ᠮᠠᠨ ᠤ ᠰᠢᠶᠠᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2022 ᠣᠨ ᠤ ᠳᠥᠷᠪᠡᠳᠦᠭᠡᠷ ᠤᠳᠠᠭ᠎ᠠ ᠶᠢᠨ ᠬᠤᠷᠠᠯ ᠵᠢᠴᠢ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/29
     3 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠾᠧ ᠶᠢᠩ ᠽᠢ ᠰᠢᠩ ᠾᠧ ᠰᠢᠶᠠᠨ ᠤ ᠰᠢᠨ ᠭᠤᠸᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2022 ᠣᠨ ᠤ ᠳᠥᠷᠪᠡᠳᠦᠭᠡᠷ ᠤᠳᠠᠭᠠᠨ ᠤ ᠬᠤᠷᠠᠯ ᠵᠢᠴᠢ ᠲᠦᠭᠰᠢᠭᠦᠷᠢ ᠶᠢ ᠰᠤᠳᠤᠯᠤᠨ ᠮᠠᠭᠠᠳᠯᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠬᠠᠢ ᠠᠩᠬᠢ ᠶᠢᠨ ᠪᠦᠷᠢᠯᠳᠦᠬᠦᠨ ᠢ ᠲᠤᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠡᠷᠬᠡᠪᠰᠢ ᠴᠠᠭ ᠢᠮᠠᠭᠲᠠ ᠰᠡᠷᠡᠮᠵᠢ ᠲᠠᠢ ᠪᠠᠶᠢᠵᠤ᠂ ᠮᠢᠨᠴᠦᠭᠦᠷᠡᠬᠦ ᠦᠵᠡᠯ ᠰᠠᠨᠠᠭ᠎ᠠ᠂ ᠲᠠᠶᠢᠨ ᠠᠴᠠ ᠬᠠᠯᠠᠰᠢᠷᠠᠬᠤ ᠰᠡᠳᠬᠢᠯᠭᠡ᠂ ᠵᠠᠪᠰᠢᠬᠤ ᠰᠡᠳᠬᠢᠯᠭᠡ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠥᠴᠦᠬᠡᠨ ᠴᠦ ᠠᠯᠠᠩ ᠰᠠᠯᠠᠩ ᠪᠠᠶᠢᠵᠤ ᠪᠣᠯᠬᠤ ᠦᠭᠡᠢ᠂ ᠢᠮᠠᠭᠲᠠ ᠳᠡᠭᠡᠳᠦ ᠬᠡᠮᠵᠢᠶ᠎ᠡ ᠪᠠᠷ ᠪᠠᠴᠢᠮᠳᠠᠬᠤ᠂ ᠳᠡᠭᠡᠳᠦ ᠬᠡᠮᠵᠢᠶ᠎ᠡ ᠪᠠᠷ ᠰᠡᠷᠡᠮᠵᠢᠯᠡᠬᠦ ᠬᠡᠷᠡᠭᠲᠡᠢ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂   ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠨᠠᠷᠢᠯᠢᠭ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠪᠠᠲᠤ ᠰᠠᠬᠢᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ︽ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠨᠦᠭᠦᠳ︾ ᠤᠨ ᠶᠣᠰᠣᠭᠠᠷ ᠬᠠᠷᠢᠭᠤᠴᠠᠯᠭ᠎ᠠ ᠶᠢ ᠵᠠᠳᠠᠯᠵᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠭᠠᠵᠠᠷ ᠲᠠᠯᠠᠪᠤᠷ᠂ ᠭᠤᠤᠯᠳᠠᠯᠭ᠎ᠠ ᠲᠠᠢ ᠣᠷᠣᠨ ᠪᠦᠰᠡ ᠶᠢ ᠵᠢᠭᠰᠠᠭᠠᠨ ᠪᠠᠶᠢᠴᠠᠭᠠᠵᠤ ᠬᠢᠨᠠᠯᠲᠠ ᠲᠠᠯᠪᠢᠵᠤ ᠬᠠᠮᠢᠶᠠᠷᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ︔ ᠭᠤᠤᠯᠳᠠᠯᠭ᠎ᠠ ᠲᠠᠢ ᠬᠥᠮᠦᠰ ᠲᠤ ᠨᠠᠷᠢᠯᠢᠭ ᠣᠨᠣᠴᠠᠲᠠᠶ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠵᠦ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ᠂ ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ ᠬᠡᠷᠡᠭᠲᠡᠶ︔ ᠤᠷᠤᠰᠬᠠᠯ ᠲᠤᠬᠢᠷᠠᠭᠤᠯᠭ᠎ᠠ ᠶᠢᠨ ᠴᠢᠳᠠᠪᠤᠷᠢ ᠶᠢᠨ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠡᠩᠨᠡᠭᠡᠨ ᠤ ᠪᠠᠶᠢᠭᠤᠯᠤᠯᠲᠠ ᠪᠣᠯᠤᠨ ᠪᠣᠯᠪᠠᠰᠤᠷᠠᠯ ᠰᠣᠷᠢᠯᠲᠠ ᠶᠢ ᠰᠠᠶᠢᠲᠤᠷ ᠠᠳᠬᠤᠬᠤ ᠬᠡᠷᠡᠭᠲᠡᠢ︔ ᠡᠳ᠋ ᠪᠣᠳᠠᠰ ᠤᠨ ᠪᠠᠲᠤᠯᠠᠭ᠎ᠠ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠳ᠋ ᠪᠣᠳᠠᠰ ᠢ ᠰᠢᠯᠵᠢᠭᠦᠯᠦᠨ ᠲᠡᠭᠡᠭᠡᠪᠦᠷᠢᠯᠡᠬᠦ ᠨᠥᠭᠡᠴᠡᠯᠡᠨ ᠬᠤᠪᠢᠶᠠᠷᠢᠯᠠᠬᠤ ᠡᠯ᠎ᠡ ᠵᠦᠢᠯ ᠤᠨ ᠠᠵᠢᠯ ᠢ ᠣᠨᠣᠪᠴᠢᠲᠠᠢ ᠥᠷᠨᠢᠭᠦᠯᠵᠦ᠂ ᠭᠦᠢᠴᠡᠳ ᠬᠠᠩᠭᠠᠯᠭ᠎ᠠ ᠶᠢ ᠪᠠᠲᠤᠯᠠᠬᠤ ᠬᠡᠷᠡᠭᠲᠡᠢ︔ ᠸᠠᠺᠼᠢᠨ ᠤ ᠲᠠᠷᠢᠯᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠬᠠᠭᠤᠯᠬᠤ ᠪᠠ ᠵᠣᠬᠢᠶᠠᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠂ ᠸᠠᠺᠼᠢᠨ ᠤ ᠲᠠᠷᠢᠯᠭ᠎ᠠ ᠶᠢᠨ ᠴᠡᠭ ᠢ ᠵᠦᠶ ᠵᠣᠬᠢᠰᠲᠠᠶ ᠪᠠᠶᠢᠷᠢᠯᠠᠭᠤᠯᠵᠤ᠂ ᠪᠥᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠶ︔ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠦᠨᠡᠨᠬᠦ ᠬᠠᠮᠠᠭᠠᠯᠠᠬᠤ ᠬᠡᠷᠡᠭᠲᠡᠢ᠃       ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠬᠤᠩ ᠯᠢᠶᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠠᠩ ᠸᠧᠶ ᠪᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠤᠸᠠᠢ ᠯᠢᠶᠠᠩ᠂ ᠰᠢᠶᠠᠨ ᠤ ᠳᠡᠳ᠋ ᠳᠠᠷᠤᠭ᠎ᠠ ᠵᠣᠣ ᠬᠤᠶ ᠵᠢᠤᠢ᠂ ᠬᠥᠩ ᠰᠢᠤ ᠯᠦᠩ᠂ ᠰᠦᠨ ᠬᠠᠶ ᠵᠢᠶᠦ᠋ᠨ᠂ ᠾᠧᠦ ᠶᠢᠩ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ᠂ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ ᠵᠢᠴᠢ ᠡᠯ᠎ᠡ ᠰᠢᠶᠠᠩ ᠪᠠᠯᠭᠠᠰᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3