ᠴᠠᠭ 2022 ᠣᠨ ᠤ 2 ᠰᠠᠷ᠎ᠠ ᠶᠢᠨ 15 ᠤ ᠡᠳᠦᠷ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ | ᠳ᠋ᠢᠩ᠂ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ | ︽ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠣᠪᠴᠢᠯᠠᠯ ᠨᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ | ᠰᠠᠨᠠᠭ᠎ᠠ ᠶᠢ ᠲᠤᠤᠱᠯᠠᠭᠤᠯᠵᠤ᠂ ᠠᠮᠵᠢᠯᠲᠠ ᠪᠠᠨ ᠳ᠋ᠦᠩᠨᠡᠬᠦ᠂ ᠬᠠᠷᠠᠯᠲᠠ ᠪᠠᠨ ᠲᠣᠭᠲᠠᠭᠠᠬᠤ᠂ ᠠᠵᠢᠯ ᠢᠶᠠᠨ | ᠪᠠᠶᠢᠷᠢᠯᠠᠭᠤᠯᠬᠤ ᠳᠠᠭᠠᠨ ᠴᠥᠮ ᠶᠡᠷᠦᠩᠬᠡᠢ ᠱᠦᠵᠢ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ | ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢᠨ | ᠲᠣᠭᠤᠷᠢᠨ ᠳᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢᠨ ᠲᠣᠭᠤᠷᠢᠨ ᠳᠤ ᠳᠡᠯᠭᠡᠨ ᠳᠡᠯᠭᠡᠵᠡᠢ᠃ ᠡᠭᠦᠨ ᠤ ᠬᠠᠮᠲᠤ᠂ ᠮᠡᠳᠡᠭᠦᠯᠦᠯᠲᠡ ᠨᠢ ᠮᠠᠨ ᠤ | ᠣᠷᠣᠨ ᠤ ᠣᠳᠣᠬᠠᠨ ᠤ ᠬᠥᠭᠵᠢᠯᠲᠡ ᠶᠢᠨ ᠱᠠᠲᠤ ᠦᠶ᠎ᠡ᠂ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ | ᠤᠶᠠᠯᠳᠤᠭᠤᠯᠤᠨ᠂ ᠠᠷᠠᠳ ᠤᠨ ᠠᠮᠢᠳᠤᠷᠠᠯ ᠤᠨ ᠬᠡᠷᠡᠭᠴᠡᠭᠡ᠂ ᠠᠷᠠᠳ ᠤᠨ ᠬᠦᠰᠡᠯ ᠡᠷᠡᠮᠡᠯᠵᠡᠯ ᠲᠠᠢ ᠨᠢᠭᠲᠠ | ᠤᠶᠠᠯᠳᠤᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠦᠰᠡᠯ ᠡᠷᠡᠮᠡᠯᠵᠡᠯ ᠢ ᠬᠠᠮᠤᠭ ᠤᠨ ᠶᠡᠭᠡ ᠬᠡᠮᠵᠢᠶ᠎ᠡ ᠪᠠᠷ | ᠲᠤᠰᠬᠠᠵᠤ᠂ ᠡᠯ᠎ᠡ ᠲᠠᠯ᠎ᠠ ᠶᠢᠨ ᠬᠢᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠭᠰᠠᠨ ᠪᠠᠶᠢᠨ᠎ᠠ᠃ | ᠬᠥᠲᠥᠯᠥᠭᠴᠢ᠄ 2022 — 02 — 15 15᠄ 00 | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠣᠰ ᠬᠤᠭᠤᠴᠠᠭᠠᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ | ᠪᠤᠯᠤᠩ ᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠲᠤᠰ ᠬᠤᠭᠤᠴᠠᠭᠠᠨ ᠤ ᠫᠷᠤᠭ᠍ᠷᠠᠮ ᠳᠤ | ᠪᠢᠳᠡᠨ ᠤ ᠤᠷᠢᠵᠤ ᠠᠪᠴᠢᠷᠠᠭᠰᠠᠨ ᠰᠤᠷᠪᠤᠯᠵᠢᠯᠠᠭ᠎ᠠ ᠶᠢᠨ ᠬᠦᠨᠳᠦᠲᠦ ᠵᠣᠴᠢᠳ ᠪᠣᠯ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠢ ᠲᠤᠭᠤᠷᠪᠢᠬᠤ ᠳᠤᠭᠤᠶᠢᠯᠠᠩ ᠤᠨ ᠭᠤᠤᠯ ᠪᠦᠷᠢᠯᠳᠦᠬᠦᠨ ᠪᠣᠯᠬᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ ᠳ᠋ᠢᠩ ᠨᠥᠬᠦᠷ᠂ ᠥᠪᠡᠷᠲᠡᠭᠡᠨ ᠵᠠᠰᠠᠬᠤ | ᠣᠷᠣᠨ ᠤ ᠰᠤᠳᠤᠯᠬᠤ ᠲᠠᠰᠤᠭ ᠤᠨ ᠯᠢ ᠵᠢᠶᠠᠨ ᠵᠢᠶᠦ᠋ᠨ ᠨᠥᠬᠦᠷ ᠪᠣᠯᠤᠨ᠎ᠠ᠂ ᠬᠤᠶᠠᠷ ᠬᠦᠨᠳᠦᠲᠦ ᠵᠣᠴᠢᠳ ᠤᠨ | ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ︕ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ | ᠳ᠋ᠢᠩ 2022 — 02 — 15 15᠄ 00 | ᠬᠥᠲᠥᠯᠥᠭᠴᠢ ᠰᠠᠶᠢᠨ ᠪᠠᠶᠢᠵᠠᠭᠠᠨ᠎ᠠ ᠤᠣ᠂ ᠲᠠ ᠪᠦᠬᠦᠨ ᠰᠠᠶᠢᠨ ᠪᠠᠶᠢᠵᠠᠭᠠᠨ᠎ᠠ ᠤᠤ︕ ᠰᠦᠯᠵᠢᠶᠡᠨ | ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢᠶᠠᠷ ᠳᠠᠮᠵᠢᠭᠤᠯᠤᠨ ᠥᠷᠭᠡᠨ ᠤᠯᠠᠨ ᠰᠦᠯᠵᠢᠶᠡᠨ ᠤ ᠨᠠᠶᠢᠵᠠ ᠨᠠᠷ ᠲᠠᠢ | ᠥᠨᠥᠳᠦᠷ ᠤᠨ ᠭᠤᠣᠯ ᠰᠡᠳᠦᠪ ᠢᠶᠠᠨ ᠬᠤᠪᠢᠶᠠᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ | ᠬᠥᠲᠥᠯᠥᠭᠴᠢ᠄ 2022 — 02 — 15 15᠄ 01 | ︽ᠢᠯᠡᠳᠬᠡᠯ︾ ᠳᠤ ︽ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠭᠤᠣᠯ ᠡᠭᠦᠷᠭᠡ︾ ᠶᠢᠨ | ᠬᠡᠰᠡᠭ ᠨᠢ ᠬᠠᠮᠤᠭ ᠤᠨ ᠤᠯᠠᠨ᠂ ᠠᠭᠤᠯᠭ᠎ᠠ ᠨᠢ ᠪᠠᠶᠠᠯᠢᠭ ᠪᠠᠶᠢᠵᠤ᠂ ᠤᠩᠰᠢᠬᠤ ᠳᠤ ᠬᠥᠮᠦᠰ ᠲᠤ ᠬᠠᠭᠤᠷᠠᠶ | ᠪᠠᠷᠠᠭ᠎ᠠ ᠪᠠᠷ ᠳᠦᠭᠦᠷᠴᠦ᠂ ᠬᠢᠯᠠᠰ ᠴᠡᠭ ᠤᠯᠠᠨ ᠢᠯᠡᠷᠡᠵᠦ ᠪᠠᠶᠢᠨ᠎ᠠ᠂ ᠬᠤᠶᠠᠷ ᠵᠣᠴᠢᠨ ᠪᠢᠳᠡᠨ ᠳᠤ ᠶᠠᠮᠠᠷ ᠶᠠᠮᠠᠷ | ᠰᠢᠨ᠎ᠡ ᠡᠭᠦᠷᠭᠡ ᠰᠢᠨ᠎ᠡ ᠠᠷᠭ᠎ᠠ ᠬᠡᠮᠵᠢᠶ᠎ᠡ ᠶᠢ ᠶᠠᠷᠢᠵᠤ ᠥᠭᠬᠦ ᠪᠣᠯᠪᠠᠤ︖ ᠭᠡᠵᠦ ᠬᠡᠯᠡᠪᠡ᠃ ︽ᠢᠯᠡᠳᠬᠡᠯ︾ ᠤᠨ | ᠳᠣᠲᠣᠷᠠᠬᠢ ︽ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠭᠤᠣᠯ ᠡᠭᠦᠷᠭᠡ︾ ᠶᠢᠨ ᠬᠡᠰᠡᠭ ᠨᠢ ᠬᠠᠮᠤᠭ ᠤᠨ | ᠤᠯᠠᠨ᠂ ᠠᠭᠤᠯᠭ᠎ᠠ ᠨᠢ ᠪᠠᠶᠠᠯᠢᠭ ᠪᠠᠶᠢᠵᠤ᠂ ᠤᠩᠰᠢᠬᠤ ᠳᠤ ᠬᠥᠮᠦᠰ ᠲᠤ ᠬᠡᠯᠡᠵᠦ ᠥᠭᠬᠦ ᠪᠣᠯᠪᠠᠤ︖ | ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 15 | 15᠄ 01 | ᠪᠢᠳᠡ ᠠᠩᠬ᠎ᠠ ᠠᠯᠬᠤᠮ ᠡᠮᠬᠢᠯᠡᠨ ᠳᠢᠭᠯᠡᠭᠰᠡᠨ ᠢᠶᠠᠷ᠂ ᠠᠵᠢᠯ ᠤᠨ ᠪᠠᠶᠢᠷᠢᠯᠠᠭᠤᠯᠤᠯᠲᠠ ᠶᠢᠨ ︽ᠲᠤᠯᠤᠭᠠᠨ | ᠬᠦᠴᠦ︾ ᠭᠡᠬᠦ 160 ᠭᠠᠷᠤᠶ ᠥᠭᠦᠯᠡᠪᠦᠷᠢ ᠶᠢᠨ ᠳᠣᠲᠣᠷᠠᠬᠢ ᠦᠭᠡ ᠨᠢᠭᠡᠪᠦᠷᠢ ᠨᠢ ᠴᠥᠮ ᠨᠢᠭᠡ ᠶᠡᠭᠡ ᠶᠠᠪᠤᠳᠠᠯ | ᠪᠤᠶᠤ ᠬᠡᠳᠦᠨ ᠶᠡᠭᠡ ᠶᠠᠪᠤᠳᠠᠯ ᠲᠠᠢ ᠬᠤᠯᠪᠣᠯᠳᠤᠵᠤ ᠪᠠᠶᠢᠳᠠᠭ᠂ ᠦᠭᠡ ᠦᠰᠦᠭ ᠠᠴᠠ ᠨᠢ ᠦᠵᠡᠪᠡᠯ᠂ ᠳᠡᠯᠭᠡᠵᠦ | ᠭᠠᠷᠭᠠᠭᠰᠠᠨ ᠡᠭᠦᠷᠭᠡ ᠠᠷᠭ᠎ᠠ ᠬᠡᠮᠵᠢᠶ᠎ᠡ ᠨᠢ ᠶᠡᠭᠡ ᠪᠠᠭ᠎ᠠ 400 ᠭᠠᠷᠤᠶ ᠵᠦᠢᠯ ᠪᠠᠶᠢᠵᠤ᠂ ᠬᠡᠷᠪᠡ ᠨᠠᠷᠢᠨ ᠬᠤᠪᠢᠶᠠᠪᠠᠯ | ᠳᠠᠷᠤᠶ ᠮᠢᠩᠭ᠎ᠠ ᠭᠠᠷᠤᠶ ᠵᠦᠢᠯ ᠪᠠᠶᠢᠳᠠᠭ᠃ ᠡᠳᠡᠭᠡᠷ ᠠᠷᠭ᠎ᠠ ᠬᠡᠮᠵᠢᠶ᠎ᠡ ᠨᠢ ᠲᠡᠷᠡ ᠪᠦᠬᠦᠨ ᠢᠶᠠᠷ ᠢᠶᠠᠨ ᠡᠩ ᠤᠨ | ᠴᠢᠨᠠᠷᠲᠠᠶ ᠪᠠᠶᠢᠩᠭᠤ ᠶᠢᠨ ᠠᠷᠭ᠎ᠠ ᠬᠡᠮᠵᠢᠶ᠎ᠡ ᠪᠢᠰᠢ᠂ ᠲᠡᠭᠦᠨ ᠤ ᠳᠣᠲᠣᠷᠠᠬᠢ ᠣᠯᠠᠩᠬᠢ ᠨᠢ ᠴᠥᠮ ᠰᠢᠨ᠎ᠡ ᠶᠢ ᠡᠭᠦᠳᠬᠦ | ᠴᠢᠨᠠᠷᠲᠠᠶ ᠠᠷᠭ᠎ᠠ ᠬᠡᠮᠵᠢᠶ᠎ᠡ᠂ ᠨᠡᠭᠡᠭᠡᠯᠲᠡᠲᠦ ᠴᠢᠨᠠᠷᠲᠠᠶ ᠠᠷᠭ᠎ᠠ ᠬᠡᠮᠵᠢᠶ᠎ᠡ ᠪᠠᠶᠢᠵᠤ᠂ ᠰᠢᠰᠲ᠋ᠧᠮᠲᠦ ᠦᠵᠡᠯᠲᠡ ᠶᠢ | ᠪᠠᠷᠢᠮᠲᠠᠯᠠᠬᠤ᠂ ᠭᠤᠣᠯ ᠵᠥᠷᠢᠴᠡᠯ ᠪᠠ ᠵᠥᠷᠢᠴᠡᠯ ᠤᠨ ᠭᠤᠣᠯ ᠲᠠᠯ᠎ᠠ ᠶᠢ ᠠᠳᠬᠤᠬᠤ᠂ ᠭᠤᠣᠯ ᠠᠵᠢᠯ ᠪᠠ | ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠬᠤ ᠵᠠᠰᠠᠭ ᠶᠠᠪᠤᠭᠤᠯᠬᠤ ᠣᠶᠢᠯᠠᠭᠠᠭᠳᠠᠬᠤᠨ ᠪᠠ ᠠᠵᠢᠯᠯᠠᠬᠤ | ᠠᠷᠭ᠎ᠠ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ | ᠬᠥᠲᠥᠯᠥᠭᠴᠢ᠄ 2022 — 02 — 15 15᠄ 02 | ᠡᠨᠡ ᠵᠢᠯ ᠤᠨ ᠮᠡᠳᠡᠭᠦᠯᠦᠯᠲᠡ ᠶᠢᠨ ᠠᠵᠢᠯ ᠤᠨ ᠪᠠᠶᠢᠷᠢᠯᠠᠭᠤᠯᠤᠯᠲᠠ ᠳᠤ ᠮᠠᠰᠢ ᠣᠯᠠᠨ ᠰᠢᠨ᠎ᠡ ᠳᠤᠷᠠᠳᠤᠯᠭ᠎ᠠ | ᠪᠠ ᠰᠢᠨ᠎ᠡ ᠠᠷᠭ᠎ᠠ ᠬᠡᠮᠵᠢᠶ᠎ᠡ ᠪᠠᠶᠢᠨ᠎ᠠ᠂ ᠲᠡᠭᠡᠪᠡᠯ ᠲᠠ ᠬᠤᠶᠠᠭᠤᠯᠠ ᠪᠠᠨ ᠪᠢᠳᠡᠨ ᠳᠤ ᠡᠳᠦᠶ ᠲᠡᠳᠦᠶ ᠵᠦᠢᠯ ᠢ | ᠰᠣᠩᠭᠤᠨ ᠥᠭᠴᠦ ᠥᠷᠭᠡᠨ ᠣᠯᠠᠨ ᠰᠦᠯᠵᠢᠶᠡᠨ ᠨᠠᠶᠢᠵᠠ ᠨᠠᠷ ᠲᠠᠢ ᠬᠤᠪᠢᠶᠠᠯᠴᠠᠶ᠎ᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ | ᠳ᠋ᠢᠩ 2022 — 02 — 15 15᠄ 03 | ᠶᠠᠭ ᠬᠥᠲᠥᠯᠥᠭᠴᠢ ᠶᠢᠨ ᠬᠡᠯᠡᠭᠰᠡᠨᠴᠢᠯᠡᠨ᠂ ᠡᠨᠡ ᠵᠢᠯ ᠤᠨ ︽ᠢᠯᠡᠳᠬᠡᠯ︾ ᠤᠨ ᠠᠵᠢᠯ ᠤᠨ | ᠪᠠᠶᠢᠷᠢᠯᠠᠭᠤᠯᠤᠯᠲᠠ ᠳᠠᠬᠢ ᠰᠢᠨ᠎ᠡ ᠳᠤᠷᠠᠳᠤᠯᠭ᠎ᠠ ᠰᠢᠨ᠎ᠡ ᠠᠷᠭ᠎ᠠ ᠬᠡᠮᠵᠢᠶ᠎ᠡ ᠦᠨᠡᠬᠡᠷ ᠮᠠᠰᠢ ᠤᠯᠠᠨ ᠪᠠᠶᠢᠨ᠎ᠠ᠂ ︽ | ᠲᠤᠯᠤᠭᠠᠨ ᠬᠦᠴᠦᠯᠡᠴᠡ︾ ᠶᠢᠨ ᠳᠣᠲᠣᠷᠠᠬᠢ ᠵᠦᠢᠯ ᠪᠦᠷᠢ ᠳᠤ ᠴᠥᠮ ᠪᠠᠶᠢᠨ᠎ᠠ᠃ ᠵᠢᠱᠢᠶᠡᠯᠡᠪᠡᠯ ᠪᠡᠯᠡ | ᠣᠷᠣᠭᠤᠯᠤᠯᠲᠠ ᠶᠢ ᠥᠷᠭᠡᠳᠬᠡᠬᠦ᠃ ︽ᠢᠯᠡᠳᠬᠡᠯ︾ ᠳᠤ ︽ᠨᠢᠭᠡ ᠬᠠᠷᠠᠯᠲᠠ᠂ ᠬᠤᠶᠠᠷ ᠢ ᠠᠬᠢᠭᠤᠯᠬᠤ︾ ᠶᠢ | ᠳᠤᠷᠠᠳᠤᠨ ᠭᠠᠷᠭᠠᠵᠠᠶ᠃ ︽ᠨᠢᠭᠡ ᠬᠠᠷᠠᠯᠲᠠ︾ ᠪᠣᠯ 5200 ᠳ᠋ᠦᠩᠰᠢᠭᠤᠷ ᠲᠥᠭᠦᠷᠢᠭ ᠤᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠠᠷᠠᠯᠲᠠ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠡᠭᠦᠨ ᠢ | ᠳᠤᠷ᠎ᠠ ᠪᠠᠷ ᠢᠶᠠᠨ ᠳᠤᠷᠠᠳᠴᠤ ᠭᠠᠷᠭᠠᠭᠰᠠᠨ ᠪᠢᠰᠢ᠂ ᠬᠠᠷᠢᠨ ᠡᠨᠡ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ | ᠪᠦᠬᠦ ᠦᠷᠲᠡᠭ ᠤᠨ ᠨᠡᠮᠡᠭᠳᠡᠯ ᠤᠨ ᠵᠢᠱᠢᠭᠰᠡᠨ ᠬᠠᠷᠠᠯᠲᠠ ᠶᠢᠨ ᠱᠠᠭᠠᠷᠳᠠᠯᠭ᠎ᠠ ᠪᠠ ᠲᠥᠯᠥᠪᠯᠡᠭᠡ ᠶᠢ ᠬᠡᠷᠡᠭᠵᠢᠭᠦᠯᠬᠦ | ᠣᠨ ᠤ ᠭᠤᠣᠯᠳᠠᠯᠭ᠎ᠠ ᠲᠠᠢ ᠵᠦᠢᠯᠡᠰ ᠤᠨ ᠲᠤᠯᠭᠠᠭᠤᠷᠢᠯᠠᠯ ᠢ ᠶᠡᠷᠦᠩᠬᠡᠶᠢᠯᠡᠨ ᠪᠣᠳᠣᠯᠬᠢᠯᠠᠵᠤ᠂ ᠲᠣᠭᠠᠴᠠᠭ᠎ᠠ ᠬᠢᠵᠦ | ᠰᠤᠳᠤᠯᠬᠤ᠂ ᠳᠠᠬᠢᠨ ᠳᠠᠪᠲᠠᠨ ᠶᠠᠷᠢᠯᠴᠠᠬᠤ ᠪᠠᠷ ᠳᠠᠮᠵᠢᠨ ᠰᠠᠶ᠋ᠢ ᠳᠤᠷᠠᠳᠴᠤ ᠭᠠᠷᠭᠠᠭᠰᠠᠨ ᠶᠤᠮ᠂ ᠡᠨᠡ ᠬᠦ | ᠬᠠᠷᠠᠯᠲᠠ ᠶᠢ ᠪᠡᠶᠡᠯᠡᠭᠦᠯᠴᠢᠪᠡᠯ ᠡᠨᠡ ᠵᠢᠯ ᠤᠨ ᠠᠵᠤ ᠠᠬᠤᠶ ᠶᠢᠨ ᠨᠡᠮᠡᠭᠳᠡᠯ ᠦᠨᠳᠦᠰᠦᠨ ᠳᠡᠭᠡᠨ ᠲᠣᠭᠲᠠᠭᠤᠨ | ᠪᠣᠯᠴᠢᠬᠠᠨ᠎ᠠ ᠭᠡᠵᠦ ᠬᠡᠯᠡᠵᠦ ᠪᠣᠯᠤᠨ᠎ᠠ᠃ ︽ᠬᠤᠶᠠᠷ ᠢ ᠠᠬᠢᠭᠤᠯᠬᠤ︾ ᠪᠣᠯ ᠠᠵᠤ ᠦᠢᠯᠡᠳᠪᠦᠷᠢ ᠶᠢᠨ ᠮᠡᠷᠭᠡᠵᠢᠯ ᠤᠨ | ᠥᠭᠡᠷᠡᠴᠢᠯᠡᠯᠲᠡ᠂ ᠲᠡᠷᠢᠭᠦᠨ ᠤ ᠦᠢᠯᠡᠳᠬᠦ ᠦᠢᠯᠡᠰ᠂ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠰᠢᠨ᠎ᠡ ᠶᠢ | ᠡᠭᠦᠳᠦᠭᠰᠡᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠪᠡᠯᠡ ᠣᠷᠣᠭᠤᠯᠤᠯᠲᠠ ᠶᠢᠨ ᠶᠡᠭᠡ ᠬᠡᠮᠵᠢᠶ᠎ᠡ ᠪᠠᠷ | ᠨᠡᠮᠡᠭᠳᠡᠬᠦ ᠶᠢ ᠠᠬᠢᠭᠤᠯᠬᠤ ᠶᠠᠪᠤᠳᠠᠯ ᠪᠣᠯᠤᠨ᠎ᠠ᠂ ᠡᠨᠡ ᠨᠢ ᠭᠤᠣᠯᠳᠠᠭᠤ ᠠᠵᠤ ᠦᠢᠯᠡᠰ ᠤᠨ ᠪᠦᠲᠦᠴᠡ ᠶᠢ | ᠲᠣᠬᠢᠷᠠᠭᠤᠯᠬᠤ ᠪᠠᠷ ᠭᠤᠣᠯᠳᠠᠭᠤᠯᠵᠤ᠂ ᠪᠡᠯᠡ ᠣᠷᠣᠭᠤᠯᠤᠯᠲᠠ ᠶᠢᠨ ᠪᠦᠲᠦᠴᠡ ᠶᠢ ᠲᠣᠬᠢᠷᠠᠭᠤᠯᠬᠤ ᠪᠠᠷ | ᠳᠠᠮᠵᠢᠭᠤᠯᠤᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠶᠢ ᠲᠦᠯᠬᠢᠨ ᠠᠬᠢᠭᠤᠯᠬᠤ ᠶᠠᠪᠤᠳᠠᠯ ᠪᠣᠯᠤᠨ᠎ᠠ᠃ | ᠬᠤᠶᠠᠷ ᠲᠤ᠂ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢ ᠠᠬᠢᠭᠤᠯᠵᠤ᠂ ᠣᠷᠣᠨ ᠤ ᠭᠠᠳᠠᠨᠠᠬᠢ ᠪᠡᠯᠡ | ᠣᠷᠣᠭᠤᠯᠤᠯᠲᠠ ᠶᠢ ᠣᠷᠣᠭᠤᠯᠤᠨ ᠠᠪᠴᠢᠷᠠᠵᠤ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠂ ᠡᠨᠡ ᠬᠤᠶᠠᠷ ᠠᠬᠢᠭᠤᠯᠤᠯ | ᠪᠣᠯ ᠮᠠᠰᠢ ᠶᠡᠭᠡ ᠬᠠᠨᠳᠤᠯᠭᠠᠲᠤ ᠴᠢᠨᠠᠷᠲᠠᠶ ᠶᠤᠮ᠂ ᠳᠠᠷᠤᠶ ᠣᠳᠣᠬᠠᠨ ᠤ ᠮᠠᠨ ᠤ ᠣᠷᠣᠨ ᠤ ᠲᠥᠷᠥᠯ ᠵᠦᠢᠯ ᠤᠨ | ᠨᠥᠭᠡᠴᠡ ᠬᠢᠭᠡᠳ ᠴᠢᠨᠠᠷ ᠰᠠᠶᠢᠲᠠᠶ ᠬᠥᠭᠵᠢᠯᠲᠡ ᠶᠢᠨ ᠵᠣᠯᠭᠠᠯᠳᠤᠭᠤᠯᠬᠤ ᠴᠢᠨᠠᠷ ᠢᠶᠠᠷ ᠴᠢᠩᠭ᠎ᠠ ᠪᠤᠰᠤ᠂ ᠲᠥᠷᠥᠯ | ᠵᠦᠢᠯ ᠤᠨ ᠪᠦᠲᠦᠴᠡ ᠬᠢᠭᠡᠳ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ | ᠵᠣᠬᠢᠴᠠᠯᠳᠤᠭᠤᠯᠬᠤ ᠬᠡᠮᠵᠢᠶ᠎ᠡ ᠪᠠᠷ ᠥᠨᠳᠥᠷ ᠪᠢᠰᠢ ᠪᠠᠶᠢᠭ᠎ᠠ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠴᠢᠩᠭᠠᠷᠠᠭᠤᠯᠬᠤ ᠪᠠᠷ ᠲᠥᠷᠥᠯ ᠵᠦᠢᠯ ᠤᠨ ᠨᠥᠭᠡᠴᠡ ᠶᠢ | ᠨᠡᠮᠡᠭᠳᠡᠭᠦᠯᠵᠦ᠂ ᠲᠥᠷᠥᠯ ᠵᠦᠢᠯ ᠤᠨ ᠪᠦᠲᠦᠴᠡ ᠶᠢ ᠲᠣᠬᠢᠷᠠᠭᠤᠯᠬᠤ ᠪᠠᠷ ᠪᠠᠯᠠ ᠣᠷᠣᠭᠤᠯᠤᠯᠲᠠ ᠶᠢᠨ ᠪᠦᠲᠦᠴᠡ ᠶᠢ | ᠬᠥᠲᠥᠯᠥᠨ ᠰᠢᠯᠵᠢᠭᠦᠯᠵᠦ᠂ ᠠᠵᠤ ᠦᠢᠯᠡᠰ ᠤᠨ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠬᠦ ᠪᠠ ᠲᠠᠰ | ᠳᠡᠪᠰᠢᠭᠦᠯᠬᠦ ᠶᠢ ᠳᠥᠯᠭᠢᠨ ᠠᠬᠢᠭᠤᠯᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 15 | 15᠄ 04 | ᠲᠠᠭᠠᠷᠠᠨ᠎ᠠ᠂ ᠪᠠᠰᠠ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠᠷ ᠵᠢᠱᠢᠶᠡᠯᠡᠵᠦ ᠬᠡᠯᠡᠶ᠎ᠡ᠃ | ︽ᠢᠯᠡᠳᠬᠡᠯ︾ ᠳᠤ ᠪᠦᠬᠦ ᠤᠯᠤᠰ ᠢ ᠬᠤᠯᠪᠣᠨ ᠨᠡᠪᠲᠡᠷᠡᠭᠦᠯᠦᠭᠰᠡᠨ᠂ ᠪᠦᠬᠦ ᠣᠷᠣᠨ ᠢ ᠬᠤᠯᠪᠣᠭᠰᠠᠨ ᠤᠳᠤ | ᠦᠶ᠎ᠡ ᠶᠢᠨ ᠰᠠᠭᠤᠷᠢ ᠲᠥᠬᠦᠭᠡᠷᠦᠮᠵᠢ ᠶᠢᠨ ᠲᠣᠣᠷ ᠰᠦᠯᠵᠢᠶᠡᠨ ᠤ ᠰᠢᠰᠲ᠋ᠧᠮ ᠢ ᠱᠠᠯᠠᠪᠳᠠᠨ ᠪᠠᠶᠢᠭᠤᠯᠤᠨ᠎ᠠ ᠭᠡᠵᠦ | ᠳᠤᠷᠠᠳᠤᠨ ᠭᠠᠷᠭᠠᠪᠠ᠃ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠬᠡᠯᠡᠬᠦ ᠳᠡᠭᠡᠨ᠂ ᠳᠣᠲᠣᠭᠠᠳᠤ | ᠭᠠᠳᠠᠭᠠᠳᠤ ᠲᠠᠢ ᠬᠤᠯᠪᠣᠭᠠᠯᠠᠵᠤ᠂ ᠡᠷᠭᠢᠨ ᠲᠣᠭᠤᠷᠢᠨ ᠢᠶᠠᠨ ᠨᠥᠯᠥᠭᠡᠯᠡᠬᠦ ᠶᠢ ᠪᠦᠷᠢᠯᠳᠦᠭᠦᠯᠵᠦ᠂ ᠡᠬᠢ ᠪᠠᠶᠠᠯᠢᠭ ᠢ | ᠲᠥᠪᠯᠡᠷᠡᠭᠦᠯᠦᠨ ᠲᠥᠪᠯᠡᠷᠡᠭᠦᠯᠵᠦ ᠲᠠᠷᠬᠠᠭᠠᠭᠰᠠᠨ᠂ ᠴᠢᠬᠤᠯᠠ ᠡᠯᠧᠮᠧᠨ᠋ᠲ ᠢ ᠠᠭᠤᠰᠤᠯᠴᠠᠭᠤᠯᠤᠨ ᠠᠭᠤᠰᠤᠯᠴᠠᠭᠤᠯᠤᠨ | ᠨᠡᠪᠲᠡᠷᠡᠭᠦᠯᠦᠭᠰᠡᠨ ᠪᠦᠬᠦ ᠣᠷᠣᠨ ᠪᠦᠰᠡ ᠶᠢᠨ ᠨᠡᠭᠡᠭᠡᠯᠳᠡ ᠶᠢᠨ ᠲᠠᠪᠴᠠᠩ ᠳᠤ᠂ ᠪᠢᠳᠡ ᠡᠩ ᠲᠡᠷᠢᠭᠦᠨ ᠳᠤ ᠡᠷᠬᠡᠪᠰᠢ | ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ ᠶᠢᠨ ᠲᠤᠯᠭᠠᠭᠤᠷᠢᠯᠠᠯ ᠲᠠᠢ ᠪᠠᠶᠢᠬᠤ ᠬᠡᠷᠡᠭᠲᠡᠢ᠂ ᠭᠡᠪᠡᠴᠦ ᠣᠳᠣᠬᠠᠨ ᠳᠤ | ᠮᠠᠨ ᠤ ᠣᠷᠣᠨ ᠵᠠᠷᠢᠮ ᠭᠤᠣᠯᠯᠠᠭᠴᠢ ᠢᠨᠵᠧᠨᠧᠷᠢᠩ ᠢ ᠪᠠᠰᠠ ᠪᠠᠶᠢᠭᠤᠯᠵᠤ ᠳᠠᠭᠤᠰᠬᠠᠭᠠᠳᠤᠢ ᠪᠠᠶᠢᠭᠰᠠᠭᠠᠷ᠂ | ᠡᠶᠢᠮᠦ ᠠᠴᠠ ᠡᠷᠬᠡᠪᠰᠢ ᠤᠯᠤᠰ ᠠᠴᠠ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠵᠣᠬᠢᠬᠤ | ᠬᠡᠮᠵᠢᠶ᠎ᠡ ᠪᠠᠷ ᠤᠷᠢᠳᠴᠢᠯᠠᠨ ᠥᠷᠨᠢᠭᠦᠯᠬᠦ ᠠᠵᠠ ᠲᠣᠬᠢᠶᠠᠯ ᠢ ᠠᠮᠵᠢᠵᠤ ᠮᠠᠨ ᠤ ᠣᠷᠣᠨ ᠤ ᠰᠠᠭᠤᠷᠢ | ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠬᠦ ᠬᠡᠷᠡᠭᠲᠡᠢ᠃ ᠲᠦᠷᠭᠡᠨ ᠤ ᠲᠡᠮᠦᠷ ᠵᠠᠮ ᠢᠶᠠᠷ ᠠᠪᠴᠤ | ᠬᠡᠯᠡᠪᠡᠯ᠂ ᠮᠠᠨ ᠤ ᠣᠷᠣᠨ ᠬᠡᠳᠦ᠋ᠢᠪᠡᠷ ᠬᠥᠭᠵᠢᠭᠰᠡᠨ ᠭᠠᠵᠠᠷ ᠣᠷᠣᠨ ᠰᠢᠭ᠋ ᠥᠨᠳᠥᠷ ᠨᠢᠭᠲᠠᠴᠠ ᠲᠠᠢ ᠲᠦᠷᠭᠡᠨ ᠤ | ᠲᠡᠮᠦᠷ ᠵᠠᠮ ᠤᠨ ᠱᠤᠭᠤᠮ ᠢ ᠪᠠᠶᠢᠷᠢᠰᠢᠭᠤᠯᠵᠤ ᠳᠡᠶᠢᠯᠬᠦ ᠦᠭᠡᠢ ᠪᠣᠯᠪᠠᠴᠤ᠂ ᠪᠤᠭᠤᠲᠤ ᠠᠴᠠ ᠢᠷᠭᠠᠢ ᠶᠢᠨ | ᠲᠦᠷᠭᠡᠨ ᠤ ᠲᠡᠮᠦᠷ ᠵᠠᠮ᠂ ᠵᠢᠢ ᠳ᠋ᠠ ᠶᠤᠸᠠᠨ ᠬᠦᠷᠬᠦ ᠲᠦᠷᠭᠡᠨ ᠤ ᠲᠡᠮᠦᠷ ᠵᠠᠮ᠂ ᠬᠤᠪᠸᠢ ᠢᠦᠢ ᠶᠠᠨ ᠬᠦᠷᠬᠦ | ᠲᠦᠷᠭᠡᠨ ᠤ ᠲᠡᠮᠦᠷ ᠵᠠᠮ ᠵᠡᠷᠭᠡ ᠪᠦᠬᠦ ᠤᠯᠤᠰ ᠤᠨ ᠲᠦᠷᠭᠡᠨ ᠤ ᠲᠡᠮᠦᠷ ᠵᠠᠮ ᠤᠨ ᠲᠣᠣᠷ ᠲᠤ ᠵᠠᠯᠭᠠᠵᠤ ᠣᠷᠣᠭᠤᠯᠬᠤ | ᠭᠤᠣᠯᠯᠠᠭᠴᠢ ᠢᠨᠵᠧᠨᠧᠷᠢᠩ ᠡᠷᠬᠡᠪᠰᠢ ᠪᠠᠶᠢᠬᠤ ᠬᠡᠷᠡᠭᠲᠡᠢ ᠪᠥᠭᠡᠳ ᠡᠷᠬᠡᠪᠰᠢ ᠡᠷᠲᠡᠬᠡᠨ ᠪᠠᠶᠢᠭᠤᠯᠵᠤ | ᠳᠠᠭᠤᠰᠬᠠᠬᠤ ᠪᠠᠷ ᠴᠢᠷᠮᠠᠶᠢᠬᠤ ᠬᠡᠷᠡᠭᠲᠡᠢ᠃ ᠪᠠᠰᠠ ᠵᠠᠰᠠᠮᠠᠯ ᠵᠠᠮ᠂ ᠨᠢᠰᠬᠡᠯ ᠤᠨ ᠪᠠᠭᠤᠳᠠᠯ᠂ ᠤᠰᠤᠨ ᠠᠰᠢᠭᠯᠠᠯᠲᠠ᠂ | ᠴᠠᠬᠢᠯᠭᠠᠨ ᠬᠦᠴᠦ᠂ ᠮᠡᠳᠡᠭᠡ ᠬᠤᠯᠪᠣᠭ᠎ᠠ᠂ ᠬᠤᠳᠠ ᠶᠢᠨ ᠶᠠᠪᠤᠳᠠᠯ ᠵᠡᠷᠭᠡ ᠲᠠᠯ᠎ᠠ ᠶᠢᠨ ᠳᠤᠲᠠᠭᠤᠳᠠᠯ ᠢ ᠨᠥᠬᠦᠪᠥᠷᠢᠯᠡᠬᠦ | ᠵᠦᠢᠯᠡᠰ ᠢ ᠴᠦ ᠪᠦᠳᠦᠭᠡᠨ ᠪᠠᠶᠢᠭᠤᠯᠬᠤ ᠠᠯᠬᠤᠴᠠ ᠪᠠᠨ ᠲᠦᠷᠭᠡᠳᠬᠡᠬᠦ ᠬᠡᠷᠡᠭᠲᠡᠶ᠃ ᠢᠯᠠᠩᠭᠤᠶ᠎ᠠ ᠲᠣᠰ ᠤᠳᠠᠭᠠᠨ ᠤ | ︽ᠮᠡᠳᠡᠭᠦᠯᠦᠯᠲᠡ︾ ᠳᠤ ᠠᠭᠠᠷ ᠤᠨ ᠠᠶᠠᠯᠠᠯ ᠤᠨ ᠱᠤᠭᠤᠮ ᠤᠨ ᠡᠰᠢ ᠰᠠᠯᠪᠤᠷᠢ ᠵᠠᠮ ᠨᠡᠪᠲᠡᠷᠡᠯᠭᠡ᠂ ᠰᠠᠯᠪᠤᠷᠢ | ᠰᠠᠯᠪᠤᠷᠢ ᠵᠠᠮ ᠨᠡᠪᠲᠡᠷᠡᠯᠭᠡ᠂ ᠪᠥᠬᠦ ᠰᠦᠯᠵᠢᠶ᠎ᠡ ᠶᠢ ᠬᠤᠯᠪᠣᠬᠤ ᠶᠢ ᠲᠣᠳᠣᠷᠬᠠᠶ ᠳᠤᠷᠠᠳᠤᠨ ᠭᠠᠷᠭᠠᠵᠠᠶ᠂ ᠤᠴᠢᠷ ᠨᠢ | ᠮᠠᠨ ᠤ ᠣᠷᠣᠨ ᠭᠠᠵᠠᠷ ᠠᠭᠤᠳᠠᠮ ᠬᠥᠮᠦᠨ ᠴᠥᠭᠡᠨ ᠪᠣᠯᠬᠤᠷ ᠪᠣᠶ ᠪᠥᠬᠦᠶ ᠭᠠᠵᠠᠷ ᠣᠷᠣᠨ ᠤ ᠶᠠᠪᠤᠵᠤ ᠰᠠᠭᠤᠬᠤ ᠶᠢ | ᠴᠥᠮ ᠭᠠᠵᠠᠷ ᠳᠡᠭᠡᠷᠡᠬᠢ ᠵᠠᠮ ᠬᠠᠷᠢᠯᠴᠠᠭ᠎ᠠ ᠳᠤ ᠲᠦᠰᠢᠭᠯᠡᠨ ᠰᠢᠢᠳᠪᠦᠷᠢᠯᠡᠵᠦ ᠪᠣᠯᠬᠤ ᠥᠬᠡᠶ᠂ ᠳᠠᠷᠤᠶ ᠨᠡᠶᠢᠳᠡᠮ | ᠬᠡᠷᠡᠭᠯᠡᠭᠡᠨ ᠤ ᠠᠭᠠᠷ ᠤᠨ ᠠᠶᠠᠯᠠᠯ ᠢ ᠬᠥᠭᠵᠢᠭᠦᠯᠵᠦ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ | ᠪᠥᠭᠡᠮᠨᠡᠷᠡᠯ ᠢ ᠪᠠᠶᠢᠭᠤᠯᠵᠤ᠂ ᠥᠷᠭᠡᠨ ᠳᠡᠯᠭᠡᠷ ᠨᠡᠪᠲᠡᠷᠡᠭᠰᠡᠨ᠂ ᠳᠥᠭᠦᠮ ᠳᠥᠲᠡ ᠥᠨᠳᠥᠷ ᠪᠦᠲᠦᠮᠵᠢᠲᠡᠶ ᠣᠯᠠᠨ | ᠨᠡᠶᠢᠲᠡ ᠶᠢᠨ ᠠᠭᠠᠷ ᠤᠨ ᠠᠶᠠᠯᠠᠯ ᠤᠨ ᠲᠡᠭᠡᠭᠡᠪᠦᠷᠢ ᠶᠢᠨ ᠲᠣᠤᠷ ᠢ ᠲᠦᠷᠭᠡᠪᠴᠢᠯᠡᠨ ᠪᠠᠶᠢᠭᠤᠯᠬᠤ ᠬᠡᠷᠡᠭᠲᠡᠶ᠂ ᠡᠨᠡ ᠨᠢ | ᠰᠠᠶ᠋ᠢ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠨᠡᠶᠢᠴᠡᠵᠦ ᠪᠠᠶᠢᠭ᠎ᠠ ᠶᠤᠮ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ | ᠳ᠋ᠢᠩ 2022 — 02 — 15 15᠄ 04 | ᠪᠠᠰᠠ ᠬᠡᠷᠡᠭᠯᠡᠭᠡ ᠶᠢ ᠠᠬᠢᠭᠤᠯᠬᠤ ᠲᠠᠯ᠎ᠠ ᠪᠠᠷ᠂ ᠣᠳᠣᠬᠠᠨ ᠳᠤ ᠪᠢᠳᠡᠨ ᠳᠤ ᠲᠤᠯᠭᠠᠷᠠᠵᠤ ᠪᠠᠶᠢᠭ᠎ᠠ ᠬᠠᠮᠤᠭ ᠤᠨ | ᠲᠣᠪᠤᠶᠢᠮ᠎ᠠ ᠠᠰᠠᠭᠤᠳᠠᠯ ᠪᠣᠯ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠬᠦᠷᠦᠯᠴᠡᠬᠦ ᠴᠢᠨᠠᠷᠲᠠᠶ | ᠬᠡᠷᠡᠭᠯᠡᠭᠡ ᠶᠢᠨ ᠰᠡᠷᠭᠦᠯᠲᠡ ᠤᠳᠠᠭᠠᠨ ᠪᠠᠶᠢᠬᠤ ᠶᠠᠪᠤᠳᠠᠯ ᠪᠣᠯᠤᠨ᠎ᠠ᠂ ᠡᠭᠦᠨ ᠤ ᠲᠤᠬᠠᠶ ︽ᠢᠯᠡᠳᠬᠡᠯ︾ ᠳᠤ ᠨᠢᠭᠡᠨ | ᠮᠠᠰᠢ ᠶᠡᠭᠡ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ᠂ ᠲᠤᠬᠠᠶᠢᠯᠠᠪᠠᠯ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠦᠢᠯᠡᠴᠢᠯᠡᠭᠡᠨ ᠤ ᠠᠵᠢᠯᠯᠠᠭᠠᠨ ᠤ ᠳᠦᠷᠢᠮᠵᠢᠯ ᠢ ᠠᠵᠢᠯ ᠳᠦᠷᠦᠯ | ᠬᠤᠪᠢᠶᠠᠨ ᠲᠡᠭᠦᠯᠳᠡᠷᠵᠢᠭᠦᠯᠬᠦ ᠶᠢᠨ ᠬᠠᠮᠲᠤ ᠬᠡᠷᠡᠭᠯᠡᠭᠡᠨ ᠤ ᠨᠡᠮᠡᠭᠳᠡᠯ ᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ | ᠲᠣᠭᠲᠠᠭᠠᠪᠠ᠂ ᠪᠢᠳᠡᠨ ᠤ ᠠᠪᠤᠭᠰᠠᠨ ᠠᠷᠭ᠎ᠠ ᠬᠡᠮᠵᠢᠶ᠎ᠡ ᠪᠣᠯ ᠠᠮᠠᠷᠠᠯᠲᠠ ᠶᠢᠨ ᠡᠳᠦᠷ ᠤᠨ ᠬᠡᠷᠡᠭᠯᠡᠭᠡ᠂ ᠵᠡᠭᠡᠯᠢ | ᠭᠤᠳᠤᠮᠵᠢ ᠶᠢᠨ ᠵᠠᠬ᠎ᠠ ᠳᠡᠯᠭᠡᠭᠦᠷ᠂ ᠳᠡᠯᠭᠡᠭᠦᠷ ᠫᠦᠰᠡ᠂ ᠰᠥᠨᠢ ᠶᠢᠨ ᠠᠵᠤ ᠠᠬᠤᠶ ᠵᠡᠷᠭᠡ ᠶᠢ ᠪᠦᠬᠦ ᠲᠠᠯ᠎ᠠ ᠪᠠᠷ | ᠬᠥᠭᠵᠢᠶᠡᠨ ᠲᠠᠢ ᠪᠣᠯᠭᠠᠬᠤ ᠶᠢᠨ ᠲᠥᠯᠥᠭᠡ ᠶᠤᠮ᠃ ᠲᠡᠷᠡ ᠮᠥᠷᠲᠡᠭᠡᠨ ᠥᠪᠥᠷ ᠮᠣᠩᠭᠤᠯ ᠤᠨ ᠬᠡᠷᠡᠭᠯᠡᠭᠡᠨ ᠤ ᠵᠠᠬ᠎ᠠ | ᠳᠡᠯᠭᠡᠭᠦᠷ ᠤᠨ ᠣᠨᠴᠠᠯᠢᠭ ᠢᠶᠠᠷ ᠠᠪᠴᠤ ᠬᠡᠯᠡᠪᠡᠯ᠂ ᠮᠠᠨ ᠤ ᠣᠷᠣᠨ ᠤ ᠬᠡᠷᠡᠭᠯᠡᠭᠡ ᠨᠢ ᠪᠥᠬᠦ ᠤᠯᠤᠰ ᠤᠨ ᠲᠣᠮᠣ ᠵᠠᠬ᠎ᠠ | ᠳᠡᠯᠭᠡᠭᠦᠷ᠂ ᠢᠯᠠᠩᠭᠤᠶ᠎ᠠ ᠵᠢᠭᠤᠯᠴᠢᠯᠠᠯ ᠤᠨ ᠬᠡᠷᠡᠭᠯᠡᠭᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠬᠡᠷᠡᠭᠯᠡᠭᠡ ᠳᠤ ᠨᠠᠩ ᠢᠯᠡᠭᠦᠤ ᠲᠦᠰᠢᠭᠯᠡᠬᠦ ᠴᠢᠬᠤᠯᠠᠲᠠᠶ ᠶᠤᠮ᠃ ᠵᠤᠭᠠᠴᠠᠯ ᠤᠨ ᠶᠠᠰᠤ ᠴᠢᠨᠠᠷ ᠪᠠ | ᠵᠡᠷᠭᠡ ᠳᠡᠰ ᠢ ᠳᠡᠭᠡᠭᠰᠢᠯᠡᠭᠦᠯᠵᠦ᠂ ᠨᠡᠩ ᠤᠯᠠᠨ ᠣᠷᠣᠨ ᠤ ᠭᠠᠳᠠᠨᠠᠬᠢ ᠪᠠ ᠭᠠᠳᠠᠭᠠᠳᠤ ᠶᠢᠨ ᠵᠤᠭᠠᠴᠠᠭᠰᠠᠳ ᠢ | ᠲᠠᠲᠠᠵᠤ ᠮᠠᠨ ᠤ ᠣᠷᠣᠨ ᠳᠤ ᠢᠷᠡᠭᠦᠯᠵᠦ ᠬᠡᠷᠡᠭᠯᠡᠭᠡ ᠬᠢᠯᠭᠡᠬᠦ ᠬᠡᠷᠡᠭᠲᠡᠢ︔ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠦᠨ ᠨᠠᠷᠠᠲᠤ ᠲᠥᠷᠥᠯ ᠲᠡᠮᠳᠡᠭᠲᠦ ᠶᠢ ᠡᠭᠦᠳᠴᠦ᠂ ᠨᠠᠩ ᠣᠯᠠᠨ | ᠪᠣᠬᠢᠷᠲᠤᠯ ᠥᠬᠡᠶ ᠴᠢᠨᠠᠷ ᠰᠠᠶᠢᠲᠠᠶ ᠪᠦᠲᠦᠭᠡᠭᠳᠡᠬᠦᠨ ᠢ ᠪᠥᠬᠦ ᠤᠯᠤᠰ ᠤᠨ ᠡᠯ᠎ᠡ ᠭᠠᠵᠠᠷ ᠲᠤ ᠬᠤᠳᠠᠯᠳᠤᠬᠤ ᠬᠡᠷᠡᠭᠲᠡᠶ᠂ | ᠡᠲᠡᠭᠡᠷ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠴᠦ ︽ᠮᠡᠳᠡᠭᠦᠯᠦᠯᠲᠡ︾ ᠶᠢᠨ ᠪᠤᠰᠤᠳ ᠬᠡᠰᠡᠭ ᠲᠤ ᠪᠠᠶᠢᠷᠢᠯᠠᠭᠤᠯᠪᠠ | ᠃ | ᠬᠥᠲᠥᠯᠥᠭᠴᠢ᠄ 2022 — 02 — 15 15᠄ 04 | ᠲᠡᠭᠡᠪᠡᠯ ᠠᠵᠤ ᠦᠢᠯᠡᠰ ᠤᠨ ᠪᠦᠯᠦᠭᠯᠡᠯ ᠪᠠ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠬᠤ ᠲᠠᠯ᠎ᠠ ᠪᠠᠷ | ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠪᠠᠶᠢᠬᠤ ᠪᠣᠶ︖ ᠯᠢ ᠭᠠᠵᠠᠷ ᠤᠨ ᠳᠠᠷᠤᠭ᠎ᠠ ᠪᠢᠳᠡᠨ ᠳᠤ ᠬᠠᠷᠢᠭᠤᠯᠲᠠ ᠥᠭᠬᠦ | ᠪᠣᠯᠪᠠ ᠤᠤ︖ | ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 15 | 15᠄ 04 | ᠪᠣᠯᠤᠨ᠎ᠠ᠂ ᠪᠢᠳᠡ ᠬᠡᠳᠦ᠋ᠢᠪᠡᠷ ᠬᠡᠷᠡᠭᠴᠡᠭᠡ ᠲᠠᠢ᠂ ᠨᠥᠬᠦᠴᠡᠯ ᠲᠠᠢ ᠠᠵᠤ ᠦᠢᠯᠡᠰ ᠢ ᠪᠦᠷ ᠬᠢᠵᠦ ᠪᠣᠯᠤᠨ᠎ᠠ | ᠭᠡᠳᠡᠭ ᠢ ᠮᠡᠳᠡᠬᠦ ᠪᠣᠯᠪᠠᠴᠤ᠂ ᠪᠢᠳᠡ ᠣᠳᠣᠬᠠᠨ ᠤ ᠱᠠᠲᠤᠨ ᠳᠤ ᠠᠯᠢᠪᠠ ᠠᠵᠤ ᠦᠢᠯᠡᠰ ᠢ ᠪᠦᠷ ᠬᠢᠵᠦ ᠳᠡᠶᠢᠯᠬᠦ | ᠦᠭᠡᠶ ᠶᠤᠮ᠂ ᠲᠡᠭᠡᠪᠡᠯ ᠭᠤᠣᠯᠳᠠᠯᠭ᠎ᠠ ᠦᠭᠡᠶ ᠪᠣᠯᠬᠤ ᠪᠥᠭᠡᠳ ᠪᠡᠶᠡᠯᠡᠭᠦᠯᠵᠦ ᠴᠦ ᠳᠡᠶᠢᠯᠬᠦ ᠦᠭᠡᠶ ᠪᠣᠯᠤᠨ᠎ᠠ᠃ | ᠶᠡᠷᠦᠩᠬᠡᠶ ᠱᠦᠵᠢ ᠪᠢᠳᠡᠨ ᠳᠤ᠄ ᠥᠪᠡᠷ ᠤᠨ ᠳᠠᠪᠠᠭᠤᠯᠢᠭ ᠬᠦᠷᠢᠶ᠎ᠡ ᠪᠣᠯᠤᠨ ᠬᠦᠷᠦᠯᠴᠡᠬᠦ ᠦᠭᠡᠶ ᠲᠠᠯ᠎ᠠ ᠪᠠᠨ | ᠭᠦᠨᠵᠡᠭᠡᠶ ᠵᠠᠳᠠᠯᠵᠤ᠂ ᠠᠵᠤ ᠠᠬᠤᠶ ᠶᠢᠨ ᠬᠥᠭᠵᠢᠯᠲᠡ ᠶᠢᠨ ᠭᠤᠣᠯᠳᠠᠯᠭ᠎ᠠ ᠲᠠᠢ ᠠᠵᠤ ᠦᠢᠯᠡᠰ ᠪᠣᠯᠤᠨ ᠭᠤᠣᠯ | ᠰᠢᠪᠲᠤᠯᠤᠯᠲᠠ ᠶᠢᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ | ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠪᠤᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠤᠴᠢᠷ ᠠᠴᠠ | ᠭᠦᠨᠵᠡᠭᠡᠶ ᠰᠤᠳᠤᠯᠤᠨ ᠶᠠᠷᠢᠯᠴᠠᠬᠤ ᠪᠠᠷ ᠲᠠᠮᠵᠢᠨ᠂ ︽ᠢᠯᠡᠳᠬᠡᠯ︾ ᠳᠤ ᠪᠣᠬᠢᠷᠲᠤᠯ ᠦᠭᠡᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠰᠢᠨ᠎ᠡ ᠡᠨᠧᠷᠭᠢ ᠶᠢᠨ ᠰᠤᠷᠪᠤᠯᠵᠢ᠂ ᠰᠢᠨ᠎ᠡ ᠮᠠᠲ᠋ᠧᠷᠢᠶᠠᠯ | ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠤᠳᠤ ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ᠂ | ᠠᠮᠢᠳᠤ ᠪᠣᠳᠠᠰ ᠤᠨ ᠡᠮ ᠡᠮᠨᠡᠯᠭᠡ᠂ ᠲᠤᠭᠠᠵᠢᠭᠤᠯᠤᠭᠰᠠᠨ ᠠᠵᠤ ᠠᠬᠤᠶ᠂ ᠤᠳᠤ ᠦᠶ᠎ᠡ ᠶᠢᠨ ᠦᠢᠯᠡᠴᠢᠯᠡᠭᠡᠨ ᠤ | ᠦᠢᠯᠡᠰ ᠵᠡᠷᠭᠡ ᠠᠵᠤ ᠦᠢᠯᠡᠰ ᠤᠨ ᠪᠥᠭᠡᠮᠨᠡᠷᠡᠯ ᠢ ᠲᠥᠪᠯᠡᠷᠡᠭᠦᠯᠦᠨ ᠪᠤᠢ ᠪᠣᠯᠭᠠᠵᠤ᠂ ᠲᠦᠷᠦᠭᠦᠦ ᠪᠦᠯᠦᠭ ᠲᠤ 12 | ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠤᠢ ᠪᠣᠯᠭᠠᠨ᠎ᠠ ᠭᠡᠵᠦ ᠲᠣᠳᠣᠷᠬᠠᠶ ᠳᠤᠷᠠᠳᠤᠨ | ᠭᠠᠷᠭᠠᠵᠠᠶ᠃ | ᠬᠥᠲᠥᠯᠥᠭᠴᠢ᠄ 2022 — 02 — 15 15᠄ 05 | ᠲᠡᠭᠡᠪᠡᠯ ᠲᠠᠷᠢᠶᠠᠯᠠᠩ ᠮᠠᠯ ᠠᠵᠤ ᠠᠬᠤᠶ ᠶᠢᠨ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠪᠠ ᠰᠢᠨ᠎ᠡ | ᠳᠤᠷᠠᠳᠤᠯᠭ᠎ᠠ ᠪᠠᠶᠢᠬᠤ ᠪᠣᠶ︖ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ | ᠳ᠋ᠢᠩ 2022 — 02 — 15 15᠄ 06 | ᠮᠠᠨ ᠤ ᠣᠷᠣᠨ ᠪᠣᠯ ᠪᠥᠬᠦ ᠤᠯᠤᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠲᠣᠮᠣ ᠣᠷᠣᠨ ᠪᠠᠶᠢᠵᠤ᠂ ᠨᠢᠳᠤᠨᠤᠨ ᠤ ᠠᠮᠤ ᠪᠤᠳᠠᠭᠠᠨ ᠤ ᠤᠨᠠᠯᠲᠠ 768 ᠳ᠋ᠦᠩᠰᠢᠭᠤᠷ | ᠵᠢᠩ ᠳᠤ ᠬᠦᠷᠴᠦ᠂ ᠪᠥᠬᠦ ᠤᠯᠤᠰ ᠤᠨ ᠨᠡᠷᠡᠰ ᠤᠨ ᠵᠢᠭᠰᠠᠭᠠᠯᠲᠠ ᠳᠤ ᠵᠢᠷᠭᠤᠳᠤᠭᠠᠷ ᠲᠤ ᠵᠢᠭᠰᠠᠭᠠᠭᠳᠠᠪᠠ︔ | ᠦᠨᠢᠶᠡᠨ ᠰᠦ᠋ ᠶᠢᠨ ᠭᠠᠷᠤᠯᠲᠠ 673 ᠲᠦᠮᠡᠨ ᠲᠣᠨ ᠪᠠᠶᠢᠵᠤ᠂ ᠪᠥᠬᠦ ᠤᠯᠤᠰ ᠤᠨ ᠴᠣᠷ ᠤᠨ ᠭᠠᠭᠴᠠ 600 | ᠲᠦᠮᠡᠨ ᠲᠣᠨ ᠢ ᠳᠠᠪᠠᠭᠰᠠᠨ ᠮᠤᠵᠢ ᠣᠷᠣᠨ ᠪᠣᠯᠤᠨ᠎ᠠ᠂ ᠪᠥᠬᠦ ᠤᠯᠤᠰ ᠤᠨ ᠠᠷᠠᠳ ᠲᠦᠮᠡᠨ ᠤ ᠤᠤᠭᠤᠬᠤ | ᠦᠨᠢᠶᠡᠨ ᠰᠦ᠋ ᠶᠢᠨ 5 ᠴᠣᠮᠣ ᠪᠦᠷᠢ ᠶᠢᠨ 1 ᠴᠣᠮᠣ ᠨᠢ ᠮᠠᠨ ᠤ ᠣᠷᠣᠨ ᠤ ᠬᠢ ᠪᠣᠯᠤᠨ᠎ᠠ︔ ᠦᠬᠡᠷ ᠤᠨ ᠮᠢᠬ᠎ᠠ᠂ | ᠬᠤᠨᠢᠨ ᠮᠢᠬ᠎ᠠ᠂ ᠢᠮᠠᠭᠠᠨ ᠨᠣᠯᠤᠤᠷ᠂ ᠲᠡᠵᠢᠭᠡᠯ ᠡᠪᠡᠰᠦᠨ ᠤ ᠭᠠᠷᠤᠯᠲᠠ ᠴᠥᠮ ᠪᠦᠬᠦ ᠤᠯᠤᠰ ᠤᠨ ᠲᠡᠷᠢᠭᠦᠨ ᠳᠤ | ᠣᠷᠣᠵᠤ᠂ ᠥᠪᠥᠷ ᠮᠣᠩᠭᠤᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠪᠠ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠳᠤ ᠲᠦᠢᠯ ᠤᠨ ᠴᠢᠬᠤᠯᠠ ᠪᠠᠶᠢᠷᠢ ᠰᠠᠭᠤᠷᠢ ᠲᠠᠢ ᠶᠤᠮ᠂ | ᠡᠨᠡ ᠪᠣᠯ ᠥᠪᠥᠷ ᠮᠣᠩᠭᠤᠯ ᠤᠨ ᠳᠠᠪᠠᠭᠤᠯᠢᠭ ᠲᠠᠯ᠎ᠠ ᠪᠣᠯᠤᠨ᠎ᠠ᠂ ᠮᠥᠨᠴᠦ ᠪᠢᠳᠡᠨ ᠤ ᠡᠷᠬᠡᠪᠰᠢ ᠡᠭᠦᠷᠭᠡᠯᠡᠬᠦ ᠴᠢᠬᠤᠯᠠ | ᠶᠡᠭᠡ ᠬᠠᠷᠢᠭᠤᠴᠠᠯᠭ᠎ᠠ ᠪᠣᠯᠤᠨ᠎ᠠ᠃ ᠡᠭᠦᠨ ᠤ ᠬᠠᠮᠲᠤ ᠪᠢᠳᠡ ᠪᠠᠰᠠ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠃ | ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠣᠳᠣᠬᠠᠨ ᠳᠤ ᠪᠠᠰᠠ ᠳᠣᠣᠷ᠎ᠠ ᠲᠦᠪᠰᠢᠨ ᠤ᠂ | ᠪᠦᠳᠦᠭᠦᠯᠢᠭ ᠬᠥᠭᠵᠢᠯᠲᠡ ᠶᠢᠨ ᠱᠠᠲᠤᠨ ᠳᠤ ᠣᠷᠣᠰᠢᠵᠤ᠂ ᠡᠬᠢ ᠪᠠᠶᠠᠯᠢᠭ ᠣᠷᠴᠢᠨ ᠠᠬᠤᠶ ᠢᠯᠠᠩᠭᠤᠶ᠎ᠠ ᠤᠰᠤᠨ ᠤ | ᠡᠬᠢ ᠪᠠᠶᠠᠯᠢᠭ ᠤᠨ ᠵᠠᠷᠤᠴᠠᠭᠤᠯᠬᠤ ᠦᠨ᠎ᠡ ᠥᠷᠲᠡᠭ ᠨᠢ ᠬᠡᠲᠦ ᠶᠡᠭᠡ᠂ ᠦᠢᠯᠡᠳᠪᠦᠷᠢᠯᠡᠯ ᠤᠨ ᠥᠪᠡᠷ ᠤᠨ | ᠥᠷᠲᠡᠭ ᠨᠢ ᠬᠡᠲᠦ ᠥᠨᠳᠥᠷ ᠪᠣᠯᠬᠤᠷ ᠡᠷᠬᠡᠪᠰᠢ ᠬᠡᠯᠪᠡᠷᠢ ᠪᠠᠨ ᠲᠦᠷᠭᠡᠪᠴᠢᠯᠡᠨ ᠬᠤᠪᠢᠷᠠᠭᠤᠯᠬᠤ ᠬᠡᠷᠡᠭᠲᠡᠶ᠂ | ᠡᠶᠢᠮᠦ ᠠᠴᠠ ︽ᠢᠯᠡᠳᠬᠡᠯ︾ ᠳᠤ ᠲᠥᠷᠥᠯ ᠵᠦᠢᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ | ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠨᠠᠩ ᠢᠯᠡᠭᠦᠤ ᠴᠢᠬᠤᠯᠠᠴᠢᠯᠠᠵᠤ᠂ ᠲᠠᠷᠢᠶᠠᠯᠠᠩ ᠮᠠᠯ ᠠᠵᠤ ᠠᠬᠤᠶ ᠶᠢᠨ | ᠪᠥᠬᠦ ᠠᠵᠤ ᠦᠢᠯᠡᠰ ᠤᠨ ᠬᠡᠯᠬᠢᠶ᠎ᠡ ᠶᠢ ᠡᠷᠴᠢᠮᠵᠢᠭᠦᠯᠬᠦ᠂ ᠬᠡᠪᠴᠢᠶᠡᠵᠢᠭᠦᠯᠬᠦ᠂ ᠳᠡᠭᠡᠳᠦ ᠲᠠᠰ ᠤᠨ ᠬᠥᠭᠵᠢᠯᠲᠡ ᠶᠢ | ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠶᠡᠭᠡ | ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢᠶᠠᠷ ᠬᠦᠴᠦᠷᠬᠡᠭ ᠣᠷᠣᠨ ᠳᠠᠰᠢ ᠤᠷᠤᠭᠰᠢᠯᠠᠬᠤ ᠶᠢ | ᠠᠬᠢᠭᠤᠯᠤᠨ᠎ᠠ ᠭᠡᠵᠦ ᠳᠤᠷᠠᠳᠤᠨ ᠭᠠᠷᠭᠠᠵᠠᠶ᠃ | ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 15 | 15᠄ 07 | ᠪᠠᠰᠠ ᠵᠢᠱᠢᠶᠡᠯᠡᠪᠡᠯ ᠰᠢᠨ᠎ᠡ ᠡᠨᠧᠷᠭᠢ ᠶᠢᠨ ᠰᠤᠷᠪᠤᠯᠵᠢ ᠪᠠᠷ ᠠᠪᠴᠤ ᠬᠡᠯᠡᠪᠡᠯ᠂ ᠡᠨᠡ ᠵᠢᠯ ᠰᠢᠨ᠎ᠡ | ᠡᠨᠧᠷᠭᠢ ᠶᠢᠨ ᠰᠤᠷᠪᠤᠯᠵᠢ ᠶᠢᠨ ᠲᠣᠣᠷ ᠲᠤ ᠨᠡᠶᠢᠯᠡᠭᠦᠯᠬᠦ ᠬᠡᠪᠴᠢᠶ᠎ᠡ ᠶᠢ 2000 ᠲᠦᠮᠡᠨ ᠺᠢᠯᠣᠸᠠᠲ ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠵᠦ᠂ ᠲᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ | ᠬᠤᠪᠢ ᠶᠢᠨ ᠵᠢᠩ ᠢ 40% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ᠪᠢᠳᠡ ᠡᠨᠡ ᠬᠦ ᠬᠠᠷᠠᠯᠲᠠ ᠶᠢ | ᠶᠠᠭᠠᠬᠢᠭᠰᠠᠨ ᠴᠤ ᠪᠠᠰᠤᠵᠤ ᠪᠣᠯᠬᠤ ᠦᠭᠡᠢ᠃ ᠤᠴᠢᠷ ᠨᠢ ᠮᠠᠨ ᠤ ᠣᠷᠣᠨ ᠤ ᠢᠯᠴᠢ ᠶᠢᠨ ᠴᠠᠬᠢᠯᠭᠠᠨ ᠤ ᠮᠠᠰᠢᠨ | ᠴᠣᠭᠴᠠᠯᠠᠪᠤᠷᠢ ᠶᠢᠨ ᠬᠡᠪᠴᠢᠶ᠎ᠡ ᠨᠢᠭᠡᠨᠲᠡ 1 ᠳ᠋ᠦᠩᠰᠢᠭᠤᠷ ᠺᠢᠯᠣᠸᠠᠲ ᠲᠤ ᠬᠦᠷᠴᠦ᠂ ᠶᠡᠷᠦᠩᠬᠡᠶ ᠮᠠᠰᠢᠨ | ᠴᠣᠭᠴᠠᠯᠠᠪᠤᠷᠢ ᠶᠢᠨ ᠬᠡᠪᠴᠢᠶ᠎ᠡ ᠨᠢ 1.5 ᠳ᠋ᠦᠩᠰᠢᠭᠤᠷ ᠺᠢᠯᠣᠸᠠᠲ ᠢ ᠳᠠᠪᠠᠵᠤ᠂ ᠰᠠᠭᠤᠷᠢ ᠬᠡᠮᠵᠢᠶ᠎ᠡ ᠨᠢ ᠮᠠᠰᠢ | ᠥᠨᠳᠥᠷ ᠪᠠᠶᠢᠵᠤ᠂ ᠪᠥᠬᠦ ᠤᠯᠤᠰ ᠤᠨ ᠪᠠᠶᠢᠷᠢᠰᠢᠯ ᠳᠤ ᠴᠤ ᠨᠢᠭᠡ ᠬᠤᠶᠠᠷ ᠲᠤ ᠣᠷᠣᠨ᠎ᠠ᠂ ᠡᠶᠢᠮᠦ ᠠᠴᠠ ᠮᠠᠨ ᠤ | ᠣᠷᠣᠨ ᠤ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠬᠤᠪᠢ ᠶᠢᠨ | ᠵᠢᠩ ᠢ 40% ᠪᠠ ᠪᠤᠰᠤᠳ ᠮᠤᠵᠢ ᠣᠷᠣᠨ ᠤ ᠬᠢ ᠶᠢ 40% ᠬᠦᠷᠲᠡᠯ᠎ᠡ ᠳᠡᠭᠡᠭᠰᠢᠯᠡᠭᠦᠯᠦᠭᠰᠡᠨ ᠨᠢ ᠨᠢᠭᠡ | ᠤᠬᠠᠭᠳᠠᠬᠤᠨ ᠪᠢᠰᠢ᠂ ᠨᠢᠭᠡ ᠬᠡᠮᠵᠢᠶ᠎ᠡ ᠶᠢᠨ ᠲᠠᠰ ᠴᠤ ᠪᠢᠰᠢ᠂ ᠪᠥᠬᠦ ᠤᠯᠤᠰ ᠤᠨ ᠡᠨᠧᠷᠭᠢ ᠶᠢᠨ ᠰᠤᠷᠪᠤᠯᠵᠢ ᠶᠢᠨ | ᠪᠦᠲᠦᠴᠡ ᠶᠢᠨ ᠬᠤᠪᠢᠷᠠᠯᠲᠠ ᠳᠤ ᠴᠥᠮ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠡᠭᠦᠨ ᠠᠴᠠ | ᠦᠵᠡᠬᠦ ᠳᠤ᠂ ᠮᠠᠨ ᠤ ᠣᠷᠣᠨ ᠤ ᠰᠢᠨ᠎ᠡ ᠡᠨᠧᠷᠭᠢ ᠶᠢᠨ ᠬᠥᠭᠵᠢᠯᠲᠡ ᠶᠢᠨ ᠡᠷᠴᠢᠮ ᠤᠨ ᠶᠡᠭᠡ᠂ ᠬᠠᠨᠳᠤᠰᠢ ᠶᠢᠨ | ᠲᠦᠷᠭᠡᠨ ᠨᠢ ᠤᠷᠢᠳ ᠡᠮᠦᠨ᠎ᠡ ᠪᠠᠶᠢᠭ᠎ᠠ ᠥᠬᠡᠶ᠂ ᠡᠯ᠎ᠡ ᠮᠤᠵᠢ ᠳᠤ ᠪᠠᠶᠢᠭ᠎ᠠ ᠥᠬᠡᠶ ᠶᠤᠮ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ | ᠳ᠋ᠢᠩ 2022 — 02 — 15 15᠄ 10 | ᠡᠭᠦᠨ ᠠᠴᠠ ᠭᠠᠳᠠᠨ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠪᠠᠰᠠ ᠴᠤ | ᠮᠠᠨ ᠤ ᠡᠨᠡ ᠵᠢᠯ ᠤᠨ ᠢᠯᠡᠳᠬᠡᠯ ᠳᠠᠬᠢ ᠨᠢᠭᠡᠨ ᠬᠢᠯᠠᠰ ᠴᠡᠭ ᠮᠥᠨ᠂ ︽ᠢᠯᠡᠳᠬᠡᠯ︾ ᠳᠤ ᠲᠡᠷᠢᠭᠦᠨ ᠤ ᠬᠢ ᠪᠠᠷ | ᠪᠠᠷᠢᠮᠵᠢᠶᠠᠯᠠᠵᠤ᠂ ᠲᠡᠷᠢᠭᠦᠨ ᠤ ᠬᠢ ᠠᠴᠠ ᠰᠤᠷᠤᠯᠴᠠᠵᠤ᠂ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ | ᠳᠡᠰ ᠳᠡᠪᠰᠢᠭᠰᠡᠨ ᠬᠡᠪ ᠵᠠᠭᠪᠤᠷ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠶ ᠭᠡᠵᠦ ᠲᠣᠳᠣᠷᠬᠠᠶ ᠳᠤᠷᠠᠳᠤᠨ | ᠭᠠᠷᠭᠠᠵᠠᠶ᠃ ᠥᠭᠡᠷ᠎ᠡ ᠪᠠᠷ ᠬᠡᠯᠡᠪᠡᠯ ᠮᠠᠨ ᠤ ᠥᠪᠡᠷᠲᠡᠭᠡᠨ ᠵᠠᠰᠠᠬᠤ ᠣᠷᠣᠨ ᠲᠡᠷᠢᠭᠦᠨ ᠤ ᠭᠠᠵᠠᠷ ᠣᠷᠣᠨ ᠠᠴᠠ | ᠲᠡᠷᠢᠭᠦᠨ ᠤ ᠬᠢᠳᠡᠯ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠬᠤ ᠬᠡᠷᠡᠭᠲᠡᠶ᠃ ᠮᠡᠳᠡᠭᠦᠯᠦᠯᠲᠡ ᠳᠤ ᠳᠠᠷᠤᠶ ᠮᠠᠰᠢ | ᠣᠯᠠᠨ ᠰᠢᠨ᠎ᠡ ᠶᠢ ᠡᠭᠦᠳᠬᠦ ᠴᠢᠨᠠᠷᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ᠂ ᠵᠢᠱᠢᠶᠡᠯᠡᠪᠡᠯ ᠬᠥᠬᠡᠬᠤᠲᠠ | ᠪᠤᠭᠤᠲᠤ ᠣᠷᠳᠣᠰ ᠦᠵᠦᠭᠦᠷ ᠲᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠷᠬᠡ ᠶᠢᠨ ᠵᠦᠢᠯᠡᠰ ᠢ ᠪᠥᠬᠦ | ᠲᠠᠯ᠎ᠠ ᠪᠠᠷ ᠳᠣᠷᠣᠭᠰᠢ ᠪᠠᠭᠤᠯᠭᠠᠬᠤ ᠲᠤᠷᠰᠢᠯᠲᠠ ᠶᠢ ᠥᠷᠨᠢᠭᠦᠯᠬᠦ ᠪᠠᠷ ᠳᠤᠷᠠᠳᠤᠨ ᠭᠠᠷᠭᠠᠪᠠ︔ ︽ᠨᠢᠭᠡ | ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠡᠬᠢᠯᠡᠭᠦᠯᠦᠨ᠎ᠡ︔ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠯᠠᠮᠰᠢᠯ ᠤᠲᠠᠰᠤ ᠶᠢ ︽ᠨᠢᠭᠡ ᠯᠡ ᠤᠲᠠᠰᠤ ᠪᠠᠷ ᠨᠡᠪᠲᠡᠷᠡᠭᠦᠯᠬᠦ︾ ᠶᠢ ᠳᠥᠯᠭᠢᠨ ᠠᠬᠢᠭᠤᠯᠬᠤ ᠶᠢ | ᠳᠤᠷᠠᠳᠤᠨ ᠭᠠᠷᠭᠠᠭᠰᠠᠨ ᠨᠢ ᠳᠠᠷᠤᠶ ᠲᠡᠷᠢᠭᠦᠨ ᠤ ᠬᠢ ᠲᠠᠢ ᠨᠢᠭᠤᠷᠯᠠᠨ᠂ ᠬᠠᠷᠠᠯᠲᠠ ᠪᠠᠨ ᠣᠨᠢᠯᠠᠵᠤ᠂ ᠱᠠᠯᠠᠮᠠᠭᠠᠶᠢᠯᠠᠨ | ᠤᠷᠤᠭᠰᠢᠯᠠᠵᠤ ᠱᠠᠯᠠᠮᠠᠭᠠᠶᠢᠯᠠᠨ ᠨᠡᠬᠡᠬᠦ ᠶᠠᠪᠤᠳᠠᠯ ᠪᠣᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠡᠩ ᠰᠠᠶᠢᠨ ᠦᠢᠯᠡᠴᠢᠯᠡᠬᠦ ᠶᠢᠨ ᠲᠥᠯᠥᠭᠡ ᠶᠤᠮ᠂ | ︽ᠢᠯᠡᠳᠬᠡᠯ︾ ᠤᠨ ᠳᠣᠲᠣᠷᠠᠬᠢ ᠨᠢᠭᠡ ᠪᠠᠳᠠᠭ ᠦᠭᠡ ᠨᠢ ᠨᠡᠶᠢᠭᠡᠮ ᠳᠡᠭᠡᠷ᠎ᠡ ᠥᠷᠭᠡᠨ ᠢᠶᠠᠷ ᠶᠠᠷᠢᠯᠴᠠᠬᠤ ᠬᠠᠯᠠᠮᠰᠢᠯ ᠢ | ᠪᠤᠢ ᠪᠣᠯᠭᠠᠵᠠᠶ᠂ ᠡᠨᠡ ᠪᠠᠳᠠᠭ ᠦᠭᠡ ᠶᠢ ᠢᠩᠭᠢᠵᠦ ᠶᠠᠷᠢᠭᠰᠠᠨ ᠶᠤᠮ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠴᠤ ᠲᠡᠷᠡ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠴᠤ ᠲᠡᠷᠡ᠂ ᠬᠡᠳᠦᠶ ᠬᠦᠴᠢᠷᠳᠡᠯ ᠲᠠᠢ | ᠦᠶ᠎ᠡ ᠳᠤ ᠴᠦ ᠲᠡᠷᠡ᠂ ᠵᠠᠰᠠᠭ ᠤᠨ ᠣᠷᠳᠣᠨ ᠤᠯᠠᠮ ᠢᠯᠡᠭᠦᠦ ᠨᠢᠭᠡᠳᠦᠭᠡᠷ ᠬᠠᠷᠢᠭᠤᠴᠠᠯᠭᠠᠲᠠᠨ ᠪᠤᠯᠵᠤ᠂ ᠨᠢᠭᠡ | ᠬᠤᠪᠢ ᠬᠦᠴᠦ ᠬᠠᠪᠰᠤᠷᠴᠤ᠂ ᠵᠠᠰᠠᠭ ᠤᠨ ᠣᠷᠳᠣᠨ ᠪᠣᠯᠤᠨ ᠠᠵᠤ ᠠᠬᠤᠶᠢᠯᠠᠯ ︽ᠰᠠᠳᠤᠨ ᠤ ᠶᠣᠰᠣ ᠭᠤᠷᠢᠮ ᠠᠴᠠ | ᠬᠡᠲᠦᠷᠡᠬᠦ ᠦᠭᠡᠢ ᠪᠣᠯᠪᠠᠰᠤ ᠰᠡᠶᠢᠠ ᠤ ᠵᠠᠶ ᠠᠴᠠ ᠬᠤᠯᠠ ᠦᠭᠡᠢ︾᠂ ᠠᠵᠤ ᠠᠬᠤᠶᠢᠯᠠᠯ ᠤᠨ ᠡᠷᠡᠭᠦᠯ ᠢᠶᠠᠷ | ᠬᠥᠭᠵᠢᠬᠦ ᠶᠢ ᠣᠮᠤᠭ ᠵᠣᠷᠢᠭ ᠲᠡᠭᠦᠯᠳᠡᠷ ᠢᠶᠠᠷ ᠳᠡᠮᠵᠢᠬᠦ ᠬᠡᠷᠡᠭᠲᠡᠶ᠃ ᠡᠨᠡ ᠦᠭᠡ ᠨᠢ ᠠᠷᠠᠳ ᠤᠨ ᠡᠵᠡᠩᠨᠡᠭᠰᠡᠨ ᠠᠵᠤ | ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠳᠤ ︽ᠰᠡᠳᠬᠢᠯ ᠢ ᠠᠮᠤᠷᠵᠢᠭᠤᠯᠬᠤ︾ ᠶᠢᠨ ᠬᠠᠮᠲᠤ ᠪᠠᠰᠠ | ᠵᠠᠰᠠᠭ ᠤᠨ ᠣᠷᠳᠣᠨ ᠤ ᠣᠪᠣᠷ᠂ ᠡᠷᠡᠰ ᠵᠣᠷᠢᠭ ᠢ ᠲᠣᠳᠣᠷᠬᠠᠶ ᠬᠠᠷᠠᠭᠤᠯᠵᠠᠶ᠃ | ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 15 | 15᠄ 12 | ᠪᠠᠰᠠ ᠵᠢᠱᠢᠶᠡᠯᠡᠪᠡᠯ ᠣᠷᠣᠨ ᠪᠦᠰᠡ ᠶᠢ ᠵᠣᠬᠢᠴᠠᠩᠭᠤᠶ ᠪᠠᠷ ᠬᠥᠭᠵᠢᠭᠦᠯᠦᠨ᠎ᠡ᠃ ᠮᠠᠨ ᠤ ᠣᠷᠣᠨ ᠤ ᠭᠠᠵᠠᠷ | ᠨᠤᠲᠤᠭ ᠥᠷᠭᠡᠨ ᠠᠭᠤᠳᠠᠮ᠂ ᠭᠠᠵᠠᠷ ᠣᠷᠣᠨ ᠨᠢᠭᠡᠪᠦᠷᠢ ᠶᠢᠨ ᠡᠬᠢ ᠪᠠᠶᠠᠯᠢᠭ ᠤᠨ ᠲᠥᠷᠥᠯᠬᠢ ᠠᠪᠢᠶᠠᠰ ᠪᠠ | ᠳᠤᠲᠠᠭᠤᠳᠠᠯ ᠨᠢ ᠴᠥᠮ ᠠᠳᠠᠯᠢ ᠥᠬᠡᠶ ᠪᠠᠶᠢᠳᠠᠭ᠃ ᠶᠡᠷᠦᠩᠬᠡᠢ ᠱᠦᠵᠢ ᠥᠪᠥᠷ ᠮᠣᠩᠭᠤᠯ ᠳᠤ᠂ ᠵᠡᠭᠦᠨ᠂ ᠳᠤᠮᠳᠠ᠂ | ᠪᠠᠷᠠᠭᠤᠨ ᠣᠷᠣᠨ ᠢ ᠨᠢᠭᠡᠳᠦᠯᠲᠡᠢ ᠲᠥᠯᠥᠪᠵᠢᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢᠨ | ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠶᠠᠷᠢᠵᠤ ᠥᠩᠭᠡᠷᠡᠪᠡ᠃ ᠡᠶᠢᠮᠦ ᠠᠴᠠ | ᠪᠢᠳᠡ ᠪᠡᠶᠡᠴᠢ ᠴᠣᠭᠴᠠ ᠶᠢᠨ ᠴᠢᠳᠠᠮᠵᠢᠳᠤ ᠣᠷᠣᠨ ᠤ ᠪᠠᠶᠢᠷᠢ ᠲᠣᠭᠲᠠᠭᠠᠯᠲᠠ ᠶᠣᠰᠣᠭᠠᠷ᠂ ᠡᠯ᠎ᠡ ᠭᠠᠵᠠᠷ ᠤᠨ | ᠳᠠᠪᠠᠭᠤᠯᠢᠭ ᠣᠨᠴᠠᠯᠢᠭ ᠲᠤ ᠰᠠᠭᠤᠷᠢᠯᠠᠨ᠂ ︽ᠢᠯᠡᠳᠬᠡᠯ︾ ᠳᠤ 12 ᠠᠶᠢᠮᠠᠭ ᠬᠤᠳᠠ ᠶᠢ ᠪᠦᠬᠦᠨ ᠢ ᠳᠤᠷᠠᠳᠤᠨ | ᠭᠠᠷᠭᠠᠵᠤ᠂ ᠡᠯ᠎ᠡ ᠠᠶᠢᠮᠠᠭ ᠬᠤᠳᠠ ᠶᠢᠨ ᠲᠤᠰ ᠪᠡᠶ᠎ᠡ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠪᠠᠶᠢᠷᠢ | ᠲᠣᠭᠲᠠᠭᠠᠯᠲᠠ ᠪᠠ ᠴᠢᠭᠯᠡᠯ ᠲᠡᠶᠢᠰᠢ ᠬᠥᠭᠵᠢᠬᠦ ᠶᠢ ᠲᠡᠮᠵᠢᠵᠤ᠂ ᠪᠦᠬᠦ ᠣᠷᠣᠨ ᠤ ᠡᠯ᠎ᠡ ᠭᠠᠵᠠᠷ ᠤᠨ ᠥᠷᠢᠰᠥᠯᠳᠦᠨ | ᠬᠥᠭᠵᠢᠭᠰᠡᠨ ᠠᠮᠢᠳᠤᠯᠢᠭ ᠪᠠᠶᠢᠳᠠᠯ ᠢ ᠪᠤᠢ ᠪᠣᠯᠭᠠᠪᠠ᠃ | ᠬᠥᠲᠥᠯᠥᠭᠴᠢ 2022 — 02 — 15 15᠄ 13 | ᠪᠢᠳᠡᠨ ᠤ ᠮᠡᠳᠡᠭᠡᠵᠢ ᠪᠠᠷ᠂ ᠠᠷᠠᠳ ᠤᠨ ᠠᠮᠢᠳᠤᠷᠠᠯ ᠤᠨ ᠠᠵᠢᠯ ᠪᠣᠯ ᠨᠡᠶᠢᠭᠡᠮ ᠤᠨ ᠠᠩᠬᠠᠷᠤᠯ ᠤᠨ | ᠭᠤᠣᠯᠳᠠᠯᠭ᠎ᠠ ᠪᠣᠯᠤᠨ᠎ᠠ᠂ ᠡᠨᠡ ᠵᠢᠯ ᠥᠪᠡᠷᠲᠡᠭᠡᠨ ᠵᠠᠰᠠᠬᠤ ᠣᠷᠣᠨ ᠠᠷᠠᠳ ᠤᠨ ᠠᠮᠢᠳᠤᠷᠠᠯ ᠤᠨ ᠶᠠᠮᠠᠷ ᠶᠠᠮᠠᠷ | ᠪᠣᠳᠠᠲᠠᠢ ᠶᠠᠪᠤᠳᠠᠯ ᠢ ᠭᠤᠣᠯᠳᠠᠯᠭ᠎ᠠ ᠲᠠᠢ ᠰᠠᠶᠢᠲᠤᠷ ᠬᠢᠬᠦ ᠪᠠᠷ ᠪᠡᠯᠡᠳᠬᠡᠵᠦ ᠪᠠᠶᠢᠬᠤ ᠪᠤᠢ︖ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ | ᠳ᠋ᠢᠩ 2022 — 02 — 15 15᠄ 13 | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ | ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠨᠴᠠᠭᠠᠶᠢᠯᠠᠨ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ | ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ | ᠴᠢᠬᠤᠯᠠᠴᠢᠯᠠᠵᠤ᠂ ᠡᠨᠡ ᠵᠢᠯ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠦᠨ ᠠᠯᠢ ᠤᠯᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠣᠨᠣᠪᠴᠢᠲᠠᠢ ᠥᠷᠨᠢᠭᠦᠯᠦᠨ᠎ᠡ᠃ | ᠠᠵᠢᠯ ᠣᠯᠭᠤᠯᠲᠠ ᠪᠠᠷ ᠠᠪᠴᠤ ᠬᠡᠯᠡᠪᠡᠯ᠂ ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ | ᠮᠥᠨ᠂ ᠠᠵᠢᠯ ᠣᠯᠭᠤᠯᠲᠠ ᠪᠠ ᠠᠷᠠᠳ ᠤᠨ ᠠᠮᠢᠳᠤᠷᠠᠯ ᠢ ᠪᠠᠲᠤᠯᠠᠬᠤ ᠳᠤ ᠡᠩ ᠲᠡᠷᠢᠭᠦᠨ ᠳᠤ ᠵᠠᠬ᠎ᠠ ᠳᠡᠯᠭᠡᠭᠦᠷ ᠤᠨ | ᠪᠡᠶᠡᠴᠢ ᠴᠣᠭᠴᠠ ᠶᠢ ᠪᠠᠲᠤᠯᠠᠬᠤ ᠬᠡᠷᠡᠭᠲᠡᠶ᠃ ᠡᠨᠡ ᠪᠣᠯ ᠡᠨᠡ ᠵᠢᠯ ᠤᠨ ︽ᠢᠯᠡᠳᠬᠡᠯ︾ ᠳᠤ ᠳᠤᠷᠠᠳᠤᠭᠰᠠᠨ ᠢᠯᠡ | ᠲᠣᠳᠣᠷᠬᠠᠶ ᠦᠵᠡᠯᠲᠡ ᠮᠥᠨ᠂ ︽ᠢᠯᠡᠳᠬᠡᠯ︾ ᠳᠤ ᠠᠵᠤ ᠠᠬᠤᠶᠢᠯᠠᠯ ᠢ ᠲᠣᠭᠲᠠᠪᠤᠷᠢᠵᠢᠭᠤᠯᠬᠤ ᠪᠠᠷ ᠠᠵᠢᠯ | ᠣᠯᠭᠤᠯᠲᠠ ᠶᠢ ᠲᠣᠭᠲᠠᠪᠤᠷᠢᠵᠢᠭᠤᠯᠵᠤ᠂ ᠠᠵᠤ ᠠᠬᠤᠶᠢᠯᠠᠯ ᠢ ᠪᠠᠲᠤᠯᠠᠬᠤ ᠪᠠᠷ ᠠᠵᠢᠯ ᠣᠯᠭᠤᠯᠲᠠ ᠶᠢ ᠪᠠᠲᠤᠯᠠᠵᠤ᠂ | ᠢᠯᠠᠩᠭᠤᠶ᠎ᠠ ᠠᠵᠢᠯ ᠣᠯᠭᠤᠯᠲᠠ ᠶᠢᠨ ᠳᠠᠶᠢᠴᠢᠯᠠᠬᠤ ᠬᠦᠴᠦᠨ ᠢᠶᠠᠷ ᠴᠢᠩᠭ᠎ᠠ ᠳᠤᠮᠳᠠ ᠵᠢᠵᠢᠭ ᠪᠢᠴᠢᠯ ᠠᠵᠤ | ᠠᠬᠤᠶᠢᠯᠠᠯ᠂ ᠠᠵᠢᠯ ᠣᠯᠭᠤᠯᠲᠠ ᠶᠢᠨ ᠳᠠᠶᠢᠴᠢᠯᠠᠬᠤ ᠬᠡᠪᠴᠢᠶ᠎ᠡ ᠪᠠᠷ ᠥᠷᠭᠡᠨ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠭᠡ ᠶᠢ ᠶᠡᠭᠡ ᠪᠠᠷ ᠲᠡᠳᠬᠦᠨ ᠲᠡᠮᠵᠢᠵᠤ᠂ ᠠᠵᠤ ᠠᠬᠤᠶ ᠶᠢᠨ ᠨᠡᠮᠡᠭᠳᠡᠯ ᠤᠨ ᠠᠵᠢᠯ | ᠣᠯᠭᠤᠯᠲᠠ ᠶᠢᠨ ᠳᠠᠶᠢᠴᠢᠯᠠᠬᠤ ᠬᠦᠴᠦᠨ ᠢ ᠳᠡᠭᠡᠭᠰᠢᠯᠡᠭᠦᠯᠬᠦ ᠬᠡᠷᠡᠭᠲᠡᠶ ᠭᠡᠰᠡᠨ ᠡᠶᠢᠮᠦ ᠨᠢᠭᠡ ᠪᠠᠳᠠᠭ ᠦᠭᠡ ᠪᠠᠶᠢᠳᠠᠭ᠃ | ᠡᠭᠦᠨ ᠤ ᠵᠡᠷᠭᠡ ᠳᠤ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ | ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ | ᠬᠠᠮᠲᠤᠯᠢᠭ ᠤᠨ ᠠᠵᠢᠯ ᠣᠯᠭᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠵᠢᠯ ᠣᠯᠭᠤᠯᠲᠠ ᠶᠢᠨ ᠰᠠᠭᠤᠷᠢᠨ | ᠭᠠᠵᠠᠷ ᠪᠠ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠪᠠᠷ ᠳᠠᠮᠵᠢᠭᠤᠯᠤᠨ᠂ | ᠶᠡᠭᠡ ᠬᠡᠪᠴᠢᠶᠡᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠣᠶᠤᠨᠴᠢ | ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ ᠬᠡᠷᠡᠭᠯᠡᠵᠦ᠂ ᠬᠠᠩᠭᠠᠯᠭ᠎ᠠ ᠬᠡᠷᠡᠭᠴᠡᠭᠡ ᠶᠢᠨ | ᠵᠣᠯᠭᠠᠯᠴᠠᠭ᠎ᠠ ᠶᠢ ᠪᠦᠲᠦᠮᠵᠢᠲᠡᠶ ᠵᠣᠬᠢᠶᠠᠨ ᠪᠠᠶᠢᠭᠤᠯᠵᠤ᠂ ᠨᠠᠩ ᠣᠯᠠᠨ ᠬᠥᠳᠡᠯᠮᠦᠷᠢᠴᠢᠳ ᠤᠨ ᠠᠵᠢᠯ ᠣᠯᠵᠤ ᠠᠳᠠᠯ | ᠦᠢᠯᠡᠰ ᠴᠣᠭᠴᠠᠯᠠᠬᠤ ᠶᠢ ᠬᠠᠪᠰᠤᠷᠤᠨ᠎ᠠ᠃ ᠢᠯᠠᠩᠭᠤᠶ᠎ᠠ ᠬᠥᠮᠦᠰ ᠤᠨ ᠠᠩᠬᠠᠷᠤᠯ ᠢ ᠲᠠᠲᠠᠭᠰᠠᠨ ᠵᠦᠢᠯ ᠭᠡᠪᠡᠯ᠂ ︽ | ᠢᠯᠡᠳᠬᠡᠯ︾ ᠳᠤ ᠲᠦᠷᠭᠡᠨ ᠬᠦᠷᠭᠡᠯᠲᠡ ᠶᠢᠨ ᠪᠢᠴᠢᠬᠠᠨ ᠠᠬ᠎ᠠ᠂ ᠬᠦᠷᠭᠡᠳᠡᠭ ᠬᠤᠭᠤᠯᠠᠨ ᠤ ᠮᠣᠷᠢᠲᠠᠨ ᠵᠡᠷᠭᠡ | ᠠᠮᠢᠳᠤᠯᠢᠭ ᠠᠵᠢᠯ ᠣᠯᠭᠤᠯᠲᠠ ᠶᠢᠨ ᠬᠠᠮᠲᠤᠯᠢᠭ ᠢ ᠣᠨᠴᠠᠭᠠᠶᠢᠯᠠᠨ ᠠᠩᠬᠠᠷᠴᠤ᠂ ᠲᠡᠳᠡᠨ ᠤ ᠨᠡᠶᠢᠭᠡᠮ ᠤᠨ | ᠪᠠᠲᠤᠯᠠᠭ᠎ᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠴᠢᠷᠮᠠᠶᠢᠨ ᠠᠵᠢᠯᠯᠠᠵᠤ ᠪᠠᠶᠢᠭ᠎ᠠ ᠬᠥᠮᠦᠨ ᠨᠢᠭᠡᠪᠦᠷᠢ ᠶᠢ | ᠴᠥᠮ ᠠᠵᠢᠯ ᠳᠠᠭᠠᠨ ᠨᠡᠷ᠎ᠡ ᠬᠦᠨᠳᠦᠲᠡᠶ᠂ ᠠᠮᠢᠳᠤᠷᠠᠯ ᠳᠤᠨᠢ ᠪᠠᠲᠤᠯᠠᠭ᠎ᠠ ᠲᠠᠢ᠂ ᠬᠦᠷᠲᠡᠮᠵᠢ ᠶᠢᠨ ᠲᠦᠷᠦᠭᠳᠡᠯ ᠲᠠᠢ | ᠪᠣᠯᠭᠠᠬᠤ ᠬᠡᠷᠡᠭᠲᠡᠶ᠃ | ᠬᠥᠲᠥᠯᠥᠭᠴᠢ᠄ 2022 — 02 — 15 15᠄ 14 | ᠲᠡᠭᠡᠪᠡᠯ ᠰᠤᠷᠭᠠᠨ ᠬᠥᠮᠦᠵᠢᠯ ᠤᠨ ᠲᠠᠯ᠎ᠠ ᠪᠠᠷ ᠶᠠᠮᠠᠷ ᠪᠤᠢ︖ ᠮᠢᠨᠦ ᠪᠤᠳᠤᠬᠤ ᠪᠠᠷ ᠡᠨᠡ ᠪᠣᠯ ᠥᠷᠭᠡᠨ | ᠤᠯᠠᠨ ᠰᠦᠯᠵᠢᠶᠡᠨ ᠤ ᠨᠠᠶᠢᠵᠠ ᠨᠠᠷ ᠤᠨ ᠬᠠᠮᠤᠭ ᠠᠴᠠ ᠢᠯᠡᠭᠦᠦ ᠠᠩᠬᠠᠷᠴᠤ ᠪᠠᠶᠢᠭ᠎ᠠ ᠰᠡᠳᠦᠪ ᠪᠣᠯᠤᠨ᠎ᠠ᠂ | ᠤᠴᠢᠷ ᠨᠢ ᠠᠶᠢᠯ ᠪᠣᠯᠭᠠᠨ ᠪᠦᠷ ᠪᠢᠴᠢᠭ ᠦᠵᠡᠵᠦ ᠪᠠᠶᠢᠭ᠎ᠠ ᠬᠡᠦᠬᠡᠳ ᠲᠠᠢ ᠶᠤᠮ᠃ | ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — | 1515᠄ 14 | ᠲᠡᠶᠢᠮᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠪᠠ ᠠᠯᠪᠠᠨ ᠠᠴᠠ | ᠡᠷᠭᠢᠯᠡᠭᠰᠡᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠠᠷᠠᠳ ᠠᠴᠠ ᠡᠷᠭᠢᠯᠡᠭᠰᠡᠨ | ᠠᠯᠪᠠᠨ ᠵᠢᠷᠤᠮ ᠤᠨ ᠰᠤᠷᠭᠠᠨ ᠬᠥᠮᠦᠵᠢᠯ ᠢ ᠵᠢᠷᠤᠮᠵᠢᠭᠤᠯᠤᠨ᠂ ᠠᠷᠠᠳ ᠠᠴᠠ ᠡᠷᠭᠢᠯᠡᠭᠰᠡᠨ ᠪᠠᠭ᠎ᠠ ᠰᠤᠷᠭᠠᠭᠤᠯᠢ ᠶᠢᠨ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠬᠥᠮᠦᠨ ᠤ ᠲᠤᠭ᠎ᠠ ᠶᠢᠨ ᠬᠤᠪᠢ ᠶᠢᠨ | ᠵᠢᠩ ᠢ ᠠᠯᠬᠤᠮ ᠠᠯᠬᠤᠮ ᠢᠶᠠᠷ 5% ᠶᠢᠨ ᠳᠣᠲᠣᠷ᠎ᠠ ᠬᠦᠷᠲᠡᠯ᠎ᠡ ᠪᠠᠭᠤᠷᠠᠭᠤᠯᠵᠤ᠂ ︽ᠬᠤᠶᠠᠷ ᠢ ᠪᠠᠭᠠᠰᠬᠠᠬᠤ︾ | ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠳᠥᠯᠭᠢᠨ ᠠᠬᠢᠭᠤᠯᠵᠤ᠂ ᠬᠡᠤᠬᠡᠳ | ᠨᠢᠭᠡᠪᠦᠷᠢ ᠶᠢ ᠴᠥᠮ ᠣᠶᠢᠷ᠎ᠠ ᠬᠠᠪᠢ ᠳᠠᠭᠠᠨ ᠰᠠᠶᠢᠨ ᠰᠤᠷᠭᠠᠭᠤᠯᠢ ᠳᠤ ᠣᠷᠣᠭᠤᠯᠬᠤ ᠪᠠᠷ ᠴᠢᠷᠮᠠᠶᠢᠨ᠎ᠠ᠃ ᠪᠠᠰᠠ | ᠨᠢᠭᠡᠨ ᠭᠤᠣᠯᠳᠠᠯᠭ᠎ᠠ ᠲᠠᠢ ᠢᠨᠵᠧᠨᠧᠷᠢᠩ ᠢ ᠡᠬᠢᠯᠡᠭᠦᠯᠵᠦ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠭᠦᠯᠵᠦ᠂ ᠲᠦᠷᠢᠮ ᠤᠨ ᠬᠤᠪᠢᠷᠠᠯᠲᠠ ᠪᠠᠷ ᠴᠢᠳᠠᠪᠤᠷᠢᠲᠠᠨ ᠢ ᠰᠢᠨᠵᠢᠯᠡᠬᠦ | ᠤᠬᠠᠭᠠᠨᠴᠢ ᠪᠠᠷ ᠬᠥᠮᠦᠵᠢᠭᠦᠯᠬᠦ᠂ ᠪᠦᠬᠦ ᠲᠠᠯ᠎ᠠ ᠪᠠᠷ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠮᠠᠨ ᠤ ᠣᠷᠣᠨ ᠤ | ᠭᠤᠤᠯᠯᠠᠬᠤ ᠠᠵᠤ ᠦᠢᠯᠡᠰ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠠᠵᠢᠯ | ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠬᠥᠭᠵᠢᠭᠦᠯᠵᠦ᠂ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠶᠢ ᠨᠠᠩ ᠰᠠᠶᠢᠲᠤᠷ | ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠯᠢᠶᠠᠩ ᠢᠦᠶ | ᠳ᠋ᠢᠩ 2022 — 02 — 15 15᠄ 15 | ᠪᠠᠰᠠ ᠡᠮ ᠡᠮᠨᠡᠯᠭᠡ ᠡᠷᠡᠭᠦᠯ ᠬᠠᠮᠠᠭᠠᠯᠠᠯ ᠤᠨ ᠲᠠᠯ᠎ᠠ ᠪᠠᠷ᠂ ᠡᠨᠡ ᠵᠢᠯ ᠤᠨ ᠢᠯᠡᠳᠬᠡᠯ ᠳᠤ ᠭᠤᠣᠯᠳᠠᠭᠤ | ᠭᠤᠷᠪᠠᠨ ᠲᠠᠯ᠎ᠠ ᠶᠢᠨ ᠠᠷᠭ᠎ᠠ ᠬᠡᠮᠵᠢᠶ᠎ᠡ ᠶᠢ ᠲᠤᠪᠤᠶᠢᠯᠭᠠᠪᠠ᠃ ᠨᠢᠭᠡ ᠳᠤ ᠨᠢᠳᠤᠨᠤᠨ ᠤ ᠭᠡᠨᠡᠳᠲᠡ ᠶᠢᠨ ᠬᠢᠵᠢᠭ ᠤᠨ | ᠪᠠᠶᠢᠳᠠᠯ ᠠᠴᠠ ᠪᠣᠯᠤᠭᠰᠠᠨ ᠰᠤᠷᠭᠠᠮᠵᠢ ᠶᠢ ᠬᠦᠯᠢᠶᠡᠨ ᠠᠪᠴᠤ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ | ᠰᠢᠰᠲ᠋ᠧᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠬᠢᠵᠢᠭ ᠤᠨ ᠪᠠᠶᠢᠳᠠᠯ ᠢ | ᠪᠠᠶᠢᠴᠠᠭᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠴᠡᠭ | ᠲᠣᠭᠲᠠᠭᠠᠭᠰᠠᠨ ᠡᠮᠨᠡᠯᠭᠡ ᠶᠢᠨ ᠬᠤᠷᠢᠶᠠᠨ ᠤ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠷ ᠲᠤ᠂ | ᠭᠠᠵᠠᠷ ᠨᠤᠲᠤᠭ ᠥᠷᠭᠡᠨ ᠠᠭᠤᠳᠠᠮ ᠭᠠᠵᠠᠷ ᠨᠤᠲᠤᠭ ᠠᠭᠤᠳᠠᠮ ᠬᠥᠮᠦᠨ ᠠᠮᠠ ᠴᠥᠭᠡᠨ ᠪᠠᠶᠢᠬᠤ ᠬᠡᠷᠡᠭᠴᠡᠭᠡ | ᠱᠠᠭᠠᠷᠳᠠᠯᠭ᠎ᠠ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠣᠷᠣᠨ ᠪᠦᠰᠡ ᠶᠢᠨ ᠡᠮᠴᠢᠯᠡᠭᠡᠨ ᠤ ᠲᠥᠪ ᠢ | ᠲᠦᠷᠭᠡᠳᠬᠡᠨ ᠪᠠᠶᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠴᠢᠬ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | ᠪᠡᠭᠡᠵᠢᠩ ᠥᠪᠥᠷ ᠮᠣᠩᠭᠤᠯ᠂ ᠱᠠᠩᠬᠠᠶ ᠥᠪᠥᠷ ᠮᠣᠩᠭᠤᠯ ᠤᠨ ᠡᠮᠴᠢᠯᠡᠭᠡᠨ ᠤ ᠪᠠᠶᠢᠭᠤᠯᠤᠮᠵᠢ ᠶᠢᠨ | ᠬᠠᠮᠲᠤᠷᠠᠯᠴᠠᠭ᠎ᠠ ᠶᠢ ᠴᠢᠩᠭᠠᠳᠬᠠᠨ᠂ ᠣᠷᠣᠨ ᠤ ᠳᠣᠲᠣᠷᠠᠬᠢ ᠡᠮᠴᠢᠯᠡᠭᠡᠨ ᠤ ᠮᠡᠷᠭᠡᠵᠢᠯ ᠤᠨ ᠴᠢᠳᠠᠪᠤᠷᠢ ᠪᠠ | ᠡᠮᠴᠢᠯᠡᠭᠡᠨ ᠤ ᠶᠠᠰᠤ ᠴᠢᠨᠠᠷ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠠᠩ ᠣᠯᠠᠨ ᠠᠷᠠᠳ | ᠲᠦᠮᠡᠨ ᠢ ᠬᠦᠨᠳᠦ ᠡᠪᠡᠳᠴᠢᠨ ᠢᠶᠠᠨ ᠦᠵᠡᠭᠦᠯᠦᠭᠡᠳ ᠣᠷᠣᠨ ᠠᠴᠠ ᠪᠠᠨ ᠭᠠᠷᠬᠤ ᠦᠭᠡᠢ᠃ ᠭᠤᠷᠪᠠ ᠳᠤ ᠪᠠᠶᠢᠩᠭᠤ | ᠲᠣᠬᠢᠶᠠᠯᠳᠤᠬᠤ ᠡᠪᠡᠳᠴᠢᠨ ᠤ ᠡᠮᠴᠢᠯᠡᠭᠡᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠢ ᠲᠥᠪᠯᠡᠷᠡᠭᠦᠯᠦᠨ ᠲᠤᠭ᠎ᠠ ᠬᠡᠮᠵᠢᠶ᠎ᠡ ᠲᠠᠢ ᠪᠠᠷ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠡᠪᠡᠳᠴᠢᠨ ᠤ ᠵᠦᠢᠯ᠂ ᠣᠷᠣ ᠶᠢᠨ ᠡᠳᠦᠷ᠂ ᠬᠥᠮᠦᠨ ᠤ ᠲᠤᠭ᠎ᠠ ᠵᠡᠷᠭᠡ ᠣᠯᠠᠨ ᠡᠰᠢᠲᠦ ᠨᠡᠶᠢᠯᠡᠮᠡᠯ ᠬᠡᠯᠪᠡᠷᠢ ᠶᠢᠨ | ᠲᠣᠭᠠᠴᠠᠭ᠎ᠠ ᠬᠢᠬᠦ ᠠᠷᠭ᠎ᠠ ᠮᠠᠶ᠋ᠢᠭ ᠢ ᠬᠡᠷᠡᠭᠵᠢᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ | ᠴᠢᠷᠮᠠᠶᠢᠨ ᠬᠥᠩᠭᠡᠷᠡᠭᠦᠯᠦᠨ᠎ᠡ᠃ ᠳᠤᠷᠠᠳᠤᠭᠤᠰᠢᠲᠠᠶ ᠵᠦᠢᠯ ᠭᠡᠪᠡᠯ᠂ ︽ᠢᠯᠡᠳᠬᠡᠯ︾ ᠳᠤ ᠡᠮᠨᠡᠯᠭᠡ ᠶᠢᠨ ᠠᠵᠢᠯᠳᠠᠨ ᠢ | ᠬᠠᠮᠠᠭᠠᠯᠠᠨ ᠬᠠᠯᠠᠮᠵᠢᠯᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ᠎ᠠ ᠭᠡᠵᠦ | ᠣᠨᠴᠠᠭᠠᠶᠢᠯᠠᠨ ᠳᠤᠷᠠᠳᠤᠭᠰᠠᠨ ᠨᠢ ᠳᠠᠷᠤᠶ ᠡᠮᠨᠡᠯᠭᠡ ᠶᠢᠨ ᠠᠵᠢᠯᠳᠠᠨ ᠤ ᠡᠷᠬᠡ ᠠᠰᠢᠭ ᠢ ᠦᠨᠡᠨ ᠬᠦ ᠪᠠᠲᠤᠯᠠᠵᠤ᠂ | ᠨᠡᠶᠢᠭᠡᠮ ᠳᠠᠶᠠᠭᠠᠷ ᠲᠤ ᠡᠮᠴᠢ ᠶᠢ ᠬᠦᠨᠳᠦᠳᠬᠡᠨ ᠡᠷᠡᠭᠦᠯ ᠬᠠᠮᠠᠭᠠᠯᠠᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠬᠤ ᠶᠢ ᠲᠦᠯᠬᠢᠨ ᠠᠬᠢᠭᠤᠯᠬᠤ ᠶᠠᠪᠤᠳᠠᠯ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠯᠢ ᠵᠢᠶᠠᠨ ᠵᠢᠶᠦ᠋ᠨ 2022 — 02 — 15 | 15᠄ 16 | ᠬᠠᠮᠤᠭ ᠤᠨ ᠰᠡᠭᠦᠯ ᠳᠤ ᠪᠢᠳᠡ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ ᠠᠪᠴᠤ ᠦᠵᠡᠪᠡᠯ᠂ ᠡᠨᠡ ᠵᠢᠯ | ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠡᠨᠡ ᠵᠢᠯ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠬᠥᠮᠦᠨ ᠤ ᠲᠤᠭ᠎ᠠ ᠶᠢ 40 ᠲᠦᠮᠡ | ᠨᠡᠮᠡᠭᠳᠡᠭᠦᠯᠦᠨ᠂ ᠳᠠᠭᠠᠳᠬᠠᠯ ᠳᠤ ᠣᠷᠣᠯᠴᠠᠬᠤ ᠨᠣᠷᠮ᠎ᠠ ᠶᠢ 86% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠂ | ᠪᠠᠰᠠ ᠲᠠᠷᠠᠭᠠᠴᠢ ᠶᠢᠨ ᠭᠤᠷᠪᠠᠨ ᠵᠢᠯ ᠳᠤ ᠵᠢᠯ ᠪᠦᠷᠢ 3 ᠴᠡᠭ ᠤᠨ ᠬᠤᠷᠳᠤᠴᠠ ᠪᠠᠷ ᠳᠠᠭᠠᠳᠬᠠᠯ ᠳᠤ ᠣᠷᠣᠯᠴᠠᠬᠤ | ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ 2025 ᠣᠨ ᠪᠣᠯᠬᠤ ᠳᠤ 95% ᠳᠤ ᠬᠦᠷᠭᠡᠬᠦ ᠪᠠᠷ ᠲᠥᠯᠥᠪᠯᠡᠵᠦ | ᠪᠠᠶᠢᠨ᠎ᠠ᠂ ᠢᠩᠭᠢᠪᠡᠯ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠳᠤ ᠦᠨᠳᠦᠰᠦᠨ ᠳᠡᠭᠡᠨ ᠬᠥᠷᠬᠦ ᠪᠣᠯᠤᠨ᠎ᠠ᠃ | ᠪᠢᠳᠡ ︽ᠨᠢᠭᠡ ᠨᠠᠰᠤᠲᠠᠨ ᠨᠢᠭᠡ ᠪᠠᠭ᠎ᠠ︾ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠴᠢᠬᠤᠯᠠᠴᠢᠯᠠᠵᠤ᠂ | ᠣᠯᠠᠨ ᠲᠠᠯ᠎ᠠ ᠶᠢᠨ ᠬᠦᠴᠦᠨ ᠢ ᠳᠠᠶᠢᠴᠢᠯᠠᠨ ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠲᠠᠭᠤᠯᠬᠤ ᠬᠥᠮᠦᠵᠢᠯ ᠤᠨ | ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠪᠡ᠃ ︽ᠥᠲᠡᠯᠪᠡᠯ ᠠᠰᠠᠷᠠᠮᠵᠢ ᠲᠠᠢ ᠪᠣᠯᠭᠠᠬᠤ︾ ᠲᠠᠯ᠎ᠠ ᠪᠠᠷ᠂ | ᠬᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠰᠢᠶᠠᠨ᠂ ᠰᠢᠶᠠᠩ᠂ ᠲᠣᠰᠬᠤᠨ ᠭᠤᠷᠪᠠᠨ | ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠠᠶᠢᠭᠤᠯᠵᠤ᠂ | ᠨᠠᠰᠤᠲᠠᠶᠢᠴᠤᠳ ᠤᠨ ᠨᠥᠬᠦᠷᠰᠡᠭ ᠨᠡᠶᠢᠭᠡᠮ ᠲᠣᠭᠤᠷᠢᠭ᠂ ᠨᠥᠬᠦᠷᠰᠡᠭ ᠡᠮᠴᠢᠯᠡᠭᠡᠨ ᠤ ᠪᠠᠶᠢᠭᠤᠯᠤᠮᠵᠢ᠂ | ᠨᠠᠰᠤᠵᠢᠬᠤ ᠳᠤ ᠳᠣᠭᠢᠷᠠᠬᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ︔ ︽ᠨᠢᠯᠬ᠎ᠠ | ᠬᠡᠤᠬᠡᠳ ᠲᠤ ᠬᠡᠤᠬᠡᠳ ᠲᠠᠢ ᠪᠣᠯᠭᠠᠬᠤ︾ ᠲᠠᠯ᠎ᠠ ᠪᠠᠷ᠂ ᠦᠷᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠵᠤ᠂ ᠬᠥᠩᠭᠡᠵᠢᠯᠲᠡ ᠶᠢᠨ ᠴᠢᠯᠥᠭᠡ᠂ | ᠬᠥᠩᠭᠡᠵᠢᠯᠲᠡ ᠳᠤ ᠪᠠᠷ᠎ᠠ ᠪᠣᠯᠬᠤ ᠴᠢᠯᠥᠭᠡ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠬᠠᠰᠤᠵᠤ | ᠭᠠᠷᠭᠠᠬᠤ ᠵᠡᠷᠭᠡ ᠲᠦᠷᠢᠮ ᠢ ᠨᠠᠶᠢᠳᠠᠪᠤᠷᠢᠵᠢᠭᠤᠯᠤᠨ᠂ ᠨᠢᠯᠬ᠎ᠠ ᠬᠡᠤᠬᠡᠳ ᠤᠨ ᠬᠡᠤᠬᠡᠳ ᠰᠠᠭᠠᠲᠠᠭᠤᠯᠬᠤ ᠪᠠ ᠬᠡᠤᠬᠡᠳ | ᠠᠪᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠳᠥᠯᠭᠢᠨ ᠠᠬᠢᠭᠤᠯᠵᠤ᠂ | ᠬᠡᠤᠬᠡᠳ ᠰᠠᠭᠠᠲᠠᠭᠤᠯᠬᠤ ᠣᠷᠣᠨ ᠲᠤᠭ᠎ᠠ ᠶᠢ ᠨᠡᠮᠡᠭᠳᠡᠭᠦᠯᠦᠨ᠎ᠡ᠃ ︽ᠰᠠᠭᠤᠬᠤ ᠠᠴᠠ ᠣᠷᠣᠨ ᠰᠠᠭᠤᠴᠠ ᠲᠠᠢ︾ | ᠪᠠᠶᠢᠬᠤ ᠲᠠᠯ᠎ᠠ ᠪᠠᠷ᠂ ᠬᠤᠳᠠ ᠪᠠᠯᠭᠠᠰᠤᠨ ᠤ 2137 ᠲᠦᠮᠡᠨ ᠡᠷᠤᠭᠡ ᠶᠢᠨ ᠬᠠᠭᠤᠴᠢᠨ ᠪᠠ ᠬᠠᠭᠤᠴᠢᠨ ᠵᠢᠵᠢᠭ | ᠲᠣᠭᠤᠷᠢᠭ ᠢ ᠥᠭᠡᠷᠡᠴᠢᠯᠡᠨ ᠵᠠᠰᠠᠵᠤ᠂ ᠲᠦᠮᠡᠨ ᠢᠵᠢ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ | ᠥᠭᠡᠷᠡᠴᠢᠯᠡᠨ ᠵᠠᠰᠠᠵᠤ᠂ 12 ᠲᠦᠮᠡᠨ ᠢᠵᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ | ᠪᠦᠳᠦᠭᠡᠨ ᠪᠠᠶᠢᠭᠤᠯᠬᠤ ᠳᠤ ᠡᠳᠡᠭᠡᠷ ᠪᠣᠳᠠᠲᠠᠶ ᠲᠤᠭ᠎ᠠ ᠪᠠᠷᠢᠮᠲᠠ ᠪᠠᠷ ᠳᠠᠮᠵᠢᠭᠤᠯᠤᠨ ᠤᠯᠠᠨ ᠲᠦᠮᠡᠨ ᠤ ᠦᠨᠳᠦᠰᠦᠨ | ᠣᠷᠣᠨ ᠰᠠᠭᠤᠴᠠ ᠶᠢᠨ ᠬᠡᠷᠡᠭᠴᠡᠭᠡ ᠶᠢ ᠦᠨᠡᠨ ᠬᠦ ᠪᠠᠲᠤᠯᠠᠬᠤ ᠬᠡᠷᠡᠭᠲᠡᠶ᠃ ︽ᠬᠦᠴᠢᠷᠳᠡᠯ ᠲᠠᠢ ᠪᠣᠯ ᠲᠤᠰᠠᠯᠠᠮᠵᠢ | ᠣᠯᠭᠤᠬᠤ︾ ᠲᠠᠯ᠎ᠠ ᠪᠠᠷ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠨᠠᠭᠠᠳᠤ | ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠂ ᠵᠡᠮᠳᠡᠭᠴᠦᠳ᠂ ᠥᠨᠥᠴᠢᠨ ᠬᠡᠤᠬᠡᠳ ᠵᠡᠷᠭᠡ ᠶᠢᠨ | ᠠᠪᠤᠷᠠᠨ ᠲᠤᠰᠠᠯᠠᠬᠤ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠦᠴᠢᠷᠳᠡᠯ ᠲᠠᠢ ᠪᠣᠯ | ᠵᠠᠪᠠᠯ ᠬᠠᠪᠰᠤᠷᠬᠤ᠂ ᠬᠦᠴᠢᠷᠳᠡᠯ ᠲᠠᠢ ᠪᠣᠯ ᠵᠠᠪᠠᠯ ᠠᠪᠤᠷᠠᠬᠤ ᠶᠢ ᠦᠨᠡᠨᠬᠦ ᠪᠡᠶᠡᠯᠡᠭᠦᠯᠦᠨ᠎ᠡ᠃ | ᠬᠥᠲᠥᠯᠥᠭᠴᠢ᠄ 2022 — 02 — 15 15᠄ 17 | ᠯᠢᠶᠠᠩ ᠢᠦᠢ ᠳ᠋ᠢᠩ ᠨᠥᠬᠦᠷ ᠪᠣᠯᠤᠨ ᠯᠢ ᠵᠢᠶᠠᠨ ᠵᠢᠶᠦ᠋ᠨ ᠨᠥᠬᠦᠷ ᠤᠨ ᠮᠠᠨ ᠤ ᠥᠨᠥᠳᠦᠷ ᠤᠨ ︽ | ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠳᠤ ᠢᠷᠡᠭᠰᠡᠨ ᠳᠤ ᠲᠦᠢᠯ ᠢᠶᠠᠷ ᠲᠠᠯᠠᠷᠬᠠᠵᠤ ᠪᠠᠶᠢᠨ᠎ᠠ᠂ | ᠥᠨᠥᠳᠦᠷ ᠤᠨ ᠰᠠᠶᠢᠨ ᠲᠣᠭᠯᠠᠯᠲᠠ ᠡᠶᠢᠮᠦ ᠪᠠᠶᠢᠨ᠎ᠠ᠂ ᠲᠠᠷᠠᠭᠠᠴᠢ ᠶᠢᠨ ᠬᠤᠭᠤᠴᠠᠭᠠᠨ ᠤ ᠫᠷᠤᠭ᠍ᠷᠠᠮ ᠳᠤ ᠪᠢᠳᠡ | ᠪᠠᠶᠠᠷᠲᠠᠶ ᠠᠭᠤᠯᠵᠠᠶ᠎ᠠ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |