ᠰᠢᠩ ᠾᠧ ᠰᠢᠶᠠᠨ ᠤ ᠰᠢᠩ ᠱᠧᠩ ᠵᠤᠸᠠᠩ ᠲᠣᠰᠬᠤᠨ ︽ᠦᠬᠡᠷ ᠤᠨ ᠬᠠᠮᠠᠷ︾ ᠢ ᠬᠥᠲᠥᠯᠵᠦ ᠨᠤᠲᠤᠭ ᠤᠨ ᠠᠬ᠎ᠠ ᠳᠡᠭᠦᠦ ᠨᠡᠷ ᠢᠶᠠᠨ ᠪᠠᠶᠠᠵᠢᠭᠤᠯᠵᠠᠢ
ᠨᠡᠶᠢᠲᠡᠯᠡᠭᠰᠡᠨ ᠴᠠᠭ᠄
2022/3/29
     ᠣᠶᠢᠷ᠎ᠠ ᠳᠤ᠂ ᠪᠥᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠦᠴᠦᠲᠡᠶ ᠵᠣᠬᠢᠴᠠᠭᠤᠯᠭ᠎ᠠ ᠳᠣᠤᠷ᠎ᠠ᠂ ᠠᠩᠬ᠎ᠠ ᠡᠭᠦᠳᠦᠭᠰᠡᠨ ᠦᠨᠡᠲᠦ ᠲᠡᠮᠳᠡᠭᠲᠦ ᠪᠠᠷ ᠦᠨ᠎ᠡ ᠲᠥᠯᠥᠪᠦᠷᠢ ᠥᠬᠡᠶ ᠪᠠᠷ 200 ᠲᠦᠮᠡᠨ ᠲᠥᠭᠦᠷᠢᠭ ᠤᠨ ᠪᠠᠯᠠ ᠮᠥᠩᠭᠦ ᠬᠠᠨᠳᠢᠪᠯᠠᠵᠤ ᠬᠤᠳᠠᠯᠳᠤᠨ ᠠᠪᠤᠭᠰᠠᠨ ᠠᠩᠭᠦᠰ ᠠᠯᠠᠰᠢᠨ ᠦᠬᠡᠷ 112 ᠶᠢ ᠴᠥᠮ ᠰᠢᠩ ᠾᠧ ᠰᠢᠶᠠᠨ ᠤ ᠳ᠋ᠠ ᠲᠦᠩ ᠶᠣᠣ ᠰᠢᠶᠠᠩ ᠤᠨ ᠰᠢᠩ ᠱᠧᠩ ᠵᠤᠸᠠᠩ ᠲᠣᠰᠬᠤᠨ ᠤ ᠰᠢᠩ ᠱᠧᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠳᠤ ᠣᠷᠣᠭᠤᠯᠤᠭᠰᠠᠨ ᠪᠠᠶᠢᠨ᠎ᠠ᠃
     ᠡᠨᠡ ᠬᠤᠷᠰᠢᠶᠠᠨ ᠳᠤ ᠣᠷᠣᠬᠤ ᠳᠤ ︽ᠮᠥᠭᠡᠷᠡᠬᠦ᠂ ᠮᠥᠭᠡᠷᠡᠬᠦ᠂ ᠮᠥᠭᠡᠷᠡᠬᠦ ᠁︾ ᠭᠡᠬᠦ ᠦᠬᠡᠷ ᠤᠨ ᠲᠠᠭᠤᠨ ᠪᠠᠶᠢᠨ ᠪᠠᠶᠢᠨ ᠰᠣᠨᠣᠰᠳᠠᠵᠤ᠂ ᠵᠠᠷᠢᠮ ᠳᠠᠭᠠᠨ ᠲᠡᠵᠢᠭᠡᠭᠴᠢᠳ ᠤᠨ ᠢᠳᠡᠰᠢ ᠲᠡᠵᠢᠭᠡᠬᠦ ᠬᠠᠰᠬᠢᠷᠬᠤ ᠲᠠᠭᠤᠨ ᠰᠣᠨᠣᠰᠳᠠᠵᠤ᠂ ᠠᠩᠭᠦᠰ ᠠᠯᠠᠰᠢᠨ ᠦᠬᠡᠷ ᠤᠨ ᠵᠠᠷᠢᠮ ᠨᠢ ᠰᠤᠯᠠ ᠰᠡᠯᠡᠭᠦᠤ ︽ᠰᠤᠯᠠ ᠠᠯᠬᠤᠯᠠᠵᠤ︾᠂ ᠵᠠᠷᠢᠮ ᠨᠢ ᠨᠡᠷᠡᠨ ᠳᠤ ᠡᠭᠡᠭᠡᠵᠦ᠂ ︽ᠬᠤᠭᠤᠯᠠ ᠵᠠᠭᠤᠰᠢ︾ ᠪᠣᠯᠤᠮᠠᠭᠴᠠ ᠨᠢᠭᠡ ᠮᠥᠷ ᠵᠢᠭᠳᠡᠷᠡᠨ ᠵᠣᠭᠰᠣᠵᠤ᠂ ᠨᠠᠷᠢᠯᠢᠭ ᠰᠠᠶᠢᠬᠠᠨ ︽ᠠᠮᠲᠠᠲᠤ ᠢᠳᠡᠭᠡᠨ︾ ᠢ ᠡᠳ᠋ᠯᠡᠨ᠎ᠡ ᠁      ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ᠤ ᠳ᠋ᠠ ᠲᠥᠩ ᠶᠣᠣ ᠰᠢᠶᠠᠩ ᠤᠨ ᠰᠢᠩ ᠱᠧᠩ ᠵᠤᠸᠠᠩ ᠲᠣᠰᠬᠤᠨ ᠤ ᠬᠢᠨ ︽ᠠᠮᠢ ᠠᠬᠤᠢ ᠶᠢᠨ ᠬᠤᠭᠤᠯᠠ ᠢᠳᠡᠵᠦ᠂ ᠦᠬᠡᠷ ᠤᠨ ᠠᠵᠢᠯ ᠬᠢᠵᠦ᠂ ᠠᠵᠤ ᠠᠬᠤᠢ ᠶᠢᠨ ᠠᠵᠤ ᠠᠬᠤᠢ ᠶᠢᠨ ᠨᠣᠮ ᠤᠩᠰᠢᠬᠤ︾ ᠬᠥᠭᠵᠢᠯᠲᠡ ᠶᠢᠨ ᠰᠡᠳᠬᠢᠴᠡ ᠶᠢᠨ ᠲᠣᠭᠤᠷᠢᠨ ᠳᠤ᠂ ᠪᠦᠬᠦ ᠤᠯᠤᠰ ᠤᠨ ᠨᠡᠶᠢᠭᠡᠮ ᠤᠨ ᠪᠠᠲᠤᠯᠠᠪᠤᠷᠢ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠪᠠᠷ ᠳᠠᠮᠵᠢᠭᠤᠯᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠭᠡᠬᠦ ᠡᠨᠡᠬᠦ ︽ᠵᠠᠩᠭᠢᠯᠠᠭ᠎ᠠ︾ ᠶᠢ ᠠᠳᠬᠤᠵᠤ᠂ 2021 ᠣᠨ ᠤ 7 ᠰᠠᠷ᠎ᠠ ᠳᠤ ᠰᠢᠩ ᠱᠧᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢ ᠪᠠᠶᠢᠭᠤᠯᠵᠠᠢ᠃ ᠰᠢᠩ ᠱᠧᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ 220 ᠲᠦᠮᠡᠨ ᠲᠥᠭᠦᠷᠢᠭ ᠤᠨ ᠪᠡᠯᠡ ᠭᠠᠷᠭᠠᠪᠠ᠂ ᠡᠭᠦᠨ ᠳᠤ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠭᠠᠷᠭᠠᠭᠰᠠᠨ ᠪᠡᠯᠡ ᠮᠥᠩᠭᠦ ᠶᠢᠨ ᠡᠵᠡᠯᠡᠬᠦ ᠬᠠᠷᠢᠴᠠᠯ 30%᠂ ᠭᠠᠴᠠᠭᠠᠨ ᠤ ᠠᠷᠠᠳ ᠤᠨ ᠵᠥᠪᠯᠡᠯ ᠪᠦᠬᠦ ᠭᠠᠴᠠᠭᠠᠨ ᠤ ᠠᠷᠠᠳ ᠢ ᠣᠷᠣᠯᠠᠨ ᠡᠵᠡᠮᠰᠢᠵᠦ ᠪᠠᠶᠢᠭ᠎ᠠ ᠬᠤᠪᠢ ᠶᠢᠨ ᠬᠠᠷᠢᠴᠠᠯ 10% ︵ᠠᠰᠢᠭ ᠣᠷᠣᠯᠭ᠎ᠠ ᠶᠢ ᠪᠦᠬᠦ ᠭᠠᠴᠠᠭᠠᠨ ᠤ ᠠᠷᠠᠳ ᠲᠤ ᠬᠤᠪᠢᠶᠠᠨ ᠥᠭᠴᠦ ᠥᠮᠴᠢᠯᠡᠭᠦᠯᠦᠨ᠎ᠡ︶᠂ ᠪᠤᠰᠤᠳ ᠪᠠᠶᠢᠭᠠᠯᠢ ᠬᠥᠮᠦᠨ ᠤ ᠭᠠᠷᠭᠠᠭᠰᠠᠨ ᠪᠡᠯᠡ ᠮᠥᠩᠭᠦ ᠶᠢᠨ ᠡᠵᠡᠯᠡᠬᠦ ᠬᠠᠷᠢᠴᠠᠯ 60% ᠶᠢ ᠡᠵᠡᠯᠡᠨ᠎ᠡ᠃      ᠰᠢᠨ᠎ᠡ ᠪᠠᠷ ᠣᠷᠣᠵᠤ ᠰᠠᠭᠤᠭᠰᠠᠨ ᠡᠨᠡ 112 ᠦᠬᠡᠷ ᠤᠨ ᠥᠮᠴᠢᠯᠡᠯ ᠤᠨ ᠡᠷᠬᠡ ᠶᠢ ᠳ᠋ᠡ ᠲᠦᠩ ᠶᠣᠣ ᠰᠢᠶᠠᠩ ᠤᠨ ᠵᠠᠰᠠᠭ ᠤᠨ ᠣᠷᠳᠣᠨ ᠳᠤ ᠥᠮᠴᠢᠯᠡᠭᠦᠯᠵᠦ᠂ ᠰᠢᠩ ᠱᠧᠩ ᠮᠠᠯ ᠠᠵᠤ ᠠᠬᠤᠢ ᠶᠢᠨ ᠬᠤᠷᠰᠢᠶ᠎ᠠ ᠠᠴᠠ ᠨᠠᠶᠢᠳᠠᠨ ᠬᠠᠮᠢᠶᠠᠷᠤᠭᠤᠯᠵᠤ ᠲᠡᠵᠢᠭᠡᠯᠭᠡᠪᠡ᠃ ᠨᠠᠶᠢᠳᠠᠨ ᠬᠠᠮᠢᠶᠠᠷᠤᠭᠤᠯᠬᠤ ᠬᠤᠭᠤᠴᠠᠭᠠᠨ ᠳᠤ᠂ ᠰᠢᠩ ᠱᠧᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠠᠴᠠ ᠵᠢᠯ ᠪᠦᠷᠢ ᠨᠠᠶᠢᠳᠠᠨ ᠬᠠᠮᠢᠶᠠᠷᠤᠭᠤᠯᠬᠤ ᠡᠳ᠋ ᠬᠥᠷᠥᠩᠭᠡ ᠶᠢᠨ 5% ᠠᠴᠠ 8% ᠶᠢᠨ ᠥᠷᠲᠡᠭ ᠨᠡᠮᠡᠭᠳᠡᠯ ᠤᠨ ᠠᠰᠢᠭ ᠣᠷᠣᠯᠭ᠎ᠠ ᠶᠢ ᠪᠤᠴᠠᠭᠠᠨ ᠥᠭᠴᠦ᠂ ᠳ᠋ᠡ ᠲᠦᠩ ᠶᠣᠣ ᠰᠢᠶᠠᠩ ᠤᠨ 15 ᠵᠠᠰᠠᠭ ᠵᠠᠬᠢᠷᠭᠠᠨ ᠤ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠵᠠᠷᠤᠯᠭ᠎ᠠ ᠳᠤ ᠬᠡᠷᠡᠭᠯᠡᠨ᠎ᠡ᠃      ᠰᠢᠩ ᠱᠧᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠪᠣᠯ ᠰᠢᠩ ᠡᡁᠧ ᠰᠢᠶᠠᠨ ᠤ ᠳ᠋ᠡ ᠲᠦᠩ ᠶᠣᠣ ᠰᠢᠶᠠᠩ ᠤᠨ ᠰᠢᠩ ᠱᠧᠩ ᠵᠤᠸᠠᠩ ᠲᠣᠰᠬᠤᠨ ᠤ ᠬᠠᠮᠲᠤ ᠶᠢᠨ ᠠᠵᠤ ᠠᠬᠤᠢ ᠪᠣᠯᠤᠨ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠵᠠᠯᠠᠭᠤᠴᠤᠳ ᠤᠨ ᠬᠠᠮᠲᠤᠷᠠᠨ ᠡᠭᠦᠰᠭᠡᠨ ᠪᠠᠶᠢᠭᠤᠯᠤᠭᠰᠠᠨ ᠠᠩᠭᠧᠰ ᠠᠯᠠᠰᠢᠨ ᠦᠬᠡᠷ ᠤᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠵᠢᠴᠢ ᠵᠦᠷᠢᠶᠡᠵᠢᠬᠦᠯᠦᠨ ᠪᠣᠷᠳᠣᠵᠤ ᠲᠠᠷᠭᠤᠯᠠᠭᠤᠯᠬᠤ ᠪᠠᠷ ᠭᠤᠣᠯ ᠪᠣᠯᠭᠠᠭᠰᠠᠨ ᠵᠢᠱᠢᠶ᠎ᠡ ᠦᠵᠡᠭᠦᠯᠬᠦ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠪᠣᠯᠤᠨ᠎ᠠ᠃ ᠲᠤᠰ ᠬᠤᠷᠰᠢᠶ᠎ᠠ ᠨᠢ ᠬᠠᠮᠲᠤ ᠶᠢᠨ ᠠᠵᠤ ᠠᠬᠤᠶ ᠪᠠᠷ ᠭᠤᠣᠯ ᠪᠣᠯᠭᠠᠵᠤ᠂ ᠬᠤᠯᠢᠮᠠᠭ ᠥᠮᠴᠢᠯᠡᠯ ᠤᠨ ᠠᠵᠤ ᠠᠬᠤᠶ ᠪᠠᠷ ᠰᠠᠭᠤᠷᠢ ᠪᠣᠯᠭᠠᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ ᠰᠢᠩ ᠾᠧ ᠰᠢᠶᠠᠨ ᠤ ᠴᠢᠨᠠᠷ ᠰᠠᠶᠢᠲᠠᠶ ᠲᠠᠷᠢᠶᠠᠯᠠᠩ ᠤᠨ ᠡᠬᠢ ᠪᠠᠶᠠᠯᠢᠭ ᠲᠤ ᠲᠦᠰᠢᠭᠯᠡᠨ᠂ ᠣᠷᠴᠢᠯ ᠬᠥᠭᠵᠢᠯᠲᠡ ᠪᠠ ᠠᠮᠢ ᠠᠬᠤᠶ ᠶᠢᠨ ᠠᠮᠤᠷ ᠲᠦᠪᠰᠢᠨ ᠢ ᠪᠠᠷᠢᠮᠲᠠᠯᠠᠵᠤ᠂ ︽ᠲᠡᠵᠢᠭᠡᠬᠦ ᠶᠢᠨ ᠲᠥᠯᠥᠭᠡ ᠳᠠᠷᠢᠵᠤ᠂ ᠲᠡᠵᠢᠭᠡᠬᠦ ᠪᠠᠷ ᠲᠠᠷᠢᠬᠤ ᠶᠢ ᠲᠣᠭᠲᠠᠭᠠᠬᠤ︾ ᠪᠣᠬᠢᠷᠲᠤᠯ ᠥᠬᠡᠶ ᠳᠠᠷᠢᠵᠤ ᠲᠡᠵᠢᠭᠡᠬᠦ ᠡᠷᠬᠢᠯᠳᠡᠳᠦ ᠲᠠᠷᠢᠶᠠᠯᠠᠩ ᠤᠨ ᠵᠠᠭᠪᠤᠷ ᠢ ᠪᠠᠷᠢᠮᠲᠠᠯᠠᠵᠤ᠂ ᠪᠡᠶ᠎ᠡ ᠪᠠᠨ ᠳᠠᠭᠠᠭᠠᠵᠤ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ᠂ ᠠᠯᠠᠰᠢᠨ ᠦᠬᠡᠷ ᠡᠳ᠋ᠰᠢᠭᠦᠯᠦᠨ ᠪᠣᠷᠣᠯᠠᠭᠤᠯᠬᠤ᠂ ᠥᠰᠬᠡᠨ ᠪᠤᠶᠢᠵᠢᠭᠤᠯᠬᠤ ᠮᠡᠷᠭᠡᠵᠢᠯ ᠤᠨ ᠤᠶᠢᠯᠡᠴᠢᠯᠡᠭᠡ ᠶᠢ ᠬᠠᠷᠢᠯᠴᠠᠨ ᠤᠶᠠᠯᠳᠤᠭᠤᠯᠤᠭᠰᠠᠨ ᠡᠵᠡᠩᠨᠡᠯᠲᠡ ᠶᠢᠨ ᠠᠷᠭ᠎ᠠ ᠮᠠᠶ᠋ᠢᠭ ᠢ ᠰᠦᠪᠡᠭᠴᠢᠯᠡᠨ ᠬᠥᠭᠵᠢᠭᠦᠯᠵᠦ᠂ ᠡᠭᠦᠨ ᠢᠶᠠᠷ ᠲᠠᠷᠢᠶᠠᠴᠢᠳ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢᠨ ᠰᠢᠨ᠎ᠡ ᠶᠢ ᠡᠭᠦᠳᠴᠦ᠂ ᠤᠨᠴᠠᠯᠢᠬᠳᠤ ᠠᠵᠤ ᠤᠶᠢᠯᠡᠰ ᠢᠶᠠᠷ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠨ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠵᠢᠱᠢᠶ᠎ᠡ ᠦᠵᠡᠭᠦᠯᠬᠦ ᠵᠠᠭᠪᠤᠷ ᠬᠠᠩᠭᠠᠬᠤ ᠬᠡᠷᠡᠭᠲᠡᠶ᠃      ︽ᠪᠢᠳᠡ ᠭᠤᠣᠯᠳᠠᠭᠤ ᠠᠩᠭᠦᠰ ᠠᠯᠠᠰᠢᠨ ᠦᠬᠡᠷ ᠲᠡᠵᠢᠭᠡᠵᠦ ᠪᠠᠶᠢᠨ᠎ᠠ᠂ ᠣᠳᠣᠬᠠᠨ ᠳᠤ ᠭᠠᠳᠠᠭᠠᠳᠤ ᠠᠴᠠ ᠣᠷᠣᠭᠤᠯᠤᠭᠰᠠᠨ ᠠᠯᠠᠰᠢᠨ ᠦᠬᠡᠷ 174 ᠪᠠᠶᠢᠨ᠎ᠠ︾᠃ ᠰᠢᠩ ᠱᠧᠩ ᠮᠠᠯ ᠠᠵᠤ ᠠᠬᠤᠢ ᠶᠢᠨ ᠬᠤᠷᠰᠢᠶ᠎ᠠ ᠶᠢᠨ ᠬᠠᠷᠢᠭᠤᠴᠠᠯᠭᠠᠲᠠᠨ ᠯᠢ ᠰᠢᠤᠸᠠᠢ ᠸᠧᠨ᠂ ᠲᠤᠰ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠢ ᠪᠠᠷᠤᠭ 116 ᠮᠦ ᠲᠠᠯᠠᠪᠠᠢ ᠲᠠᠢ᠂ ᠨᠢᠭᠡᠳᠦᠭᠡᠷ ᠬᠤᠭᠤᠴᠠᠭᠠᠨ ᠳᠤ 2800 ᠲᠡᠭᠰᠢ ᠳᠥᠷᠪᠡᠯᠵᠢᠨ ᠮᠧᠳ᠋ᠷ ᠦᠬᠡᠷ ᠤᠨ ᠬᠠᠰᠢᠶ᠎ᠠ᠂ 900 ᠲᠡᠭᠰᠢ ᠳᠥᠷᠪᠡᠯᠵᠢᠨ ᠮᠧᠳ᠋ᠷ ᠡᠪᠡᠰᠦ ᠪᠣᠷᠳᠣᠭᠠᠨ ᠤ ᠫᠧᠩ᠂ 3600 ᠲᠡᠭᠰᠢ ᠳᠥᠷᠪᠡᠯᠵᠢᠨ ᠮᠧᠳ᠋ᠷ ᠨᠣᠭᠤᠭᠠᠨ ᠵᠣᠭᠤᠷᠢ᠂ 340 ᠲᠡᠭᠰᠢ ᠳᠥᠷᠪᠡᠯᠵᠢᠨ ᠮᠧᠳ᠋ᠷ ᠠᠯᠪᠠᠯᠠᠬᠤ ᠭᠡᠷ ᠵᠢᠴᠢ ᠪᠣᠯᠪᠠᠰᠤᠷᠠᠯ ᠤᠨ ᠲᠠᠯᠠᠪᠤᠷ ᠵᠡᠷᠭᠡ ᠲᠠᠭᠠᠯᠳᠠ ᠲᠥᠬᠦᠭᠡᠷᠦᠮᠵᠢ ᠶᠢ ᠪᠠᠶᠢᠭᠤᠯᠵᠤ᠂ ᠪᠦᠬᠦ ᠲᠠᠯ᠎ᠠ ᠪᠠᠷ ᠪᠠᠷᠢᠯᠭ᠎ᠠ ᠳᠠᠭᠤᠰᠤᠭᠰᠠᠨ ᠤ ᠳᠠᠷᠠᠭ᠎ᠠ 4000 ᠰᠢᠬᠠᠮ ᠠᠯᠠᠰᠢᠨ ᠦᠬᠡᠷ ᠢ ᠪᠠᠭᠲᠠᠭᠠᠵᠤ ᠳᠡᠶᠢᠯᠦᠨ᠎ᠡ ᠭᠡᠵᠦ ᠬᠡᠯᠡᠪᠡ᠃      ᠲᠦᠷᠦᠯ ᠵᠦᠢᠯ ᠬᠡᠳᠦᠢ ᠰᠠᠶᠢᠨ ᠪᠠᠶᠢᠭᠰᠠᠨ ᠴᠤ ᠤᠯᠠᠨ ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠰᠠᠶ᠋ᠢ ᠵᠠᠩᠭᠢᠯᠠᠭ᠎ᠠ ᠪᠣᠯᠤᠨ᠎ᠠ᠃ ᠲᠣᠰᠬᠤᠨ ᠤ ᠨᠠᠮ ᠤᠨ ᠡᠭᠦᠷ ᠤᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠥᠯᠥᠭᠡ᠂ ᠪᠦᠬᠦ ᠤᠯᠤᠰ ᠤᠨ ᠨᠡᠶᠢᠭᠡᠮ ᠤᠨ ᠪᠠᠲᠤᠯᠠᠪᠤᠷᠢ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠤᠨ ᠮᠡᠳᠡᠭᠡ ᠵᠠᠩᠭᠢ ᠶᠢᠨ ᠮᠡᠷᠭᠡᠵᠢᠯ ᠤᠨ ᠬᠡᠯᠲᠡᠰ᠂ ᠰᠲ᠋ᠣᠺ ᠤᠨ ᠡᠷᠬᠡ ᠶᠢᠨ ᠬᠡᠯᠲᠡᠰ ᠵᠡᠷᠭᠡ ᠰᠠᠯᠠᠭ᠎ᠠ ᠮᠥᠴᠢᠷ ᠤᠨ ᠨᠠᠮ ᠤᠨ ᠡᠭᠦᠷ ᠨᠢ ᠰᠢᠩ ᠱᠧᠩ ᠵᠤᠸᠠᠩ ᠲᠣᠰᠬᠤᠨ ᠤ ᠨᠠᠮ ᠤᠨ ᠡᠭᠦᠷ ᠲᠠᠢ ᠬᠠᠮᠲᠤᠷᠠᠨ ᠨᠠᠮ ᠤᠨ ᠵᠣᠬᠢᠶᠠᠨ ᠪᠠᠶᠢᠭᠤᠯᠤᠯᠲᠠ ᠬᠠᠮᠲᠤᠪᠠᠷ ᠪᠠᠶᠢᠭᠤᠯᠬᠤ᠂ ᠨᠠᠮ ᠤᠨ ᠭᠡᠰᠢᠭᠦᠨ ᠬᠠᠷᠢᠯᠴᠠᠨ ᠬᠥᠳᠡᠯᠦᠯᠴᠡᠬᠦ᠂ ᠲᠤᠷᠰᠢᠯᠭ᠎ᠠ ᠪᠠᠨ ᠬᠤᠪᠢᠶᠠᠯᠴᠠᠨ ᠡᠳ᠋ᠯᠡᠬᠦ ᠬᠠᠮᠵᠢᠯᠴᠠᠨ ᠬᠠᠮᠲᠤᠪᠠᠷ ᠤᠷᠤᠭᠰᠢᠯᠠᠬᠤ ᠠᠵᠢᠯᠯᠠᠭ᠎ᠠ ᠶᠢ ᠥᠷᠨᠢᠭᠦᠯᠵᠦ᠂ ᠡᠭᠦᠨ ᠢᠶᠠᠷ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ᠂ ᠲᠠᠶᠢᠴᠢᠨ ᠬᠦᠴᠦᠨ ᠢ ᠳᠡᠭᠡᠭᠰᠢᠯᠡᠭᠦᠯᠵᠡᠢ᠃ ᠡᠭᠦᠨ ᠤ ᠬᠠᠮᠲᠤ᠂ ᠲᠣᠰᠬᠤᠨ ᠤ ᠨᠠᠮ ᠤᠨ ᠡᠭᠦᠷ ᠣᠳᠣᠬᠠᠨ ᠤ ᠭᠤᠣᠯᠳᠠᠯᠭ᠎ᠠ ᠲᠠᠢ ᠠᠵᠢᠯ ᠲᠠᠢ ᠪᠠᠨ ᠨᠢᠭᠲᠠ ᠤᠶᠠᠯᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ︽ᠪᠢ ᠤᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠥᠳᠡᠭᠡ ᠠᠵᠤ ᠠᠬᠤᠢ ᠶᠢᠨ ᠲᠤᠰᠬᠠᠢ ᠮᠡᠷᠭᠡᠵᠢᠯᠲᠡᠨ᠂ ᠲᠡᠵᠢᠭᠡᠨ ᠦᠷᠡᠵᠢᠭᠦᠯᠬᠦ ᠲᠤᠮᠤ ᠡᠷᠦᠬᠡ ᠶᠢ ᠢᠳᠡᠪᠬᠢᠲᠡᠢ ᠤᠷᠢᠵᠤ ᠲᠤᠷᠰᠢᠯᠭ᠎ᠠ ᠤᠯᠠᠮᠵᠢᠯᠠᠵᠤ᠂ ᠤᠯᠠᠨ ᠲᠦᠮᠡᠨ ᠤ ᠵᠣᠪᠠᠭᠤᠷᠢ ᠲᠠᠢ ᠶᠠᠪᠤᠳᠠᠯ᠂ ᠬᠦᠴᠢᠷᠲᠡᠢ ᠶᠠᠪᠤᠳᠠᠯ᠂ ᠪᠤᠬᠢᠨᠢᠳᠤᠯ ᠲᠠᠢ ᠶᠠᠪᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃      ᠠᠩᠭᠧᠰ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠲᠤᠬᠠᠢ ᠶᠠᠷᠢᠬᠤ ᠳᠤ᠂ ᠰᠢᠩ ᠱᠧᠩ ᠵᠤᠸᠠᠩ ᠲᠣᠰᠬᠤᠨ ᠤ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠵᠠᠯᠠᠭᠤ ᠯᠢ ᠰᠢᠤᠸᠠᠢ ᠸᠧᠨ ᠬᠤᠷᠰᠢᠶ᠎ᠠ ᠶᠢᠨ ᠡᠭᠦᠰᠭᠡᠨ ᠪᠠᠶᠢᠭᠤᠯᠤᠭᠴᠢ ᠪᠠ ᠬᠠᠷᠢᠭᠤᠴᠠᠯᠭᠠᠲᠠᠨ ᠤ ᠬᠤᠪᠢ ᠪᠠᠷ ᠨᠢᠭᠡ ᠯᠡ ᠳᠣᠣᠷ᠎ᠠ ᠦᠭᠡ ᠪᠠᠨ ᠶᠠᠷᠢᠪᠠ᠃ ︽ᠦᠬᠡᠷ ᠤᠨ ᠰᠠᠷᠠᠪᠴᠢ ᠶᠢᠨ ᠭᠠᠳᠠᠭᠠᠳᠤ ᠠᠴᠠ ᠣᠷᠣᠭᠤᠯᠤᠭᠰᠠᠨ 60 ᠠᠯᠠᠰᠢᠨ ᠦᠬᠡᠷ ᠪᠣᠯ ᠳᠠᠷᠤᠢ ᠮᠠᠨ ᠤ ᠬᠤᠷᠰᠢᠶᠠᠨ ᠳᠤ ᠬᠤᠪᠢ ᠣᠷᠣᠭᠤᠯᠤᠭᠰᠠᠨ ᠬᠤᠪᠢ ᠪᠣᠯᠤᠨ᠎ᠠ᠂ ᠪᠢᠳᠡ ᠣᠶᠤᠨᠴᠢ ᠮᠠᠯᠵᠢᠯ ᠤᠨ ᠲᠠᠯᠠᠪᠠᠢ ᠶᠢᠨ ᠰᠢᠰᠲ᠋ᠧᠮ ᠢ ᠤᠭᠰᠠᠷᠠᠵᠤ᠂ ᠦᠬᠡᠷ ᠪᠦᠷᠢ ᠶᠢᠨ ᠴᠢᠬᠢᠨ ᠳᠡᠭᠡᠷᠡᠬᠢ ᠡᠯᠧᠺᠲᠷᠣᠨ ᠱᠣᠰᠢᠭ᠎ᠠ ᠨᠢ ᠲᠤᠭ᠎ᠠ ᠪᠠᠷᠢᠮᠲᠠ ᠶᠢ ᠡᠭᠦᠯᠡᠨ ᠲᠠᠪᠴᠠᠩ ᠳᠤ ᠴᠠᠭ ᠲᠤᠬᠠᠢ ᠳᠤᠨᠢ ᠬᠦᠷᠭᠡᠵᠦ᠂ ᠰᠡᠭᠦᠳᠡᠷᠯᠡᠬᠦ ᠮᠠᠰᠢᠨ ᠤ ᠣᠷᠣᠨ ᠪᠠᠶᠢᠷᠢ ᠶᠢ ᠲᠣᠭᠲᠠᠭᠠᠵᠤ᠂ ᠪᠦᠬᠦ ᠲᠠᠯᠠᠪᠠᠢ ᠶᠢᠨ ᠦᠬᠡᠷ ᠤᠨ ᠡᠷᠡᠭᠦᠯ ᠴᠢᠭᠢᠷᠠᠭ ᠤᠨ ᠪᠠᠶᠢᠳᠠᠯ ᠢ ᠬᠢᠨᠠᠨ ᠬᠡᠮᠵᠢᠵᠦ ᠴᠢᠳᠠᠨ᠎ᠠ᠃ ᠲᠤᠰᠬᠠᠶ ᠮᠡᠷᠭᠡᠵᠢᠯᠲᠡᠨ ᠤ ᠨᠠᠶᠢᠷᠠᠭᠤᠯᠤᠭᠰᠠᠨ ᠲᠡᠵᠢᠭᠡᠯ ᠪᠣᠷᠳᠤᠭ᠎ᠠ ᠪᠠᠷ ᠲᠡᠵᠢᠭᠡᠪᠡᠯ᠂ ᠦᠬᠡᠷ ᠤᠨ ᠦᠰᠦ ᠨᠢ ᠭᠥᠯᠢᠭᠡᠷ᠂ ᠴᠤᠭ ᠵᠢᠪᠬᠤᠭ᠎ᠠ ᠲᠠᠢ᠂ ᠴᠥᠭᠡᠨ ᠪᠤᠰᠤ ᠦᠬᠡᠷ ᠨᠢ ᠨᠢᠭᠡᠨᠲᠡ ᠵᠢᠷᠮᠦᠰᠦᠯᠡᠵᠦ᠂ ᠲᠦᠷᠦᠭᠦᠤ ᠪᠦᠯᠦᠭ ᠠᠯᠠᠰᠢᠨ ᠦᠬᠡᠷ ᠨᠢ ᠪᠠᠷᠤᠭ 4 ᠰᠠᠷ᠎ᠠ ᠳᠤ  ᠤᠶᠢᠯᠡᠳᠪᠤᠷᠢᠯᠡᠭᠳᠡᠵᠦ᠂ ᠡᠬᠡ ᠲᠤᠭᠤᠯ ᠨᠢ ᠳᠠᠬᠢᠭᠠᠳ ᠰᠠᠭᠤᠷᠢ ᠡᠬᠡ ᠮᠠᠯ ᠤᠨ ᠬᠤᠪᠢ ᠪᠠᠷ ᠲᠡᠵᠢᠭᠡᠨ ᠠᠷᠠᠴᠢᠯᠠᠵᠤ᠂ ᠥᠪᠡᠰᠦᠪᠡᠨ ᠦᠷᠡᠵᠢᠭᠦᠯᠵᠦ ᠥᠪᠡᠰᠦᠪᠡᠨ ᠪᠤᠶᠢᠵᠢᠭᠤᠯᠬᠤ ᠪᠠᠷ ᠳᠡᠮᠵᠢᠨ ᠳᠦᠷᠰᠦ ᠶᠢᠨ ᠰᠦᠷᠦᠭ ᠤᠨ ᠬᠡᠪᠴᠢᠶ᠎ᠡ ᠪᠠᠨ ᠥᠷᠭᠡᠳᠬᠡᠨ᠎ᠡ︾ ᠭᠡᠵᠡᠶ᠃ ᠯᠢ ᠰᠢᠤᠸᠠᠢ ᠸᠧᠨ ᠲᠠᠷᠢᠶᠠᠴᠢᠳ ᠢ ᠬᠡᠷᠬᠢᠨ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ ᠪᠠᠶᠠᠵᠢᠭᠤᠯᠬᠤ ᠡᠨᠡ ᠬᠦ ᠠᠵᠤ ᠠᠬᠤᠶ ᠶᠢᠨ ᠳᠠᠩᠰᠠ ᠶᠢ ᠢᠨᠢᠶᠡᠮᠰᠦᠭᠯᠡᠨ ᠪᠤᠳᠤᠵᠤ᠂ ︽ᠮᠢᠨᠦ ᠤᠤᠯ ᠤᠨ ᠲᠡᠵᠢᠭᠡᠵᠦ ᠪᠠᠶᠢᠭᠰᠠᠨ ᠦᠬᠡᠷ ᠲᠠᠢ ᠬᠠᠷᠢᠴᠠᠭᠤᠯᠪᠠᠯ᠂ ᠠᠩᠭᠦᠰ ᠦᠬᠡᠷ ᠤᠨ ᠪᠣᠷᠳᠤᠭ᠎ᠠ ᠶᠢᠨ ᠬᠤᠪᠢᠷᠠᠯᠲᠠ ᠶᠢᠨ ᠨᠣᠷᠮ᠎ᠠ ᠨᠢ ᠥᠨᠳᠥᠷ ᠰᠢᠭ ᠪᠠᠶᠢᠳᠠᠭ᠂ ᠥᠭᠡᠷ᠎ᠡ ᠪᠠᠷ ᠬᠡᠯᠡᠪᠡᠯ ᠢᠳᠡᠬᠦ ᠳᠤ ︽ᠴᠡᠪᠡᠷ︾  ᠤᠷᠭᠤᠬᠤ ᠨᠢ ︽ᠲᠤᠭᠠᠲᠠᠢ︾ ᠪᠣᠯᠤᠨ᠎ᠠ᠂ ᠣᠨᠴᠠ ᠲᠣᠭᠲᠠᠭᠰᠠᠨ ᠬᠡᠰᠡᠭ ᠤᠨ ᠴᠠᠰᠤᠲᠤ ᠦᠬᠡᠷ ᠤᠨ ᠮᠢᠬ᠎ᠠ ᠪᠣᠯ ᠳᠤᠮᠳᠠ ᠳᠡᠭᠡᠳᠦ ᠳᠡᠰ ᠤᠨ ᠦᠢᠯᠡᠳᠬᠦᠨ ᠳᠤ ᠲᠣᠭᠠᠴᠠᠭᠳᠠᠨ᠎ᠠ᠂ ᠪᠣᠷᠣᠯᠠᠭᠤᠯᠭ᠎ᠠ ᠶᠢᠨ ᠠᠷᠭ᠎ᠠ ᠵᠠᠮ ᠨᠢ ᠠᠳᠠᠯᠢ ᠪᠠᠶᠢᠪᠠᠯ᠂ ᠵᠠᠬ᠎ᠠ ᠳᠡᠯᠭᠡᠭᠦᠷ ᠤᠨ ᠦᠨ᠎ᠡ ᠨᠢ ᠺᠢᠯᠣᠭ᠍ᠷᠠᠮ ᠪᠦᠷᠢ ᠳᠡᠭᠡᠨ 200 ᠲᠥᠭᠦᠷᠢᠭ ᠠᠴᠠ 400 ᠲᠥᠭᠦᠷᠢᠭ ᠪᠣᠯᠤᠨ᠎ᠠ︾ ᠭᠡᠵᠡᠶ᠃      ᠣᠳᠣ ᠯᠢ ᠰᠢᠤᠸᠠᠢ ᠸᠧᠨ ᠡᠯ᠎ᠡ ᠭᠠᠵᠠᠷ ᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠲᠣᠨᠤᠭ ᠲᠥᠬᠦᠭᠡᠷᠦᠮᠵᠢ ᠶᠢᠨ ᠦᠢᠯᠡᠳᠪᠦᠷᠢ ᠳᠤ ᠶᠠᠭᠠᠷᠠᠯᠳᠤᠵᠤ ᠪᠠᠶᠢᠭ᠎ᠠ ᠨᠢ ᠰᠢᠨ᠎ᠡ ᠮᠡᠷᠭᠡᠵᠢᠯ ᠢ ᠰᠠᠶᠢᠨ ᠰᠤᠷᠴᠤ᠂ ᠲᠣᠰᠬᠤᠨ ᠤ ᠠᠷᠠᠳ ᠤᠨ ᠦᠬᠡᠷ ᠢ ᠲᠡᠵᠢᠭᠡᠵᠦ᠂ ᠣᠯᠠᠨ ᠤ ︽ᠵᠣᠭᠤᠰ ᠤᠨ ᠤᠭᠤᠲᠠ︾ ᠶᠢ ᠪᠠᠲᠤ ᠰᠠᠬᠢᠬᠤ ᠶᠢᠨ ᠲᠥᠯᠥᠭᠡ ᠶᠤᠮ᠃      ︽ᠮᠠᠨ ᠤ ᠲᠣᠰᠬᠤᠨ ᠤ ᠬᠠᠮᠲᠤ ᠶᠢᠨ ᠠᠵᠤ ᠠᠬᠤᠶ ᠪᠣᠯᠤᠨ ᠪᠥᠬᠦ ᠲᠣᠰᠬᠤᠨ ᠤ ᠠᠷᠠᠳ ᠬᠤᠷᠰᠢᠶᠠᠨ ᠳᠤ ᠬᠤᠪᠢ ᠣᠷᠣᠪᠠᠯ᠂ ᠲᠣᠰᠬᠤᠨ ᠤ ᠠᠷᠠᠳ ᠨᠢᠭᠡᠪᠦᠷᠢ ᠴᠥᠮ ᠬᠠᠷᠢᠴᠠᠯ ᠢᠶᠠᠷ ᠠᠰᠢᠭ ᠬᠤᠪᠢᠶᠠᠵᠤ ᠪᠣᠯᠤᠨ᠎ᠠ᠂ ᠡᠷᠴᠢᠮᠵᠢᠭᠦᠯᠦᠨ ᠲᠡᠵᠢᠭᠡᠨ ᠦᠷᠡᠵᠢᠭᠦᠯᠬᠦ ᠨᠢ ᠲᠡᠵᠢᠭᠡᠨ ᠦᠷᠡᠵᠢᠭᠦᠯᠬᠦ ᠲᠦᠭᠰᠢᠭᠦᠷᠢ ᠶᠢ ᠪᠠᠭᠠᠰᠬᠠᠬᠤ ᠶᠢᠨ ᠬᠠᠮᠲᠤ ᠪᠠᠰᠠ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠵᠡᠶ᠂ ᠡᠨᠡ ᠪᠣᠯ ᠲᠣᠰᠬᠤᠨ ᠤ ᠬᠠᠮᠲᠤ ᠶᠢᠨ ᠠᠵᠤ ᠠᠬᠤᠶ ᠪᠣᠯᠤᠨ ᠲᠣᠰᠬᠤᠨ ᠤ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠤᠰ ᠠᠮᠵᠢᠯᠲᠠ ᠮᠥᠨ︾᠃ ᠭᠡᠵᠦ ᠰᠢᠩ ᠱᠧᠩ ᠵᠤᠸᠠᠩ ᠲᠣᠰᠬᠤᠨ ᠤ ᠨᠠᠮ ᠤᠨ ᠡᠭᠦᠷ ᠤᠨ ᠱᠦᠵᠢ ᠵᠧᠦ ᠶᠠᠨ ᠸᠧᠢ ᠬᠡᠯᠡᠪᠡ᠃      ︽ᠪᠢ ᠬᠤᠷᠰᠢᠶᠠᠨ ᠳᠤ ᠠᠵᠢᠯᠯᠠᠵᠤ ᠪᠠᠶᠢᠬᠤ ᠨᠢ ᠳᠠᠷᠤᠢ ᠭᠡᠷ ᠤᠨ ᠡᠭᠦᠳᠡᠨ ᠳᠤ ᠬᠥᠯᠥᠰᠥᠨ ᠠᠵᠢᠯ ᠬᠢᠵᠦ ᠪᠠᠶᠢᠬᠤ ᠲᠠᠢ ᠠᠳᠠᠯᠢ ᠶᠤᠮ᠂ ᠨᠢᠭᠡ ᠰᠠᠷ᠎ᠠ ᠶᠢᠨ ᠴᠠᠯᠢᠩ 4500 ᠲᠥᠭᠦᠷᠢᠭ᠂ ᠢᠳᠡᠵᠦ ᠤᠤᠭᠤᠬᠤ ᠶᠢ ᠬᠠᠮᠢᠶᠠᠷᠴᠤ᠂ ᠭᠡᠷ ᠠᠴᠠ ᠪᠠᠨ ᠤᠢᠢᠷ᠎ᠠ ᠪᠣᠯᠪᠠᠴᠤ ᠶᠠᠳᠠᠷᠠᠬᠤ ᠦᠭᠡᠢ᠂ ᠨᠢᠭᠡ ᠵᠢᠯ ᠳᠤ ᠪᠤᠳᠤᠭᠠᠳ 5 ᠲᠦᠮᠡ ᠭᠠᠷᠤᠢ ᠲᠥᠭᠦᠷᠢᠭ ᠴᠤᠭᠯᠠᠭᠤᠯᠵᠤ᠂ ᠠᠮᠢᠳᠤᠷᠠᠯ ᠦᠨᠡᠬᠡᠷ ᠶᠠᠪᠤᠬᠤ ᠳᠤᠳᠤᠮ ᠰᠠᠶᠢᠵᠢᠷᠠᠵᠠᠢ︾᠃ 62 ᠨᠠᠰᠤᠲᠠᠢ ᠰᠢᠩ ᠱᠧᠩ ᠤᠨ ᠮᠠᠯ ᠠᠵᠤ ᠠᠬᠤᠢ ᠶᠢᠨ ᠲᠡᠵᠢᠭᠡᠨ ᠠᠷᠠᠴᠢᠯᠠᠭᠴᠢ ᠳ᠋ᠧᠩ ᠶᠢᠩ ᠵᠦ ᠮᠠᠲ᠋ᠧᠷᠢᠶᠠᠯ ᠰᠠᠴᠤᠬᠤ ᠲᠡᠷᠭᠡ ᠪᠠᠨ ᠵᠢᠯᠣᠭᠤᠳᠤᠨ ᠰᠡᠳᠬᠢᠯ ᠬᠠᠨᠤᠮᠵᠢᠲᠠᠢ ᠪᠠᠷ ᠶᠠᠷᠢᠨ᠎ᠠ᠃      ︽ᠪᠢᠳᠡ ᠲᠣᠰᠬᠤᠨ ᠳᠠᠭᠠᠨ 1100 ᠮᠦ ᠭᠠᠵᠠᠷ ᠰᠢᠷᠣᠢ ᠶᠢ ᠡᠷᠭᠢᠯᠳᠦᠭᠦᠯᠦᠨ ᠳᠠᠷᠤᠰᠢᠭᠤᠯᠤᠭᠰᠠᠨ ᠡᠷᠳᠡᠨᠢ ᠰᠢᠰᠢ ᠳᠠᠷᠢᠵᠤ᠂ ᠲᠣᠰᠬᠤᠨ ᠤ ᠠᠷᠠᠳ ᠤᠨ ᠡᠰᠢ ᠰᠦᠷᠡᠯ ᠢ ᠬᠤᠷᠢᠶᠠᠨ ᠠᠪᠴᠤ ᠦᠬᠡᠷ ᠲᠡᠵᠢᠭᠡᠬᠦ ᠳᠤ ᠬᠡᠷᠡᠭᠯᠡᠵᠦ᠂ ᠦᠬᠡᠷ ᠤᠨ ᠪᠠᠭᠠᠰᠤ ᠶᠢ ᠪᠠᠭᠠᠰᠤᠨ ᠴᠥᠭᠦᠷᠥᠮ ᠳᠤ ᠣᠷᠣᠭᠤᠯᠵᠤ᠂ ᠢᠰᠬᠡᠭᠰᠡᠨ ᠤ ᠳᠠᠷᠠᠭ᠎ᠠ ᠣᠷᠭᠠᠨᠢᠭ ᠪᠤᠷᠳᠤᠭᠤᠷ ᠪᠣᠯᠭᠠᠨ ᠲᠠᠷᠢᠶᠠᠨ ᠳᠤ ᠪᠤᠴᠠᠭᠠᠨ᠎ᠠ︾᠃ ᠯᠢ ᠰᠢᠤᠸᠠᠢ ᠸᠧᠨ ᠤ ᠲᠠᠨᠢᠯᠴᠠᠭᠤᠯᠤᠭᠰᠠᠨ ᠢᠶᠠᠷ᠂ ᠬᠤᠷᠰᠢᠶ᠎ᠠ ᠨᠢ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ᠂ ᠡᠰᠢ ᠰᠦᠷᠡᠯ — ᠦᠬᠡᠷ — ᠠᠮᠢᠳᠤ ᠪᠣᠳᠠᠰ ᠤᠨ ᠪᠣᠷᠲᠣᠭᠤᠷ — ᠠᠮᠤ ᠪᠤᠳᠠᠭ᠎ᠠ︾ ᠶᠢᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠵᠠᠭᠪᠤᠷ ᠢ ᠬᠡᠷᠡᠭᠯᠡᠵᠦ᠂ ᠦᠬᠡᠷ ᠤᠨ ᠠᠵᠤ ᠤᠶᠢᠯᠡᠰ ᠤᠨ ᠰᠠᠶᠢᠨ ᠡᠷᠬᠢᠯᠳᠡᠳᠦ ᠬᠥᠭᠵᠢᠯᠲᠡ ᠶᠢ ᠠᠬᠢᠭᠤᠯᠬᠤ ᠶᠢᠨ ᠬᠠᠮᠲᠤ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠨᠢᠲᠤᠯᠵᠤ ᠨᠠᠷᠢᠯᠢᠭ ᠡᠳ᠋ᠰᠢᠭᠦᠯᠬᠦ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ ᠶᠢ ᠨᠢᠭᠡ ᠴᠤᠭᠴᠠᠵᠢᠭᠤᠯᠤᠭᠰᠠᠨ ᠠᠯᠠᠰᠢᠨ ᠦᠬᠡᠷ ᠤᠨ ᠠᠵᠤ ᠤᠶᠢᠯᠡᠰ ᠤᠨ ᠬᠡᠯᠬᠢᠶ᠎ᠡ ᠶᠢᠨ ᠵᠠᠭᠪᠤᠷ ᠢ ᠠᠯᠬᠤᠮ ᠠᠯᠬᠤᠮ ᠢᠶᠠᠷ ᠪᠣᠶ ᠪᠣᠯᠭᠠᠵᠤ᠂ ᠪᠥᠬᠦ ᠰᠢᠶᠠᠩ ᠤᠨ 5000 ᠭᠠᠷᠤᠶ ᠬᠥᠮᠦᠨ ᠢ ᠳᠠᠶᠢᠴᠢᠯᠠᠨ ᠪᠠᠶᠠᠵᠢᠭᠤᠯᠵᠤ ᠣᠷᠣᠯᠭ᠎ᠠ ᠶᠢ ᠨᠢ ᠨᠡᠮᠡᠭᠳᠡᠭᠦᠯᠦᠨ᠂ ᠲᠠᠷᠢᠶᠠᠴᠢᠳ ᠲᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠪᠠ ᠪᠣᠬᠢᠷᠲᠤᠯ ᠥᠬᠡᠶ ᠣᠷᠴᠢᠯ ᠠᠵᠤ ᠠᠬᠤᠶ ᠶᠢᠨ ᠳᠤᠮᠳᠠ ᠠᠴᠠ ᠨᠠᠩ ᠣᠯᠠᠨ ᠠᠰᠢᠭ ᠣᠷᠣᠯᠭ᠎ᠠ ᠪᠠ ᠪᠣᠳᠠᠲᠤ ᠠᠰᠢᠭ ᠬᠦᠷᠲᠡᠭᠡᠨ᠎ᠡ᠃      ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠤᠬᠠᠢ ᠶᠠᠷᠢᠬᠤ ᠳᠠᠭᠠᠨ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠰᠢᠤᠢ ᠭᠦᠸᠧ ᠬᠤᠸᠠ᠄ ︽ᠠᠯᠬᠤᠮ ᠠᠯᠬᠤᠮ ᠢᠶᠠᠷ ᠤᠷᠤᠭᠰᠢᠯᠠᠵᠤ᠂ ᠦᠷᠭᠦᠯᠵᠢᠯᠡᠨ ᠠᠬᠢᠭᠤᠯᠬᠤ ᠪᠣᠯ ᠮᠠᠨ ᠤ ᠠᠵᠢᠯ ᠤᠨ ᠦᠨᠳᠦᠰᠦ ᠪᠣᠯᠤᠨ᠎ᠠ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠪᠠ ᠪᠣᠬᠢᠷᠲᠤᠯ ᠦᠭᠡᠢ ᠣᠷᠴᠢᠯ ᠠᠵᠤ ᠠᠬᠤᠢ ᠶᠢ ᠬᠥᠭᠵᠢᠭᠦᠯᠬᠦ ᠪᠠᠷ ᠲᠠᠪᠴᠠᠩ ᠪᠣᠯᠭᠠᠵᠤ᠂ ᠠᠵᠤ ᠦᠢᠯᠡᠰ ᠢ ᠤᠷᠲᠤᠳᠬᠠᠬᠤ ᠠᠷᠭ᠎ᠠ ᠵᠠᠮ ᠢ ᠰᠦᠪᠡᠭᠴᠢᠯᠡᠨ᠎ᠡ︾ ᠭᠡᠪᠡ᠃ ᠵᠠᠯᠭᠠᠭᠠᠳ ᠪᠢᠳᠡ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠦᠢᠯᠡᠰ ᠢ ᠳᠠᠬᠢᠨ ᠨᠠᠷᠢᠨ ᠬᠤᠪᠢᠶᠠᠵᠤ᠂ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠢᠶᠠᠷ ᠳᠠᠮᠵᠢᠭᠤᠯᠤᠨ ᠲᠣᠰᠬᠤᠨ ᠤ ᠠᠷᠠᠳ ᠢ ᠲᠡᠵᠢᠭᠡᠨ ᠦᠷᠡᠵᠢᠭᠦᠯᠬᠦ ᠵᠦᠢᠯᠡᠰ ᠲᠤ ᠭᠦᠨᠵᠡᠭᠡᠶ ᠣᠷᠣᠯᠴᠠᠭᠤᠯᠵᠤ᠂ ᠡᠭᠦᠨ ᠢᠶᠠᠷ ᠳᠠᠮᠵᠢᠭᠤᠯᠤᠨ ᠦᠷᠭᠦᠯᠵᠢᠯᠡᠬᠦ᠋ᠢᠴᠡ᠂ ᠬᠠᠭᠤᠯᠪᠤᠷᠢᠯᠠᠵᠤ ᠪᠣᠯᠬᠤ ᠠᠷᠭ᠎ᠠ ᠶᠢ ᠳ᠋ᠦᠩᠨᠡᠨ ᠭᠠᠷᠭᠠᠵᠤ᠂ ᠨᠡᠩ ᠣᠯᠠᠨ ᠲᠠᠷᠢᠶᠠᠴᠢᠳ ᠢ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠪᠣᠳᠣᠯᠬᠢᠯᠠᠵᠤ ᠪᠠᠶᠢᠨ᠎ᠠ︾ ᠭᠡᠵᠡᠶ᠃      ︵ᠵᠣᠬᠢᠶᠠᠭᠴᠢ ᠶᠢᠨ ᠨᠢᠭᠡᠴᠡ᠄ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ︶               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3