ᠣᠶᠢᠷ᠎ᠠ ᠶᠢᠨ ᠡᠳᠦᠷ ᠤᠳ ᠲᠤ᠂ ᠥᠪᠥᠷ ᠮᠣᠩᠭᠤᠯ ᠳᠤ ᠠᠷᠭ᠎ᠠ ᠶᠢᠨ ᠴᠢᠨᠠᠷᠲᠠᠶ ᠡᠪᠡᠳᠴᠢᠨ ᠤ ᠵᠢᠱᠢᠶ᠎ᠡ | ᠵᠠᠯᠭᠠᠭ᠎ᠠ ᠪᠠᠷ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠣᠯᠵᠣ᠂ ᠡᠳ᠋ | ᠪᠣᠳᠠᠰ ᠤᠨ ᠬᠤᠷᠣᠭᠳᠠᠯ ᠶᠡᠭᠡ ᠪᠠᠶᠢᠬᠤ ᠶᠢ ᠰᠡᠷᠭᠡᠶᠢᠯᠡᠨ ᠡᠵᠡᠮᠳᠡᠪᠡ᠃ 2 ᠰᠠᠷ᠎ᠠ ᠶᠢᠨ 17 ᠤ ᠡᠳᠦᠷ᠂ ᠳ᠋ᠠ ᠺᠦ᠋ | ᠯᠢᠶᠠᠨ ᠰᠢᠶᠠᠩ ᠤᠨ ᠡᠳᠦᠷ ᠲᠤᠲᠤᠮ ᠤᠨ ᠭᠤᠶᠣᠯᠠᠯ ᠤᠨ ᠡᠳ᠋ ᠢᠶᠠᠷ ᠬᠠᠶᠢᠷ᠎ᠠ ᠬᠠᠯᠠᠮᠵᠢ ᠬᠠᠨᠳᠢᠪᠯᠠᠬᠤ ᠠᠵᠢᠯᠯᠠᠭ᠎ᠠ | ᠥᠷᠨᠢᠭᠦᠯᠪᠡ᠃ ᠳ᠋ᠠ ᠺᠦ᠋ ᠯᠢᠶᠠᠨ ᠲᠣᠰᠬᠤᠨ ᠤ ᠵᠥᠪᠯᠡᠯ ᠳᠤ 130 ᠬᠠᠶᠢᠷᠴᠠᠭ ᠥᠨᠳᠥᠷ ᠥᠳᠬᠡᠴᠡ ᠲᠠᠢ | ᠠᠷᠢᠭᠤᠳᠬᠠᠬᠤ ᠰᠢᠩᠭᠡᠨ ᠬᠠᠨᠳᠢᠪᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ | ᠬᠢᠬᠦ ᠳᠤ ᠡᠳ᠋ ᠪᠣᠳᠠᠰ ᠤᠨ ᠳᠡᠮᠵᠢᠯᠭᠡ ᠬᠠᠩᠭᠠᠪᠠ᠃ | | | ᠬᠠᠨᠳᠢᠪᠯᠠᠨ ᠬᠦᠷᠭᠡᠬᠦ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠣᠰᠬᠤᠨ ᠤ ᠠᠷᠠᠳ ᠤᠨ ᠵᠥᠪᠯᠡᠯ ᠶᠡᠭᠡ | ᠬᠦᠷᠢᠶ᠎ᠡ ᠲᠣᠰᠬᠤᠨ ᠤ ᠠᠷᠠᠳ ᠢ ᠵᠣᠬᠢᠶᠠᠨ ᠪᠠᠶᠢᠭᠤᠯᠵᠤ᠂ ᠡᠮᠬᠢ ᠵᠢᠷᠤᠮ ᠲᠠᠢ ᠪᠠᠷ ᠠᠷᠢᠭᠤᠳᠬᠠᠬᠤ ᠰᠢᠩᠭᠡᠨ ᠢ | ᠠᠪᠤᠪᠠ᠃ ᠲᠡᠭᠡᠬᠦ ᠮᠥᠷᠲᠡᠭᠡᠨ ᠲᠤᠬᠠᠶ ᠶᠢᠨ ᠲᠠᠯᠠᠪᠠᠢ ᠳᠤ ᠲᠣᠰᠬᠤᠨ ᠤ ᠠᠷᠠᠳ ᠲᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠮᠡᠳᠡᠯᠭᠡ ᠪᠠ ᠰᠢᠨᠵᠢᠯᠡᠬᠦ ᠤᠬᠠᠭᠠᠨᠴᠢ ᠪᠠᠷ ᠠᠷᠢᠭᠤᠳᠬᠠᠬᠤ ᠠᠷᠭ᠎ᠠ ᠮᠠᠶ᠋ᠢᠭ ᠢ | ᠲᠦᠭᠡᠮᠡᠯᠵᠢᠭᠦᠯᠦᠨ᠎ᠡ᠃ | | | ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠲᠤᠰ ᠭᠠᠵᠠᠷ ᠤᠨ ᠠᠵᠤ ᠠᠬᠤᠶᠢᠯᠠᠯ | ᠪᠣᠯᠤᠭᠰᠠᠨ ᠤ ᠬᠤᠪᠢ ᠳᠤ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ | ᠵᠠᠰᠠᠭ ᠤᠨ ᠣᠷᠳᠣᠨ ᠤ ᠠᠵᠢᠯ ᠳᠤ ᠬᠠᠮᠵᠢᠯᠴᠠᠵᠤ᠂ ᠬᠠᠮᠲᠤ ᠪᠠᠷ ᠬᠢᠵᠢᠭ ᠲᠠᠢ ᠲᠡᠮᠡᠴᠡᠬᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠴᠢᠳᠠᠯ ᠢᠶᠠᠨ | ᠡᠷᠭᠦᠨ᠎ᠡ ᠭᠡᠵᠦ ᠢᠯᠡᠳᠬᠡᠪᠡ᠃ | ᠳ᠋ᠠ ᠺᠦ᠋ ᠯᠢᠶᠠᠨ ᠰᠢᠶᠠᠩ ᠲᠣᠰᠬᠤᠨ ᠤ ᠵᠥᠪᠯᠡᠯ ᠡᠨᠡ ᠪᠦᠯᠦᠭ ᠡᠳ᠋ ᠪᠣᠳᠠᠰ ᠢ ᠵᠣᠯ ᠵᠢᠷᠭᠠᠯ ᠤᠨ ᠬᠦᠷᠢᠶᠡᠯᠡᠩ᠂ | ᠡᠷᠡᠭᠦᠯ ᠬᠠᠮᠠᠭᠠᠯᠠᠯ ᠤᠨ ᠬᠤᠷᠢᠶ᠎ᠠ᠂ ᠲᠣᠮᠢᠯᠠᠭᠰᠠᠨ ᠰᠠᠯᠪᠤᠷᠢ ᠵᠢᠴᠢ ᠲᠣᠰᠬᠤᠨ ᠤ ᠠᠷᠠᠳ ᠲᠤ ᠴᠠᠭ ᠲᠤᠬᠠᠶ ᠳᠤᠨᠢ | ᠬᠤᠪᠢᠶᠠᠷᠢᠯᠠᠨ ᠥᠭᠭᠦᠭᠰᠡᠨ ᠪᠥᠭᠡᠳ ᠲᠡᠳᠡᠨ ᠢ ᠠᠵᠤ ᠠᠬᠤᠶᠢᠯᠠᠯ ᠤᠨ ᠬᠠᠨᠳᠢᠪᠯᠠᠭᠰᠠᠨ ᠠᠷᠢᠭᠤᠳᠬᠠᠬᠤ ᠰᠢᠩᠭᠡᠨ ᠢ | ᠭᠦᠢᠴᠡᠳ ᠰᠠᠶᠢᠲᠤᠷ ᠬᠡᠷᠡᠭᠯᠡᠵᠦ᠂ ᠲᠣᠰᠬᠤᠨ ᠤ ᠠᠷᠠᠳ ᠤᠨ ᠬᠡᠷ ᠪᠦᠯᠢ᠂ ᠠᠵᠤ ᠠᠬᠤᠶᠢᠯᠠᠯ᠂ ᠣᠯᠠᠨ ᠨᠡᠶᠢᠲᠡ ᠶᠢᠨ | ᠠᠵᠢᠯᠯᠠᠭᠠᠨ ᠤ ᠲᠠᠯᠠᠪᠤᠷ ᠢ ᠠᠷᠢᠭᠤᠳᠬᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ | ᠥᠷᠭᠡᠨ ᠣᠯᠠᠨ ᠠᠷᠠᠳ ᠲᠦᠮᠡᠨ ᠤ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |