ᠰᠢᠶᠠᠨ ᠤ ᠨᠠᠮ ᠤᠨ ᠬᠤᠷᠢᠶᠠᠨ ᠤ ᠭᠤᠣᠯ ᠳᠤᠭᠤᠶᠢᠯᠠᠩ 2022 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/28
     ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠮᠠᠨ ᠤ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠢᠨ ᠲᠥᠯᠥᠭᠡ ᠶᠤᠮ᠃ 3 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠭᠤᠤᠯ ᠳᠤᠭᠤᠶᠢᠯᠠᠩ 2022 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠾᠧ ᠶᠢᠩ ᠽᠢ ᠰᠤᠷᠤᠯᠴᠠᠯᠭ᠎ᠠ ᠶᠢᠨ ᠬᠤᠷᠠᠯ ᠢ ᠡᠷᠬᠢᠯᠡᠪᠡ᠃
     ᠰᠤᠷᠤᠯᠴᠠᠯᠭ᠎ᠠ ᠶᠢᠨ ᠬᠤᠷᠠᠯ ᠠᠴᠠ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠯᠢᠦ ᠼᠠᠢ ᠰᠢᠶᠠ ᠶᠢ ᠣᠨᠴᠠᠭᠠᠶᠢᠯᠠᠨ ᠤᠷᠢᠵᠤ ︽ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠶ᠎ᠡ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠲᠠᠶᠢᠯᠤᠮᠵᠢ ᠳᠤ᠂ ᠯᠢᠦ ᠼᠠᠢ ᠰᠢᠶᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠰᠠᠶᠢᠨ ᠮᠠᠭᠤ ᠶᠢᠨ ᠢᠯᠡᠷᠡᠯ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠰᠠᠨᠠᠭᠤᠯᠭ᠎ᠠ ᠵᠡᠷᠭᠡ ᠲᠠᠯ᠎ᠠ ᠪᠠᠷ ᠭᠤᠣᠯᠳᠠᠭᠤᠯᠵᠤ᠂ ᠲᠣᠰ ᠪᠡᠶ᠎ᠡ ᠶᠢᠨ ᠰᠤᠳᠤᠯᠭᠠᠨ ᠤ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠲᠡᠷᠢᠭᠦᠨ ᠤ ᠭᠠᠵᠠᠷ ᠣᠷᠣᠨ᠂ ᠰᠢᠯᠢᠳᠡᠭ ᠠᠵᠤ ᠠᠬᠤᠶᠢᠯᠠᠯ ᠤᠨ ᠬᠥᠭᠵᠢᠯᠲᠡ ᠵᠢᠴᠢ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠵᠠᠳᠠᠯᠤᠯᠲᠠ᠂ ᠬᠡᠷᠡᠭ ᠤᠨ ᠵᠢᠱᠢᠶ᠎ᠡ ᠶᠢ ᠬᠤᠪᠢᠶᠠᠯᠴᠠᠨ ᠡᠳ᠋ᠯᠡᠬᠦ ᠪᠠᠷ ᠳᠠᠮᠵᠢᠭᠤᠯᠤᠨ ᠣᠯᠠᠨ ᠳᠤ ᠭᠦᠨᠵᠡᠭᠡᠶ ᠪᠥᠭᠡᠳ ᠨᠠᠷᠢᠨ ᠲᠠᠶᠢᠯᠤᠮᠵᠢ ᠬᠢᠵᠦ᠂ ᠮᠠᠰᠢ ᠣᠯᠠᠨ ᠪᠣᠳᠠᠲᠠᠶ ᠠᠷᠭ᠎ᠠ ᠪᠠ ᠠᠷᠭ᠎ᠠ ᠬᠡᠮᠵᠢᠶ᠎ᠡ ᠶᠢ ᠵᠢᠭᠠᠵᠤ ᠭᠠᠷᠭᠠᠭᠰᠠᠨ ᠪᠣᠯᠬᠤᠷ ᠣᠨᠣᠯ ᠤᠨ ᠵᠢᠯᠣᠭᠤᠳᠬᠤ ᠴᠢᠨᠠᠷ ᠪᠠ ᠪᠣᠳᠠᠲᠤ ᠬᠠᠨᠳᠤᠯᠭᠠᠲᠤ ᠴᠢᠨᠠᠷ ᠲᠠᠢ ᠪᠠᠶᠢᠵᠤ᠂ ᠬᠤᠶᠢᠰᠢᠳᠠ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠠᠵᠢᠯ ᠢ ᠰᠢᠯᠢᠳᠡᠭᠵᠢᠭᠦᠯᠬᠦ ᠳᠤ ᠮᠠᠰᠢ ᠴᠢᠩᠭ᠎ᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠦᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠦᠨᠡᠨᠬᠦ ᠴᠢᠩᠭᠠᠳᠬᠠᠬᠤ ᠬᠡᠷᠡᠭᠲᠡᠢ︔ ᠤᠯᠤᠰ ᠲᠦᠷᠦ ᠶᠢᠨ ᠶᠡᠭᠡ ᠲᠠᠯ᠎ᠠ᠂ ᠬᠥᠭᠵᠢᠯᠲᠡ ᠶᠢᠨ ᠶᠡᠭᠡ ᠲᠠᠯ᠎ᠠ ᠶᠢᠨ ᠦᠨᠳᠦᠷᠴᠡ ᠠᠴᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠦᠢᠯ ᠤᠨ ᠴᠢᠬᠤᠯᠠ ᠴᠢᠨᠠᠷ ᠪᠣᠯᠤᠨ ᠪᠣᠳᠠᠲᠠᠢ ᠲᠤᠯᠭᠠᠮ᠎ᠠ ᠰᠡᠳᠬᠢᠯᠭᠡ ᠶᠢ ᠭᠦᠢᠴᠡᠳ ᠲᠠᠨᠢᠵᠤ ᠡᠵᠡᠮᠳᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠪᠥᠬᠦ ᠲᠠᠯ᠎ᠠ ᠶᠢᠨ ᠬᠥᠭᠵᠢᠯᠲᠡ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠦᠨᠡᠨ ᠬᠦ ᠲᠠᠯᠪᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠮᠠᠨ ᠤ ᠰᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠎ᠡ᠃      ᠬᠤᠷᠠᠯ ᠠᠴᠠ ᠴᠢᠩᠭᠠᠳᠬᠠᠭᠰᠠᠨ ᠨᠢ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ︔ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠠᠬᠢᠭᠤᠯᠤᠨ᠂ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠴᠣᠩᠬᠤᠨ ᠳᠤ ᠰᠠᠭᠤᠬᠤ ᠲᠦᠷᠢᠮ ᠢ ᠭᠦᠨᠵᠡᠭᠡᠶ ᠬᠡᠷᠡᠭᠵᠢᠭᠦᠯᠬᠦ ᠬᠡᠷᠡᠭᠲᠡᠶ᠃ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠭᠦᠨᠵᠡᠭᠡᠶᠢᠷᠡᠭᠦᠯᠵᠦ᠂ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠠᠷᠠᠯᠲᠠᠲᠤ ᠰᠢᠯᠭᠠᠨ ᠬᠢᠨᠠᠬᠤ ᠰᠢᠰᠲ᠋ᠧᠮᠵᠢ ᠶᠢ ᠪᠠᠶᠢᠭᠤᠯᠵᠤ᠂ ᠬᠤᠳᠠᠯᠳᠤᠭ᠎ᠠ ᠶᠢ ᠳᠣᠲᠣᠨᠣᠴᠢᠯᠠᠬᠤ᠂ ᠬᠤᠳᠠᠯᠳᠤᠭ᠎ᠠ ᠶᠢ ᠴᠢᠬᠤᠯᠠᠴᠢᠯᠠᠬᠤ᠂ ᠬᠤᠳᠠᠯᠳᠤᠭ᠎ᠠ ᠶᠢ ᠠᠮᠤᠷᠵᠢᠭᠤᠯᠬᠤ᠂ ᠬᠤᠳᠠᠯᠳᠤᠭ᠎ᠠ ᠶᠢ ᠪᠠᠶᠠᠵᠢᠭᠤᠯᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠰᠠᠶᠢᠵᠢᠷᠠᠨ ᠰᠢᠯᠢᠳᠡᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ︔ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ︽ᠰᠠᠶᠢᠨ ᠭᠠᠵᠠᠷ ᠣᠷᠣᠨ᠂ ᠰᠠᠶᠢᠨ ᠶᠠᠪᠤᠳᠠᠯ ᠢ ᠪᠦᠲᠦᠭᠡᠬᠦ ᠳᠤ ᠠᠮᠠᠷ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠴᠦ᠂ ︽ᠳᠡᠯᠭᠡᠭᠦᠷ ᠤᠨ ᠪᠠᠭᠰᠢ︾ ᠪᠤᠯᠵᠤ᠂ ᠠᠵᠤ ᠠᠬᠤᠶᠢᠯᠠᠯ ᠤᠨ ᠭᠠᠵᠠᠷ ᠬᠡᠷᠡᠭᠯᠡᠬᠦ᠂ ᠠᠵᠢᠯᠴᠢᠨ ᠬᠡᠷᠡᠭᠯᠡᠬᠦ᠂ ᠡᠳ᠋ ᠪᠠᠷᠠᠭᠠᠨ ᠤ ᠭᠦᠢᠯᠭᠡᠭᠡ ᠵᠡᠷᠭᠡ ᠪᠣᠳᠠᠲᠠᠢ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠶᠢᠯᠠᠯᠲᠠᠨ ᠢ ᠪᠡᠯᠡ ᠣᠷᠣᠭᠤᠯᠬᠤ ᠳᠤ ᠰᠠᠨᠠᠭ᠎ᠠ ᠠᠮᠤᠷ᠂ ᠦᠢᠯᠡᠰ ᠪᠤᠰᠬᠠᠬᠤ ᠳᠤ ᠰᠠᠨᠠᠭ᠎ᠠ ᠠᠮᠤᠷ ᠪᠣᠯᠭᠠᠵᠤ᠂ ᠪᠡᠯᠡ ᠣᠷᠣᠭᠤᠯᠤᠯᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠴᠢᠨᠠᠭᠰᠢᠳᠠ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠱᠠᠭᠠᠷᠳᠠᠭᠰᠠᠨ ᠨᠢ᠂ ᠢᠳᠡᠪᠬᠢᠲᠡᠶ ᠪᠠᠷ ᠭᠠᠳᠠᠭᠰᠢ ᠭᠠᠷᠴᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠠᠵᠤ ᠦᠢᠯᠡᠰ ᠤᠨ ᠲᠥᠷᠥᠯ ᠵᠦᠢᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃ ᠰᠠᠯᠠᠭ᠎ᠠ ᠮᠥᠴᠢᠷ ᠨᠢᠭᠡᠪᠦᠷᠢ᠂ ᠤᠳᠤᠷᠢᠳᠬᠤ ᠺᠠᠳ᠋ᠷ ᠨᠢᠭᠡᠪᠦᠷᠢ ᠴᠥᠮ ︽ᠭᠠᠳᠠᠭᠰᠢ ᠭᠠᠷᠴᠤ︾ ᠬᠤᠳᠠᠯᠳᠤᠭᠠᠴᠢᠨ ᠤᠷᠢᠵᠤ ᠪᠡᠯᠡ ᠮᠥᠩᠭᠦ ᠲᠠᠲᠠᠬᠤ ᠠᠵᠢᠯ ᠢ ᠠᠵᠤ ᠠᠬᠤᠶᠢᠯᠠᠯ ᠲᠠᠢ ᠵᠣᠯᠭᠠᠭᠤᠯᠵᠤ᠂ ᠨᠠᠮ ᠵᠠᠰᠠᠭ ᠤᠨ ︽ᠨᠢᠭᠡᠳᠦᠭᠡᠷ ᠭᠠᠷ︾ ᠪᠡᠶ᠎ᠡ ᠪᠠᠷ ᠢᠶᠠᠨ ᠭᠠᠷ ᠲᠦᠷᠦᠭᠦ᠂ ᠰᠠᠯᠠᠭ᠎ᠠ ᠮᠥᠴᠢᠷ ᠢᠳᠡᠪᠬᠢᠲᠡᠶ ᠪᠠᠷ ᠠᠵᠢᠯ ᠬᠢᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠥᠷᠭᠡᠨ ᠢᠶᠠᠷ ᠣᠷᠣᠯᠴᠠᠵᠤ᠂ ᠠᠯᠢᠪᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠯᠢᠪᠠ ᠳᠠᠯᠳᠠ ᠬᠦᠴᠦᠨ ᠢ ᠠᠭᠤᠳᠠᠯᠵᠤ᠂ ᠠᠯᠢᠪᠠ ᠲᠦᠷᠦ ᠶᠢᠨ ᠪᠤᠳᠤᠯᠭ᠎ᠠ ᠶᠢ ᠭᠦᠢᠴᠡᠳ ᠬᠡᠷᠡᠭᠯᠡᠨ᠂ ᠬᠤᠳᠠᠯᠳᠤᠭᠠᠴᠢᠨ ᠤᠷᠢᠵᠤ ᠪᠡᠯᠡ ᠮᠥᠩᠭᠦ ᠲᠠᠲᠠᠬᠤ ᠠᠵᠢᠯ ᠢ ᠢᠳᠡᠪᠬᠢᠲᠡᠶ ᠥᠷᠨᠢᠭᠦᠯᠵᠦ᠂ ᠲᠤᠮᠤ ᠬᠥᠮᠦᠨ ᠡᠯᠰᠡᠵᠦ ᠬᠦᠴᠦᠷᠬᠡᠭ ᠢ ᠲᠠᠲᠠᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠶ︔ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂ ︽ᠳᠣᠲᠣᠷ᠎ᠠ ᠲᠠᠮᠢᠷ ᠢᠶᠠᠨ ᠪᠣᠯᠪᠠᠰᠤᠷᠠᠭᠤᠯᠬᠤ︾ ᠪᠠ ︽ᠭᠠᠳᠠᠭᠠᠳᠤ ᠶᠢᠨ ᠬᠦᠴᠦᠨ ᠢ ᠤᠷᠠᠨ ᠢᠶᠠᠷ ᠠᠰᠢᠭᠯᠠᠬᠤ︾ ᠬᠤᠶᠠᠷ ᠲᠠᠯ᠎ᠠ ᠶᠢᠨ ᠠᠵᠢᠯ ᠢ ᠵᠡᠷᠭᠡ ᠪᠠᠷ ᠬᠢᠬᠦ ᠶᠢ ᠪᠠᠷᠢᠮᠲᠠᠯᠠᠵᠤ᠂ ᠪᠡᠭᠡᠵᠢᠩ ᠲᠢᠶᠠᠨᠵᠢᠨ ᠡᡁᠧᠪᠸᠢ᠂ ᠤᠯᠠᠭᠠᠨᠴᠠᠪ ᠳ᠋ᠠ‌‍ᠲ᠋ᠤᠩ ᠴᠢᠭᠤᠯᠤᠯᠲᠤ ᠬᠠᠭᠠᠯᠭ᠎ᠠ᠂ ᠬᠥᠬᠡᠬᠤᠲᠠ ᠪᠤᠭᠤᠲᠤ ᠤᠷᠳᠤᠰ ᠤᠯᠠᠭᠠᠨᠴᠠᠪ  ᠤᠨ ᠬᠠᠮᠲᠤᠷᠠᠯᠴᠠᠭᠠᠨ ᠤ ᠣᠷᠣᠨ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠮᠠᠨ ᠤ ᠰᠢᠶᠠᠨ ᠤ ᠪᠠᠯ ᠴᠢᠯᠠᠭᠤ᠂ ᠬᠥᠪᠰᠥᠭᠡᠷ ᠰᠢᠷᠣᠢ᠂ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠪᠣᠯᠤᠨ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ᠬᠡᠯᠬᠢᠶ᠎ᠡ ᠶᠢ ᠴᠢᠩᠭᠠᠳᠬᠠᠬᠤ᠂ ᠬᠡᠯᠬᠢᠶ᠎ᠡ ᠶᠢ ᠨᠥᠬᠦᠪᠥᠷᠢᠯᠡᠬᠦ‍ ᠨᠢᠭᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠵᠤ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠬᠦᠴᠦᠯᠡᠨ ᠪᠠᠶᠢᠭᠤᠯᠵᠤ᠂ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      ᠰᠢᠶᠠᠨ ᠤ ᠲᠦᠷᠪᠡᠨ ᠶᠡᠭᠡ ᠤᠳᠤᠷᠢᠳᠬᠤ ᠪᠠᠭ ᠤᠨ ᠬᠢᠨ ᠭᠡᠷ ᠲᠡᠭᠡᠨ ᠤᠳᠤᠷᠢᠳᠴᠤ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠳᠡᠳ᠋ ᠡᠷᠬᠢᠯᠡᠭᠴᠢ᠂ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠶᠠᠮᠤᠨ᠂ ᠵᠥᠪᠯᠡᠯ᠂ ᠠᠯᠪᠠᠨ ᠭᠡᠷ᠂ ᠲᠤᠪᠴᠢᠶ᠎ᠠ ᠶᠢᠨ ᠭᠤᠣᠯ ᠬᠠᠷᠢᠭᠤᠴᠠᠯᠭᠠᠲᠠᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠵᠢᠴᠢ ᠠᠷᠠᠳ ᠤᠨ ᠡᠯ᠎ᠡ ᠪᠦᠯᠬᠦᠮ᠂ ᠡᠯ᠎ᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃           ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3