ᠮᠠᠨ ᠤ ᠰᠢᠶᠠᠨ ᠪᠥᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2022/3/28
     3 ᠰᠠᠷ᠎ᠠ ᠶᠢᠨ 24 ᠤ ᠡᠳᠦᠷ᠂ ᠮᠠᠨ ᠤ ᠰᠢᠶᠠᠨ ᠪᠥᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠭᠤᠤᠯᠳᠠᠯᠭ᠎ᠠ ᠲᠠᠢ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠮᠠᠨᠳᠤᠯ ᠬᠥᠭᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠬᠤᠷᠠᠯ ᠡᠷᠬᠢᠯᠡᠵᠤ ᠶᠠᠷᠢᠶ᠎ᠠ ᠲᠠᠯᠪᠢᠵᠠᠢ᠃
     ᠬᠤᠷᠠᠯ ᠠᠴᠠ ᠴᠢᠩᠭᠠᠳᠬᠠᠭᠰᠠᠨ ᠨᠢ᠂ ᠠᠵᠢᠯ ᠡᠬᠢᠯᠡᠭᠦᠯᠬᠦ ᠬᠤᠭᠤᠴᠠᠭ᠎ᠠ ᠤᠳᠠᠯ ᠦᠭᠡᠢ ᠡᠬᠢᠯᠡᠬᠦ ᠭᠡᠵᠦ ᠪᠠᠶᠢᠨ᠎ᠠ᠂ ᠡᠯ᠎ᠡ ᠲᠠᠯ᠎ᠠ ᠪᠠᠷ ᠲᠦᠷᠦᠭᠦᠯᠡᠨ ᠤᠳᠤᠷᠢᠳᠴᠤ᠂ ᠬᠤᠯᠪᠣᠭᠳᠠᠯ ᠪᠦᠬᠦᠢ ᠨᠢᠭᠡᠴᠡ ᠶᠢᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ᠲᠠᠨᠢᠯᠲᠠ ᠪᠠᠨ ᠭᠦᠨᠵᠡᠭᠡᠶᠢᠷᠡᠭᠦᠯᠵᠦ᠂ ︽ᠲᠦᠷᠦᠯ ᠵᠦᠢᠯ ᠢ ᠠᠳᠬᠤᠬᠤ ᠨᠢ ᠬᠥᠭᠵᠢᠯᠲᠡ ᠶᠢ ᠠᠳᠬᠤᠵᠤ᠂ ᠲᠦᠷᠦᠯ ᠵᠦᠢᠯ ᠢ ᠰᠦᠪᠡᠭᠴᠢᠯᠡᠬᠦ ᠨᠢ ᠢᠷᠡᠭᠡᠳᠦᠢ ᠶᠢ ᠲᠥᠯᠥᠪᠵᠢᠭᠦᠯᠬᠦ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠳᠤᠷᠢᠳᠤᠯᠭ᠎ᠠ ᠳᠠᠭᠠᠭᠤᠯᠬᠤ ᠶᠢ ᠪᠠᠷᠢᠮᠲᠠᠯᠠᠵᠤ᠂ ᠲᠤᠰᠬᠠᠢ ᠠᠩᠬᠢ ᠪᠠᠷ ᠠᠬᠢᠭᠤᠯᠬᠤ ᠶᠢ ᠪᠠᠷᠢᠮᠲᠠᠯᠠᠵᠤ᠂ ᠲᠡᠷᠢᠭᠦᠨ ᠤ ᠪᠠᠶᠢᠷᠢᠨ ᠳᠤ ᠣᠷᠣᠬᠤ ᠪᠠᠷ ᠴᠢᠷᠮᠠᠶᠢᠬᠤ ᠬᠡᠷᠡᠭᠲᠡᠢ︔ ᠬᠠᠪᠤᠷ ᠤᠨ ᠤᠯᠠᠷᠢᠯ ᠤᠨ ᠲᠥᠪᠯᠡᠷᠡᠭᠦᠯᠦᠨ ᠠᠵᠢᠯ ᠡᠬᠢᠯᠡᠭᠦᠯᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠠᠪᠤᠳᠠᠯ ᠢ ᠣᠳᠣᠬᠠᠨ ᠤ ᠲᠡᠷᠢᠭᠦᠨ ᠴᠢᠬᠤᠯᠠ ᠭᠤᠣᠯᠳᠠᠯᠭ᠎ᠠ ᠲᠠᠢ ᠠᠵᠢᠯ ᠪᠣᠯᠭᠠᠵᠤ᠂ ᠠᠵᠢᠯ ᠡᠬᠢᠯᠡᠭᠦᠯᠬᠦ ᠲᠥᠷᠥᠯ ᠵᠦᠢᠯ ᠤᠨ ᠨᠠᠷᠢᠨ ᠳᠠᠩᠰᠠ ᠶᠢ ᠵᠢᠭᠰᠠᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ︽ᠬᠦᠴᠢᠷᠳᠡᠯ ᠲᠠᠢ ᠴᠡᠭ︾᠂ ︽ᠡᠪᠡᠷᠰᠢᠶᠡᠯ ᠤᠨ ᠴᠡᠭ︾᠂ ︽ᠲᠦᠭᠵᠢᠶᠡᠰᠦ ᠶᠢᠨ ᠴᠡᠭ︾ ᠢ ᠡᠮᠬᠢᠯᠡᠨ ᠳᠢᠭᠯᠡᠵᠦ᠂ ᠳᠡᠭᠡᠳᠦ ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠯᠦᠭᠡ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠣᠯᠭᠠᠭᠤᠯᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠰᠦᠯᠵᠢᠶᠡᠨ ᠳᠡᠭᠡᠷ᠎ᠡ ᠭᠦᠢᠴᠡᠳᠭᠡᠬᠦ ᠠᠷᠭ᠎ᠠ ᠶᠢ ᠤᠶᠢᠯᠠᠭᠠᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠵᠢᠷᠤᠭ ᠡᠯᠭᠦᠨ ᠪᠠᠶᠢᠯᠳᠤᠵᠤ᠂ ᠤᠷᠢᠳᠴᠢᠯᠠᠨ ᠦᠢᠯᠡᠴᠢᠯᠡᠨ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠳᠤᠮᠳᠠᠬᠢ ᠠᠰᠠᠭᠤᠳᠠᠯ ᠪᠠ ᠬᠦᠴᠢᠷ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠨᠠᠷᠢᠨ ᠲᠠᠩᠰᠠᠵᠢᠭᠤᠯᠬᠤ᠂ ᠡᠬᠡ ᠲᠠᠩᠰᠠᠵᠢᠭᠤᠯᠬᠤ᠂ ᠲᠥᠰᠦᠯᠵᠢᠭᠦᠯᠬᠦ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠶ ᠪᠠᠷ ᠳᠥᠯᠭᠢᠨ ᠠᠬᠢᠭᠤᠯᠵᠤ᠂ ᠪᠣᠳᠠᠲᠠᠶᠢᠵᠢᠭᠤᠯᠤᠭᠰᠠᠨ ᠲᠥᠷᠥᠯ ᠵᠦᠢᠯ ᠤᠨ ᠬᠠᠪᠤᠷ ᠤᠨ ᠡᠬᠢ ᠪᠠᠷ ᠠᠵᠢᠯ ᠡᠬᠢᠯᠡᠭᠦᠯᠬᠦ ᠶᠢ ᠦᠨᠡᠨᠬᠦ ᠪᠠᠲᠤᠯᠠᠵᠤ᠂ ᠦᠨᠡᠨ ᠪᠣᠳᠠᠲᠠᠶ ᠠᠬᠢᠴᠠ ᠲᠠᠢ ᠪᠣᠯᠭᠠᠨ᠎ᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠤᠭᠤᠷᠣᠨᠳᠣ ᠪᠠᠨ ᠠᠵᠢᠯ ᠤᠨ ᠵᠣᠯᠭᠠᠯᠴᠠᠭ᠎ᠠ ᠪᠠᠨ ᠴᠢᠩᠭᠠᠳᠬᠠᠵᠤ᠂ ᠶᠡᠭᠡ ᠲᠠᠯ᠎ᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ᠂ ᠦᠷ᠎ᠡ ᠪᠦᠲᠦᠮᠵᠢ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠴᠣᠭᠴᠠᠯᠠᠬᠤ ᠰᠦᠷ ᠳᠠᠯᠠᠶᠢᠴᠠᠲᠠᠶ ᠬᠦᠴᠦᠨ ᠢ ᠨᠢᠭᠲᠠᠷᠠᠭᠤᠯᠬᠤ ᠬᠡᠷᠡᠭᠲᠡᠶ᠃ ᠴᠠᠭ ᠲᠤᠬᠠᠶ ᠳᠤᠨᠢ ᠠᠵᠤ ᠠᠬᠤᠶᠢᠯᠠᠯ ᠤᠨ ᠲᠥᠷᠥᠯ ᠵᠦᠢᠯ ᠲᠠᠢ ᠨᠡᠪᠲᠡᠷᠡᠯᠴᠡᠵᠦ᠂ ᠮᠠᠨ ᠤ ᠰᠢᠶᠠᠨ ᠤ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠬᠠᠷᠠᠯᠲᠠ ᠳᠤ ᠨᠡᠶᠢᠴᠡᠬᠦ ᠭᠤᠣᠯᠳᠠᠯᠭ᠎ᠠ ᠲᠠᠢ ᠲᠥᠷᠥᠯ ᠵᠦᠢᠯ ᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠥᠷᠥᠯ ᠵᠦᠢᠯ ᠤᠨ ᠬᠡᠷᠡᠭᠴᠡᠭᠡ ᠶᠢ ᠭᠦᠨᠵᠡᠭᠡᠶ ᠣᠶᠢᠯᠠᠭᠠᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠲᠥᠷᠥᠯ ᠵᠦᠢᠯ ᠲᠣᠭᠲᠠᠭᠠᠬᠤ᠂ ᠭᠠᠵᠠᠷ ᠰᠢᠷᠣᠶ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ᠂ ᠭᠠᠵᠠᠷ ᠰᠣᠩᠭᠤᠬᠤ ᠵᠡᠷᠭᠡ ᠭᠠᠷᠳᠠᠮ ᠢ ᠭᠦᠢᠴᠡᠳᠬᠡᠬᠦ ᠠᠵᠢᠯ ᠢ ᠲᠦᠷᠭᠡᠳᠬᠡᠵᠦ᠂ ︽ᠨᠢᠭᠡ ᠳᠤ ᠨᠢᠭᠡ︾ ᠶᠢᠨ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠮᠥᠷᠳᠡᠨ ᠦᠢᠯᠡᠴᠢᠯᠡᠬᠦ ᠪᠠ ᠬᠦᠴᠦᠨ ᠵᠦᠢᠯ ᠤᠨ ᠪᠠᠲᠤᠯᠠᠭ᠎ᠠ ᠶᠢᠨ ᠡᠷᠴᠢᠮ ᠢ ᠰᠠᠶᠢᠲᠤᠷ ᠠᠳᠬᠤᠵᠤ᠂ ᠵᠠᠮ᠂ ᠪᠣᠬᠢᠷ ᠤᠰᠤ ᠶᠢ ᠰᠢᠢᠳᠪᠦᠷᠢᠯᠡᠬᠦ᠂ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠭᠠᠷᠳᠠᠮ ᠢ ᠭᠦᠢᠴᠡᠳᠬᠡᠬᠦ ᠶᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠰᠠᠭᠤᠷᠢ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠲᠠᠢ ᠵᠡᠷᠭᠡᠪᠡᠷ ᠠᠬᠢᠭᠤᠯᠵᠤ᠂ ᠴᠢᠬᠤᠯᠠ ᠡᠯᠧᠮᠧᠨ᠋ᠲ ᠢ ᠲᠦᠷᠦᠯ ᠵᠦᠢᠯ ᠢ ᠳᠠᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠰᠢᠩ ᠡᡁᠧ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ ᠤᠯᠬᠤ ᠶᠢ ᠲᠠᠰᠤᠷᠠᠯᠳᠠ ᠦᠭᠡᠢ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠡᠭᠡᠷ᠎ᠡ᠂ ᠵᠣᠣ ᠷᠦᠢ᠂ ᠶᠠᠩ ᠵᠧᠨ ᠳ᠋ᠦᠩ᠂ ᠯᠢ ᠼᠠᠢ ᠴᠢᠩ᠂ ᠾᠧ ᠶᠢᠩ ᠽᠢ᠂ ᠢᠦᠶ ᠬᠤᠩ ᠯᠢᠶᠠᠩ᠂ ᠶᠤᠸᠠᠢ ᠯᠢᠶᠠᠩ᠂ ᠸᠠᠩ ᠬᠠᠶ ᠵᠢᠶᠦ᠋ᠨ᠂ ᠾᠧ ᠰᠢᠩ ᠬᠤᠸᠠ ᠵᠡᠷᠭᠡ 22 ᠰᠢᠶᠠᠨ ᠤ ᠱᠠᠲᠤᠨ ᠤ ᠤᠳᠤᠷᠢᠳᠤᠯᠭ᠎ᠠ ᠨᠠᠷ ᠳᠠᠭᠠᠭᠠᠴᠢᠯᠠᠨ ᠬᠤᠯᠪᠣᠭᠠᠯᠠᠬᠤ ᠵᠦᠢᠯᠡᠰ ᠤᠨ ᠠᠬᠢᠴᠠ ᠶᠢᠨ ᠪᠠᠶᠢᠳᠠᠯ ᠢ ᠲᠠᠰ ᠳᠠᠷᠠᠭᠠᠯᠠᠨ ᠬᠠᠷᠢᠭᠤ ᠮᠡᠳᠡᠭᠦᠯᠦᠭᠰᠡᠨ ᠪᠥᠭᠡᠳ ᠬᠠᠮᠲᠤ ᠪᠠᠷ ᠰᠢᠩ ᠾᠧ ᠰᠢᠶᠠᠨ ᠤ ᠬᠤᠳᠠᠯᠳᠤᠭᠠᠴᠢᠨ ᠤᠷᠢᠵᠤ ᠪᠠᠯᠠ ᠲᠠᠲᠠᠬᠤ ᠲᠤᠰᠬᠠᠶ ᠰᠡᠳᠦᠪᠲᠦ ᠹᠢᠯᠢᠮ ᠢ ᠦᠵᠡᠵᠦ᠂ ᠲᠤᠰᠬᠠᠶ ᠰᠡᠳᠦᠪᠲᠦ ᠹᠢᠯᠢᠮ ᠪᠠ ᠬᠤᠳᠠᠯᠳᠤᠭᠠᠴᠢᠨ ᠤᠷᠢᠵᠤ ᠪᠠᠯᠠ ᠲᠠᠲᠠᠬᠤ ᠭᠠᠷ ᠳᠡᠪᠲᠡᠷ ᠤᠨ ᠠᠭᠤᠯᠭ᠎ᠠ ᠶᠢᠨ ᠲᠤᠬᠠᠶ ᠲᠣᠰ ᠲᠣᠰ ᠰᠠᠨᠠᠯ ᠰᠠᠨᠠᠭᠤᠯᠭ᠎ᠠ ᠳᠤᠷᠠᠳᠴᠠᠶ᠃      ᠰᠢᠶᠠᠨ ᠤ ᠳᠦᠷᠪᠡᠨ ᠶᠡᠭᠡ ᠤᠳᠤᠷᠢᠳᠬᠤ ᠪᠠᠭ ᠭᠡᠷ ᠲᠡᠭᠡᠨ ᠤᠳᠤᠷᠢᠳᠴᠤ᠂ ︽ᠬᠠᠤᠯᠢ ᠪᠠᠶᠢᠴᠠᠭᠠᠬᠤ  ᠬᠤᠷᠢᠶ᠎ᠠ︾ ᠶᠢᠨ ᠬᠤᠶᠠᠷ ᠳᠠᠷᠤᠭ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠴᠢ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                 ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3