠᠯ᠎ᠠ ᠪᠠᠷ᠂ ᠬᠤᠳᠠ ᠪᠠᠯᠭᠠᠰᠤᠨ ᠤ 2137 ᠲᠦᠮᠡᠨ ᠡᠷᠤᠭᠡ ᠶᠢᠨ ᠬᠠᠭᠤᠴᠢᠨ ᠪᠠ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠵᠠᠰᠠᠵᠤ᠂ ᠲᠦᠮᠡᠨ ᠢᠵᠢ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠵᠤ᠂ 12 ᠲᠦᠮᠡᠨ ᠢᠵᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠪᠦᠳᠦᠭᠡᠨ ᠪᠠᠶᠢᠭᠤᠯᠬᠤ ᠳᠤ ᠡᠳᠡᠭᠡᠷ ᠪᠣᠳᠠᠲᠠᠶ ᠲᠤᠭ᠎ᠠ ᠪᠠᠷᠢᠮᠲᠠ ᠪᠠᠷ ᠳᠠᠮᠵᠢᠭᠤᠯᠤᠨ ᠤᠯᠠᠨ ᠲᠦᠮᠡᠨ ᠤ ᠦᠨᠳᠦᠰᠦᠨ ᠣᠷᠣᠨ ᠰᠠᠭᠤᠴᠠ ᠶᠢᠨ ᠬᠡᠷᠡᠭᠴᠡᠭᠡ ᠶᠢ ᠦᠨᠡᠨ ᠬᠦ ᠪᠠᠲᠤᠯᠠᠬᠤ ᠬᠡᠷᠡᠭᠲᠡᠶ᠃ ︽ᠬᠦᠴᠢᠷᠳᠡᠯ ᠲᠠᠢ ᠪᠣᠯ ᠲᠤᠰᠠᠯᠠᠮᠵᠢ ᠣᠯᠭᠤᠬᠤ︾ ᠲᠠᠯ᠎ᠠ ᠪᠠᠷ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠂ ᠵᠡᠮᠳᠡᠭᠴᠦᠳ᠂ ᠥᠨᠥᠴᠢᠨ ᠬᠡᠤᠬᠡᠳ ᠵᠡᠷᠭᠡ ᠶᠢᠨ ᠠᠪᠤᠷᠠᠨ ᠲᠤᠰᠠᠯᠠᠬᠤ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠦᠴᠢᠷᠳᠡᠯ ᠲᠠᠢ ᠪᠣᠯ ᠵᠠᠪᠠᠯ ᠬᠠᠪᠰᠤᠷᠬᠤ᠂ ᠬᠦᠴᠢᠷᠳᠡᠯ ᠲᠠᠢ ᠪᠣᠯ ᠵᠠᠪᠠᠯ ᠠᠪᠤᠷᠠᠬᠤ ᠶᠢ ᠦᠨᠡᠨᠬᠦ ᠪᠡᠶᠡᠯᠡᠭᠦᠯᠦᠨ᠎ᠡ᠃      ᠬᠥᠲᠥᠯᠥᠭᠴᠢ᠄ 2022 — 02 — 15  15᠄ 17      ᠯᠢᠶᠠᠩ ᠢᠦᠢ ᠳ᠋ᠢᠩ ᠨᠥᠬᠦᠷ ᠪᠣᠯᠤᠨ ᠯᠢ ᠵᠢᠶᠠᠨ ᠵᠢᠶᠦ᠋ᠨ ᠨᠥᠬᠦᠷ ᠤᠨ ᠮᠠᠨ ᠤ ᠥᠨᠥᠳᠦᠷ ᠤᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠳᠤ ᠢᠷᠡᠭᠰᠡᠨ ᠳᠤ ᠲᠦᠢᠯ ᠢᠶᠠᠷ ᠲᠠᠯᠠᠷᠬᠠᠵᠤ ᠪᠠᠶᠢᠨ᠎ᠠ᠂ ᠥᠨᠥᠳᠦᠷ ᠤᠨ ᠰᠠᠶᠢᠨ ᠲᠣᠭᠯᠠᠯᠲᠠ ᠡᠶᠢᠮᠦ ᠪᠠᠶᠢᠨ᠎ᠠ᠂ ᠲᠠᠷᠠᠭᠠᠴᠢ ᠶᠢᠨ ᠬᠤᠭᠤᠴᠠᠭᠠᠨ ᠤ ᠫᠷᠤᠭ᠍ᠷᠠᠮ ᠳᠤ ᠪᠢᠳᠡ ᠪᠠᠶᠠᠷᠲᠠᠶ ᠠᠭᠤᠯᠵᠠᠶ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3