ᠰᠢᠩ ᠾᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ︽ᠰᠢᠩ ᠾᠧ ᠰᠢᠶᠠᠨ ᠤ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ︵ᠲᠥᠰᠦᠯ︶ ᠶᠢᠨ ᠲᠥᠰᠦᠯ︾ ᠢ | ᠬᠤᠷᠠᠯᠳᠤᠭᠤᠯᠬᠤ ᠲᠤᠬᠠᠶ ᠭᠡᠷᠡᠴᠢᠯᠡᠭᠡ ᠰᠣᠨᠣᠰᠬᠤ ᠬᠤᠷᠠᠯ ᠤᠨ ᠠᠯᠪᠠᠨ ᠵᠠᠷ | - 2 ᠳ᠋ᠤᠭᠠᠷ ᠲᠣᠭᠠᠲᠤ | ᠨᠡᠶᠢᠭᠡᠮ ᠤᠨ ᠡᠯ᠎ᠡ ᠡᠲᠡᠭᠡᠳ ᠤᠨ ᠰᠠᠨᠠᠯ ᠢ ᠥᠷᠭᠡᠨ ᠢᠶᠠᠷ ᠰᠣᠨᠣᠰᠴᠤ᠂ ᠵᠠᠰᠠᠭ ᠤᠨ ᠣᠷᠳᠣᠨ ᠤ ᠦᠨ᠎ᠡ | ᠬᠠᠩᠰᠢ ᠶᠢᠨ ᠰᠢᠢᠳᠪᠤᠷᠢᠲᠤ ᠪᠣᠳᠣᠯᠭ᠎ᠠ ᠶᠢᠨ ᠠᠷᠠᠳᠴᠢᠯᠠᠯᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠠ ᠢᠯᠡ | ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠦᠨ᠎ᠡ ᠬᠠᠩᠰᠢ ᠶᠢᠨ ᠬᠠᠤᠯᠢ︾᠂ ︽ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠶᠢᠨ | ᠭᠡᠷᠡᠴᠢᠯᠡᠭᠡ ᠰᠣᠨᠣᠰᠬᠤ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠎ᠡ᠃ ᠰᠤᠳᠤᠯᠬᠤ ᠪᠠᠷ | ᠳᠡᠮᠵᠢᠨ᠂ ︽ᠰᠢᠩ ᠾᠧ ᠰᠢᠶᠠᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ︵ᠲᠥᠰᠦᠯ︶ ᠶᠢᠨ ᠲᠥᠰᠦᠯ︾ ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠪᠠᠷ | ᠲᠣᠭᠲᠠᠪᠠ᠃ ᠤᠳᠤ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠴᠠᠭ | 2022 ᠣᠨ ᠤ 4 ᠰᠠᠷ᠎ᠠ ᠶᠢᠨ 11 ᠤ ᠡᠳᠦᠷ ︵ᠭᠠᠷᠠᠭ ᠤᠨ ᠨᠢᠭᠡᠨ︶ ᠤᠨ ᠦᠳᠡ ᠶᠢᠨ ᠡᠮᠦᠨᠡᠬᠢ 10᠄ | 00 ᠮᠢᠨᠦ᠋ᠲ ᠲᠤ | ᠬᠤᠶᠠᠷ᠂ ᠭᠠᠵᠠᠷ ᠣᠷᠣᠨ | ᠰᠢᠩ ᠾᠧ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠷᠪᠠᠳᠤᠭᠠᠷ ᠳᠠᠪᠬᠤᠷᠯᠢᠭ ᠤᠨ | ᠬᠤᠷᠠᠯ ᠤᠨ ᠭᠡᠷ | ᠭᠤᠷᠪᠠ᠂ ᠭᠡᠷᠡᠴᠢᠯᠡᠭᠡ ᠰᠣᠨᠣᠰᠬᠤ ᠬᠤᠷᠠᠯ ᠤᠨ ᠲᠥᠰᠦᠯ ᠤᠨ ᠭᠤᠣᠯ ᠠᠭᠤᠯᠭ᠎ᠠ | ᠲᠠᠷᠢᠶᠠᠯᠠᠩ ᠤᠨ ᠤᠰᠤᠨ ᠤ ᠦᠨ᠎ᠡ ᠨᠢ᠄ ᠠᠵᠢᠯᠯᠠᠭᠠᠨ ᠤ ᠬᠠᠮᠠᠭᠠᠯᠠᠯᠲᠠ ᠶᠢᠨ ᠥᠪᠡᠷ ᠤᠨ ᠥᠷᠲᠡᠭ ᠤᠨ | ᠤᠰᠤᠨ ᠤ ᠦᠨ᠎ᠡ ᠨᠢ 0.345 ᠲᠥᠭᠦᠷᠢᠭ \ m ᠪᠣᠯᠤᠨ᠎ᠠ᠃ | ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠰᠠᠳ | ︵ᠨᠢᠭᠡ︶ ᠰᠠᠨᠠᠯ ᠰᠣᠨᠣᠰᠤᠭᠴᠢ | 3 ᠬᠥᠮᠦᠨ᠂ ᠪᠦᠬᠦᠨ ᠢᠶᠠᠷ ᠢᠶᠠᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶᠠᠨ ᠤ ᠠᠵᠢᠯᠲᠠᠨ ᠪᠣᠯᠤᠨ᠎ᠠ | ︵ᠬᠤᠶᠠᠷ︶ ᠰᠠᠨᠠᠯ ᠰᠣᠨᠣᠰᠬᠤ ᠬᠤᠷᠠᠯ ᠳᠤ ᠣᠷᠣᠯᠴᠠᠭᠰᠠᠳ | ᠬᠡᠷᠡᠭᠯᠡᠭᠴᠢᠳ 9᠂ ᠡᠵᠡᠩᠨᠡᠭᠴᠢ 2᠂ ᠲᠤᠰᠬᠠᠶ ᠮᠡᠷᠭᠡᠵᠢᠯᠲᠡᠨ ᠡᠷᠳᠡᠮᠲᠡᠨ 1᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠵᠠᠰᠠᠭ ᠤᠨ ᠣᠷᠳᠣᠨ ᠵᠡᠷᠭᠡ ᠬᠠᠮᠢᠶ᠎ᠠ | ᠪᠥᠬᠦᠶ ᠰᠠᠯᠠᠭ᠎ᠠ ᠮᠥᠴᠢᠷ 6 ᠪᠣᠶ᠃ | ︵ᠭᠤᠷᠪᠠ︶ ᠰᠣᠨᠢᠨ ᠮᠡᠳᠡᠭᠡᠨ ᠤ ᠵᠠᠭᠤᠴᠢ | ᠰᠢᠩ ᠾᠧ ᠰᠢᠶᠠᠨ ᠤ ᠬᠠᠮ ᠵᠠᠭᠤᠴᠢᠯᠠᠭᠤᠷ ᠤᠨ ᠲᠥᠪ | 3 ᠰᠠᠷ᠎ᠠ ᠶᠢᠨ 28 ᠤ ᠡᠳᠦᠷ ᠠᠴᠠ 4 ᠰᠠᠷ᠎ᠠ ᠶᠢᠨ 11 ᠤ ᠡᠳᠦᠷ ᠪᠣᠯᠲᠠᠯ᠎ᠠ᠂ ᠥᠷᠭᠡᠨ ᠣᠯᠠᠨ ᠲᠦᠮᠡᠨ ᠪᠠ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠣᠰ ᠤᠳᠠᠭᠠᠨ ᠤ ᠦᠨ᠎ᠡ ᠲᠣᠭᠲᠠᠭᠠᠬᠤ ᠭᠡᠷᠡᠴᠢᠯᠡᠭᠡ ᠰᠣᠨᠣᠰᠬᠤ | ᠬᠤᠷᠠᠯ ᠤᠨ ᠲᠤᠬᠠᠶ ᠰᠠᠨᠠᠯ ᠳᠤᠷᠠᠳᠬᠤ ᠶᠢ ᠪᠠᠶᠠᠷᠯᠠᠨ ᠤᠭᠲᠤᠨ᠎ᠠ᠃ | ᠣᠨᠴᠠᠭᠠᠶᠢᠯᠠᠨ ᠵᠠᠷᠯᠠᠪᠠ | ᠬᠠᠷᠢᠯᠴᠠᠬᠤ ᠬᠥᠮᠦᠨ᠄ ᠤᠤᠢ ᠰᠢᠤ ᠹᠠᠩ | ᠬᠠᠷᠢᠯᠴᠠᠬᠤ ᠤᠲᠠᠰᠤ᠄ 0474 — 7212070 | ᠰᠢᠩ ᠾᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ | 2022 ᠣᠨ ᠤ 3 ᠰᠠᠷ᠎ᠠ ᠶᠢᠨ 28 | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |