ᠮᠠᠨ ᠤ ᠰᠢᠶᠠᠨ ︽ᠬᠤᠶᠠᠷ ᠬᠥᠪᠡᠭᠡᠨ ᠤ ᠬᠢᠨ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠵᠤ᠂ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠦᠶ᠎ᠡ︾ ᠭᠡᠬᠦ ᠵᠠᠯᠠᠭᠤ ᠪᠠᠭᠠᠴᠤᠳ ᠰᠤᠷᠤᠭᠴᠢᠳ ᠤᠨ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠨ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/3/28
     3 ᠰᠠᠷ᠎ᠠ ᠶᠢᠨ 24 ᠤ ᠡᠳᠦᠷ᠂ ᠮᠠᠨ ᠤ ᠰᠢᠶᠠᠨ ᠲᠠᠶᠢᠸᠠᠨ ᠳᠤ ᠬᠤᠯᠪᠣᠭᠳᠠᠭᠰᠠᠨ ᠰᠤᠷᠭᠠᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ︽ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠪᠠᠷ ᠢᠶᠠᠨ ᠨᠢᠭᠡ ᠬᠡᠷ ᠤᠨ ᠬᠥᠮᠦᠨ ᠪᠣᠯᠵᠣ᠂ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠵᠠᠯᠠᠭᠤ ᠪᠠᠭᠠᠴᠤᠳ ᠰᠤᠷᠤᠭᠴᠢᠳ ᠤᠨ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠭᠡ ᠡᠷᠬᠢᠯᠡᠪᠡ᠃ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠬᠠᠶ ᠵᠢᠶᠦ᠋ᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠶ ᠰᠢᠶᠤᠤ ᠬᠤᠶ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠶ ᠵᠢᠶᠦ᠋ᠨ ᠠᠵᠢᠯᠯᠠᠭ᠎ᠠ ᠳᠤ ᠤᠷᠤᠯᠴᠠᠪᠠ᠃
     ᠠᠵᠢᠯᠯᠠᠭ᠎ᠠ ᠨᠢ ︽ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠪᠠᠷ ᠢᠶᠠᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠪᠠᠷ ᠭᠤᠣᠯ ᠰᠡᠳᠦᠪ ᠪᠣᠯᠭᠠᠵᠤ᠂ ᠨᠠᠶᠢᠳᠠ 235 ᠤᠷᠠᠨ ᠪᠢᠴᠢᠯᠭᠡ᠂ ᠤᠷᠠᠨ ᠵᠢᠷᠤᠭ᠂ ᠴᠠᠭᠠᠰᠤᠨ ᠬᠠᠶᠢᠴᠢᠯᠠᠮᠠᠯ ᠤᠨ ᠪᠦᠲᠦᠭᠡᠯ ᠢ ᠳᠡᠯᠭᠡᠨ ᠦᠵᠡᠭᠦᠯᠵᠦ᠂ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠢᠷ ᠪᠡᠬᠡᠰ ᠢᠶᠠᠷ ︽ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠪᠠᠷ ᠢᠶᠠᠨ ᠨᠢᠭᠡ ᠭᠡᠷ ᠤᠨ ᠬᠥᠮᠦᠰ︾ ᠤᠨ ᠴᠢᠩ ᠦᠨᠡᠨᠴᠢ ᠬᠠᠶᠢᠷ᠎ᠠ ᠰᠡᠳᠬᠢᠯᠭᠡ ᠶᠢ ᠳᠠᠮᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢᠶᠠᠷ ᠡᠭᠡ ᠣᠷᠣᠨ ᠤ ᠪᠠᠨ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠴᠡᠴᠡᠭᠯᠡᠯ ᠬᠥᠭᠵᠢᠯ ᠢ ᠮᠠᠭᠲᠠᠨ ᠳᠠᠭᠤᠯᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢᠶᠠᠷ ᠢᠶᠠᠨ ᠪᠦᠬᠦ ᠰᠢᠶᠠᠨ ᠤ ᠠᠷᠠᠳ ᠲᠦᠮᠡᠨ ᠳᠤ ᠡᠭᠡ ᠣᠷᠣᠨ ᠤ ᠪᠠᠨ ᠨᠢᠭᠡᠳᠦᠯ ᠤᠨ ᠲᠤᠬᠠᠶ ᠬᠠᠯᠠᠭᠤᠨ ᠬᠦᠰᠡᠯ ᠡᠷᠡᠮᠡᠯᠵᠡᠯ ᠢᠶᠠᠨ ᠢᠯᠡᠳᠬᠡᠵᠡᠶ᠃ ᠠᠵᠢᠯᠯᠠᠭ᠎ᠠ ᠨᠢ ᠥᠷᠭᠡᠨ ᠤᠯᠠᠨ ᠵᠠᠯᠠᠭᠤ ᠪᠠᠭᠠᠴᠤᠳ ᠰᠤᠷᠤᠭᠴᠢᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠶᠢ ᠭᠦᠨᠵᠡᠭᠡᠢ ᠡᠵᠡᠮᠰᠢᠭᠦᠯᠵᠦ᠂ ᠵᠠᠯᠠᠭᠤᠴᠤᠳ ᠪᠠᠭᠠᠴᠤᠳ ᠢ ᠦᠨᠳᠦᠰᠦᠲᠡᠨ ᠤ ᠪᠦᠯᠬᠦᠮᠳᠡᠯ ᠤᠨ ᠬᠠᠮᠤᠭ ᠤᠨ ᠰᠠᠶᠢᠬᠠᠨ ︽ᠠᠨᠠᠷ ᠤᠨ ᠦᠷ᠎ᠡ︾᠂ ᠬᠠᠮᠤᠭ ᠤᠨ ᠦᠨᠡᠨᠴᠢ ᠬᠠᠮᠠᠭᠠᠯᠠᠭᠴᠢ ᠪᠣᠯᠭᠠᠵᠤ᠂ ᠬᠤᠶᠠᠷ ᠬᠥᠪᠡᠭᠡᠨ ᠤ ᠬᠠᠷᠢᠯᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠬᠤ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠶᠢ ᠡᠷᠲᠡᠬᠡᠨ ᠪᠡᠶᠡᠯᠡᠭᠦᠯᠬᠦ ᠳᠤ ᠢᠳᠡᠪᠬᠢᠲᠡᠢ ᠴᠢᠷᠮᠠᠶᠢᠯᠭ᠎ᠠ ᠭᠠᠷᠭᠠᠯᠭᠠᠵᠠᠢ᠃
     ᠸᠠᠩ ᠬᠠᠢ ᠵᠢᠶᠦ᠋ᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠪᠦᠬᠦ ᠲᠠᠯ᠎ᠠ ᠶᠢᠨ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠰᠢᠨ᠎ᠡ ᠪᠠᠶᠢᠳᠠᠯ ᠤᠨ ᠲᠠᠶᠢᠸᠠᠨ ᠠᠴᠠ ᠪᠠᠭᠤᠬᠤ ᠠᠵᠢᠯ ᠵᠢᠴᠢ ᠲᠠᠶᠢᠸᠠᠨ ᠳᠤ ᠬᠤᠯᠪᠣᠭᠳᠠᠬᠤ ᠰᠤᠷᠭᠠᠨ ᠬᠥᠮᠦᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠬᠤ ᠶᠢ ᠪᠠᠷᠢᠮᠲᠠᠯᠠᠵᠤ᠂ ᠲᠠᠶᠢᠸᠠᠨ ᠳᠤ ᠬᠤᠯᠪᠣᠭᠳᠠᠬᠤ ᠰᠤᠷᠭᠠᠨ ᠬᠥᠮᠦᠵᠢᠯ ᠤᠨ ᠠᠵᠢᠯ ᠢ ᠴᠢᠨᠠᠭᠰᠢᠳᠠ ᠪᠠᠶᠢᠩᠭᠤᠵᠢᠭᠤᠯᠵᠤ᠂ ᠨᠠᠮ ᠤᠨ ᠲᠠᠶᠢᠸᠠᠨ ᠤ ᠲᠤᠬᠠᠢ ᠴᠢᠭᠯᠡᠯᠲᠡ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠲᠠᠶᠢᠸᠠᠨ ᠤ ᠲᠤᠬᠠᠢ ᠠᠵᠢᠯ ᠤᠨ ᠪᠠᠶᠢᠳᠠᠯ ᠤᠨ ᠬᠥᠮᠦᠵᠢᠯ ᠢ ᠬᠠᠷᠠᠯᠲᠠ ᠲᠠᠢ ᠪᠠᠷ ᠬᠢᠬᠦ ᠬᠡᠷᠡᠭᠲᠡᠢ︔ ᠲᠠᠶᠢᠸᠠᠨ ᠳᠤ ᠬᠤᠯᠪᠣᠭᠳᠠᠬᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠠᠳᠠᠯᠢ ᠪᠤᠰᠤ ᠬᠡᠯᠪᠡᠷᠢ ᠶᠢᠨ ᠮᠡᠳᠡᠭᠦᠯᠦᠯᠲᠡ ᠶᠢᠨ ᠬᠤᠷᠠᠯ᠂ ᠶᠠᠷᠢᠯᠴᠠᠬᠤ ᠬᠤᠷᠠᠯ᠂ ᠦᠯᠢᠭᠡᠷ ᠤᠨ ᠬᠤᠷᠠᠯ᠂ ᠨᠥᠬᠦᠷᠯᠡᠯ ᠤᠨ ᠬᠤᠷᠠᠯ ᠢᠶᠠᠷ ᠲᠠᠪᠴᠠᠩ ᠪᠣᠯᠭᠠᠵᠤ᠂ ᠨᠠᠮ ᠤᠨ ᠲᠠᠶᠢᠸᠠᠨ ᠤ ᠲᠤᠬᠠᠶ ᠴᠢᠭᠯᠡᠯᠲᠡ ᠲᠦᠷᠦ ᠶᠢᠨ ᠪᠤᠳᠤᠯᠭ᠎ᠠ ᠵᠢᠴᠢ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠬᠠᠷᠢᠴᠠᠭᠠᠨ ᠤ ᠬᠥᠭᠵᠢᠯᠲᠡ ᠶᠢᠨ ᠬᠠᠨᠳᠤᠰᠢ ᠶᠢ ᠦᠨᠳᠦᠰᠦᠨ ᠱᠠᠲᠤᠨ ᠳᠤ ᠤᠬᠠᠭᠤᠯᠵᠤ᠂ ᠤᠯᠠᠨ ᠲᠦᠮᠡᠨ ᠤ ᠳᠤᠮᠳᠠ ᠨᠠᠶᠢᠳᠠᠪᠤᠷᠢᠵᠢᠭᠤᠯᠵᠤ᠂ ᠦᠨᠳᠦᠰᠦᠲᠡᠨ ᠤ ᠬᠠᠷᠢᠭᠤᠴᠠᠯᠭᠠᠲᠤ ᠰᠡᠳᠬᠢᠯᠭᠡ ᠪᠠ ᠡᠬᠡ ᠣᠷᠣᠨᠴᠢ ᠦᠵᠡᠯ ᠤᠨ ᠡᠭᠦᠷᠭᠡᠲᠦ ᠰᠡᠳᠬᠢᠯᠭᠡ ᠶᠢ ᠦᠨᠡᠨ ᠬᠦ ᠴᠢᠩᠭᠠᠳᠬᠠᠬᠤ ᠬᠡᠷᠡᠭᠲᠡᠶ︔ ᠵᠠᠯᠠᠭᠤ ᠨᠢᠭᠡ ᠦᠶ᠎ᠡ ᠶᠢᠨ ᠬᠥᠮᠦᠵᠢᠯ ᠤᠨ ᠬᠥᠮᠦᠵᠢᠯ ᠢ ᠴᠢᠩᠭᠠᠳᠬᠠᠵᠤ᠂ ᠰᠤᠷᠭᠠᠭᠤᠯᠢ ᠪᠣᠯᠤᠨ ᠬᠢᠴᠢᠶᠡᠯ ᠤᠨ ᠲᠠᠩᠬᠢᠮ ᠤᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠴᠢᠶᠡᠯ ᠲᠦᠷᠦᠯ ᠤᠨ ᠵᠢᠭᠠᠨ ᠰᠤᠷᠭᠠᠯᠲᠠ ᠪᠣᠯᠤᠨ ᠲᠠᠶᠢᠸᠠᠨ ᠳᠤ ᠬᠤᠯᠪᠣᠭᠳᠠᠬᠤ ᠰᠤᠷᠭᠠᠨ ᠬᠥᠮᠦᠵᠢᠯ ᠤᠨ ᠤᠶᠢᠯᠡᠳᠤᠯ ᠢ ᠢᠳᠡᠪᠬᠢᠲᠡᠢ ᠰᠦᠪᠡᠭᠴᠢᠯᠡᠬᠦ ᠶᠢᠨ ᠬᠠᠮᠲᠤ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠲᠠᠶᠢᠸᠠᠨ ᠳᠤ ᠬᠤᠯᠪᠣᠭᠳᠠᠬᠤ ᠰᠤᠷᠭᠠᠨ ᠬᠥᠮᠦᠵᠢᠯ ᠤᠨ ᠲᠦᠷᠦᠯ ᠲᠡᠮᠳᠡᠭ ᠢ ᠡᠭᠦᠳᠬᠦ ᠬᠡᠷᠡᠭᠲᠡᠢ᠃ ᠥᠷᠭᠡᠨ ᠤᠯᠠᠨ ᠵᠠᠯᠠᠭᠤᠴᠤᠳ ᠪᠠᠭᠠᠴᠤᠳ ᠤᠨ ᠲᠠᠶᠢᠸᠠᠨ ᠲᠠᠢ ᠬᠤᠯᠪᠣᠭᠳᠠᠭᠰᠠᠨ ᠰᠤᠷᠭᠠᠨ ᠬᠥᠮᠦᠵᠢᠯ ᠤᠨ ᠮᠥᠨ ᠴᠢᠨᠠᠷ ᠤᠨ ᠠᠭᠤᠯᠤᠭᠳᠠᠬᠤᠨ ᠢ ᠭᠦᠨᠵᠡᠭᠡᠢ ᠣᠶᠢᠯᠠᠭᠠᠬᠤ ᠶᠢ ᠠᠬᠢᠭᠤᠯᠵᠤ᠂ ᠥᠷᠭᠡᠨ ᠤᠯᠠᠨ ᠵᠠᠯᠠᠭᠤᠴᠤᠳ ᠪᠠᠭᠠᠴᠤᠳ ᠤᠨ ᠡᠬᠡ ᠤᠯᠤᠰ ᠢᠶᠠᠨ ᠬᠠᠶᠢᠷᠠᠯᠠᠬᠤ᠂ ᠳᠤᠮᠳᠠᠳᠤ ᠤᠯᠤᠰ ᠤᠨ ᠡᠪ ᠬᠠᠮᠲᠤ ᠨᠠᠮ ᠢᠶᠠᠨ ᠬᠠᠶᠢᠷᠠᠯᠠᠬᠤ ᠴᠢᠩ ᠦᠨᠡᠨᠴᠢ ᠬᠠᠶᠢᠷ᠎ᠠ ᠰᠡᠳᠬᠢᠯᠭᠡ ᠶᠢ ᠦᠨᠡᠨ ᠬᠦ ᠬᠥᠭᠵᠢᠭᠡᠵᠦ᠂ ᠥᠭᠡᠳᠡᠯᠡᠨ ᠲᠠᠪᠰᠢᠵᠤ ᠰᠤᠷᠤᠯᠴᠠᠬᠤ ᠳᠤᠷᠠᠲᠠᠢ᠂ ᠠᠯᠤᠰ ᠬᠡᠳᠦ ᠶᠢᠨ ᠵᠣᠷᠢᠯᠲᠠ ᠲᠠᠢ ᠪᠠᠶᠢᠵᠤ᠂ ᠡᠭᠦᠨ ᠤ ᠤᠯᠠᠮ ᠠᠴᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠮᠠᠨ ᠤ ᠰᠢᠶᠠᠨ ᠤ ᠬᠡᠰᠡᠭ ᠰᠤᠷᠤᠭᠴᠢᠳ ᠲᠠᠢ ᠬᠠᠮᠲᠤ ᠪᠠᠷ ᠦᠵᠡᠰᠬᠦᠯᠡᠩ ᠤᠨ ᠪᠦᠲᠦᠭᠡᠯ ᠢ ᠲᠣᠭᠤᠷᠢᠨ ᠦᠵᠡᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠦᠵᠡᠭᠦᠯᠦᠯᠭᠡ ᠶᠢᠨ ᠪᠦᠲᠦᠭᠡᠯ ᠢ ᠬᠡᠤᠬᠡᠳ ᠪᠠᠭᠠᠴᠤᠳ᠂ ᠵᠠᠯᠠᠭᠤᠴᠤᠳ ᠪᠠᠭᠠᠴᠤᠳ ᠲᠤ ᠬᠠᠨᠳᠤᠭᠤᠯᠤᠨ ᠡᠯᠰᠡᠵᠦ᠂ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠯᠲᠠ ᠪᠠᠷ ᠳᠡᠮᠵᠢᠨ᠂ ᠤᠯᠠᠭᠠᠨᠴᠠᠪ ᠬᠤᠲᠠ ᠶᠢᠨ 11 ᠬᠤᠰᠢᠭᠤ ᠰᠢᠶᠠᠨ ᠳᠤ ᠲᠣᠭᠤᠷᠢᠨ ᠦᠵᠡᠭᠦᠯᠵᠦ᠂ ᠰᠢᠩ ᠾᠧ ᠰᠢᠶᠠᠨ ᠤ ᠦᠵᠡᠭᠦᠯᠦᠯᠭᠡ ᠶᠢᠨ ᠠᠩᠬᠠᠨ ᠤ ᠥᠷᠲᠡᠭᠡ ᠪᠣᠯᠭᠠᠪᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3