ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2022/2/21
     ᠣᠶᠢᠷ᠎ᠠ ᠶᠢᠨ ᠡᠳᠦᠷ ᠤᠳ ᠲᠤ᠂ ᠥᠪᠥᠷ ᠮᠣᠩᠭᠤᠯ ᠳᠤ ᠠᠷᠭ᠎ᠠ ᠶᠢᠨ ᠴᠢᠨᠠᠷᠲᠠᠶ ᠡᠪᠡᠳᠴᠢᠨ ᠤ ᠵᠢᠱᠢᠶ᠎ᠡ ᠵᠠᠯᠭᠠᠭ᠎ᠠ ᠪᠠᠷ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠣᠯᠵᠣ᠂ ᠡᠳ᠋ ᠪᠣᠳᠠᠰ ᠤᠨ ᠬᠤᠷᠣᠭᠳᠠᠯ ᠶᠡᠭᠡ ᠪᠠᠶᠢᠬᠤ ᠶᠢ ᠰᠡᠷᠭᠡᠶᠢᠯᠡᠨ ᠡᠵᠡᠮᠳᠡᠪᠡ᠃ 2 ᠰᠠᠷ᠎ᠠ ᠶᠢᠨ 17 ᠤ ᠡᠳᠦᠷ᠂ ᠳ᠋ᠠ ᠺᠦ᠋ ᠯᠢᠶᠠᠨ ᠰᠢᠶᠠᠩ ᠤᠨ ᠡᠳᠦᠷ ᠲᠤᠲᠤᠮ ᠤᠨ ᠭᠤᠶᠣᠯᠠᠯ ᠤᠨ ᠡᠳ᠋ ᠢᠶᠠᠷ ᠬᠠᠶᠢᠷ᠎ᠠ ᠬᠠᠯᠠᠮᠵᠢ ᠬᠠᠨᠳᠢᠪᠯᠠᠬᠤ ᠠᠵᠢᠯᠯᠠᠭ᠎ᠠ ᠥᠷᠨᠢᠭᠦᠯᠪᠡ᠃ ᠳ᠋ᠠ ᠺᠦ᠋ ᠯᠢᠶᠠᠨ ᠲᠣᠰᠬᠤᠨ ᠤ ᠵᠥᠪᠯᠡᠯ ᠳᠤ 130 ᠬᠠᠶᠢᠷᠴᠠᠭ ᠥᠨᠳᠥᠷ ᠥᠳᠬᠡᠴᠡ ᠲᠠᠢ ᠠᠷᠢᠭᠤᠳᠬᠠᠬᠤ ᠰᠢᠩᠭᠡᠨ ᠬᠠᠨᠳᠢᠪᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠳᠤ ᠡᠳ᠋ ᠪᠣᠳᠠᠰ ᠤᠨ ᠳᠡᠮᠵᠢᠯᠭᠡ ᠬᠠᠩᠭᠠᠪᠠ᠃
     ᠬᠠᠨᠳᠢᠪᠯᠠᠨ ᠬᠦᠷᠭᠡᠬᠦ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠣᠰᠬᠤᠨ ᠤ ᠠᠷᠠᠳ ᠤᠨ ᠵᠥᠪᠯᠡᠯ ᠶᠡᠭᠡ ᠬᠦᠷᠢᠶ᠎ᠡ ᠲᠣᠰᠬᠤᠨ ᠤ ᠠᠷᠠᠳ ᠢ ᠵᠣᠬᠢᠶᠠᠨ ᠪᠠᠶᠢᠭᠤᠯᠵᠤ᠂ ᠡᠮᠬᠢ ᠵᠢᠷᠤᠮ ᠲᠠᠢ ᠪᠠᠷ ᠠᠷᠢᠭᠤᠳᠬᠠᠬᠤ ᠰᠢᠩᠭᠡᠨ ᠢ ᠠᠪᠤᠪᠠ᠃ ᠲᠡᠭᠡᠬᠦ ᠮᠥᠷᠲᠡᠭᠡᠨ ᠲᠤᠬᠠᠶ ᠶᠢᠨ ᠲᠠᠯᠠᠪᠠᠢ ᠳᠤ ᠲᠣᠰᠬᠤᠨ ᠤ ᠠᠷᠠᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠪᠠ ᠰᠢᠨᠵᠢᠯᠡᠬᠦ ᠤᠬᠠᠭᠠᠨᠴᠢ ᠪᠠᠷ ᠠᠷᠢᠭᠤᠳᠬᠠᠬᠤ ᠠᠷᠭ᠎ᠠ ᠮᠠᠶ᠋ᠢᠭ ᠢ ᠲᠦᠭᠡᠮᠡᠯᠵᠢᠭᠦᠯᠦᠨ᠎ᠡ᠃
     ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠲᠤᠰ ᠭᠠᠵᠠᠷ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠵᠠᠰᠠᠭ ᠤᠨ ᠣᠷᠳᠣᠨ ᠤ ᠠᠵᠢᠯ ᠳᠤ ᠬᠠᠮᠵᠢᠯᠴᠠᠵᠤ᠂ ᠬᠠᠮᠲᠤ ᠪᠠᠷ ᠬᠢᠵᠢᠭ ᠲᠠᠢ ᠲᠡᠮᠡᠴᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃     ᠳ᠋ᠠ ᠺᠦ᠋ ᠯᠢᠶᠠᠨ ᠰᠢᠶᠠᠩ ᠲᠣᠰᠬᠤᠨ ᠤ ᠵᠥᠪᠯᠡᠯ ᠡᠨᠡ ᠪᠦᠯᠦᠭ ᠡᠳ᠋ ᠪᠣᠳᠠᠰ ᠢ ᠵᠣᠯ ᠵᠢᠷᠭᠠᠯ ᠤᠨ ᠬᠦᠷᠢᠶᠡᠯᠡᠩ᠂ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠮᠢᠯᠠᠭᠰᠠᠨ ᠰᠠᠯᠪᠤᠷᠢ ᠵᠢᠴᠢ ᠲᠣᠰᠬᠤᠨ ᠤ ᠠᠷᠠᠳ ᠲᠤ ᠴᠠᠭ ᠲᠤᠬᠠᠶ ᠳᠤᠨᠢ ᠬᠤᠪᠢᠶᠠᠷᠢᠯᠠᠨ ᠥᠭᠭᠦᠭᠰᠡᠨ ᠪᠥᠭᠡᠳ ᠲᠡᠳᠡᠨ ᠢ ᠠᠵᠤ ᠠᠬᠤᠶᠢᠯᠠᠯ ᠤᠨ ᠬᠠᠨᠳᠢᠪᠯᠠᠭᠰᠠᠨ ᠠᠷᠢᠭᠤᠳᠬᠠᠬᠤ ᠰᠢᠩᠭᠡᠨ ᠢ ᠭᠦᠢᠴᠡᠳ ᠰᠠᠶᠢᠲᠤᠷ ᠬᠡᠷᠡᠭᠯᠡᠵᠦ᠂ ᠲᠣᠰᠬᠤᠨ ᠤ ᠠᠷᠠᠳ ᠤᠨ ᠬᠡᠷ ᠪᠦᠯᠢ᠂ ᠠᠵᠤ ᠠᠬᠤᠶᠢᠯᠠᠯ᠂ ᠣᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ ᠢ ᠠᠷᠢᠭᠤᠳᠬᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠥᠷᠭᠡᠨ ᠣᠯᠠᠨ ᠠᠷᠠᠳ ᠲᠦᠮᠡᠨ ᠤ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3