ᠸᠠᠩ ᠬᠤᠢ ᠢᠦᠢ ᠰᠢᠩ ᠡᡁᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2022 ᠣᠨ ᠤ 11 ᠳ᠋ᠦᠭᠡᠷ ᠤᠳᠠᠭ᠎ᠠ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/30
     3 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠬᠤᠢ ᠢᠦᠢ ᠰᠢᠩ ᠡᡁᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠬᠤᠷᠢᠶ᠎ᠡ ᠶᠢᠨ 2022 ᠣᠨ ᠤ 11 ᠳ᠋ᠦᠭᠡᠷ ᠤᠳᠠᠭ᠎ᠠ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃
     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠵᠡᠭᠦᠨ ᠤ ᠠᠭᠠᠷ ᠤᠨ ᠠᠶᠠᠯᠠᠯ ᠤᠨ ᠺᠣᠮᠫᠠᠨᠢ ᠶᠢᠨ ᠠᠶᠠᠨᠴᠢᠳ ᠤᠨ ᠨᠢᠰᠬᠡᠯ ᠤᠨᠠᠵᠤ ᠰᠦᠢᠷᠡᠭᠰᠡᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ ᠰᠠᠶᠢᠳ ᠯᠢ ᠺᠧ ᠴᠢᠶᠠᠩ ᠵᠢᠴᠢ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠬᠤᠯᠪᠣᠭᠳᠠᠯ ᠪᠦᠬᠦᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ︽ᠶᠡᠷᠦᠩᠬᠡᠢ ᠱᠦᠵᠢ ᠰᠢ ᠶᠢᠨ ᠫᠢᠩ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠡᠷᠡᠰ ᠬᠤᠷᠢᠭᠯᠠᠬᠤ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ︔ ᠲᠥᠪ ᠤᠨ ᠭᠤᠷᠪᠠᠳᠤᠭᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠱᠠᠯᠠᠪᠳᠠᠭᠤᠯᠤᠨ ᠪᠠᠶᠢᠴᠠᠭᠠᠬᠤ ᠲᠠᠶᠢᠴᠢᠯᠠᠯᠳᠠ ᠶᠢᠨ ᠬᠤᠷᠠᠯ ᠤᠨ ᠵᠣᠷᠢᠭᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠥᠪᠥᠷ ᠮᠣᠩᠭᠤᠯ ᠤᠨ ︽ᠬᠤᠶᠠᠷ ᠬᠠᠯᠬᠠᠪᠴᠢ︾ ᠶᠢ ᠪᠥᠲᠥᠭᠡᠨ ᠪᠠᠶᠢᠭᠤᠯᠬᠤ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢᠨ ᠬᠠᠮᠢᠶ᠎ᠠ ᠪᠥᠬᠦᠶ ᠵᠥᠪᠯᠡᠬᠦ ᠰᠡᠳᠦᠪ ᠤᠨ ᠭᠤᠤᠯ ᠵᠣᠷᠢᠭ ᠰᠠᠨᠠᠭ᠎ᠠ ᠪᠠ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2022 ᠣᠨ ᠤ 11 ᠳ᠋ᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠶ᠂ ᠬᠤᠷᠠᠯ ᠠᠴᠠ ᠵᠢᠭᠠᠵᠤ ᠭᠠᠷᠭᠠᠭᠰᠠᠨ ᠨᠢ ᠂ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯ ᠦᠭᠡᠶ ᠦᠢᠯᠡᠳᠪᠦᠷᠢᠯᠡᠯ ᠤᠨ ᠤᠯᠠᠭᠠᠨ ᠱᠤᠭᠤᠮ ᠤᠨ ᠤᠬᠠᠮᠰᠠᠷ ᠢᠶᠠᠨ ᠲᠠᠰᠤᠷᠠᠯᠲᠠ ᠦᠭᠡᠶ ᠴᠢᠩᠭᠠᠳᠬᠠᠵᠤ᠂ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠶ ᠰᠠᠶᠢᠳ ᠯᠢ ᠺᠧ ᠴᠢᠶᠠᠩ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠤᠳᠤᠷᠢᠳᠤᠯᠭ᠎ᠠ ᠶᠢᠨ ᠬᠤᠯᠪᠣᠭᠳᠠᠯ ᠪᠦᠬᠦᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠮᠡᠳᠡᠭᠳᠡᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠰᠤᠳᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶ᠎ᠡ ᠪᠣᠯᠤᠨ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠠᠵᠢᠯ ᠤᠨ ᠱᠠᠭᠠᠷᠳᠠᠯᠭ᠎ᠠ ᠳᠡᠭᠡᠷ᠎ᠡ ᠦᠳᠲᠡᠷ ᠲᠦᠷᠭᠡᠨ ᠨᠢᠭᠡᠳᠬᠡᠵᠦ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠮᠢᠨᠴᠦᠭᠦᠷᠡᠬᠦ ᠦᠵᠡᠯ ᠰᠠᠨᠠᠭ᠎ᠠ ᠂ ᠭᠤᠷᠢᠳᠠᠬᠤ ᠪᠤᠳᠤᠯ ᠢ ᠡᠷᠡᠰ ᠲᠡᠪᠴᠢᠬᠦ ᠬᠡᠷᠡᠭᠲᠡᠢ︔ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠳᠠᠷᠠᠭᠠᠯᠠᠨ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠦᠬᠦ ᠲᠠᠯ᠎ᠠ ᠪᠠᠷ ᠲᠦᠢᠯᠪᠤᠷᠢᠲᠠᠢ ᠠᠷᠢᠯᠭᠠᠵᠤ᠂ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠪᠣᠳᠠᠲᠤ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ︔ ᠤᠨᠢᠨ ᠳᠡᠭᠡᠷ᠎ᠡ ᠨᠢ ᠵᠠᠰᠠᠬᠤ ᠶᠢ ᠪᠠᠷᠢᠮᠲᠠᠯᠠᠵᠤ᠂ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡᠳᠪᠦᠷᠢᠯᠡᠯ ᠤᠨ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠪᠠᠶᠢᠴᠠᠭᠠᠨ ᠰᠢᠢᠳᠪᠦᠷᠢᠯᠡᠭᠰᠡᠨ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠠᠵᠤ ᠠᠬᠤᠶᠢᠯᠠᠯ ᠢ ᠬᠠᠭᠠᠵᠤ ᠴᠠᠭᠠᠵᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠲᠥᠬᠦᠭᠡᠷᠦᠮᠵᠢ ᠶᠢ ᠬᠠᠤᠯᠢ ᠲᠣᠭᠲᠠᠭᠠᠯ ᠶᠣᠰᠣᠭᠠᠷ ᠨᠤᠷᠠᠭᠠᠵᠤ᠂ ᠲᠠᠬᠢᠨ ᠰᠡᠷᠭᠦᠬᠦ ᠶᠢ ᠰᠡᠷᠭᠡᠶᠢᠯᠡᠬᠦ ᠬᠡᠷᠡᠭᠲᠡᠢ︔ ᠬᠠᠷᠢᠭᠤᠴᠠᠯᠭ᠎ᠠ ᠶᠢ ᠴᠢᠩᠭ᠎ᠠ ᠴᠢᠩᠭ᠎ᠠ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠲᠤ ᠪᠠᠬᠢ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠦᠷᠦᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠲᠠᠰᠤᠷᠠᠯᠳᠡ ᠦᠭᠡᠢ ᠪᠠᠬᠢᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠠᠮᠢ ᠠᠬᠤᠶ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠲᠤᠬᠠᠶ᠂ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠴᠢᠬᠤᠯᠠ ᠴᠢᠨᠠᠷ ᠪᠠ ᠪᠠᠴᠢᠮ ᠲᠤᠯᠭᠠᠮ᠎ᠠ ᠰᠡᠳᠬᠢᠯᠭᠡ ᠶᠢ ᠭᠦᠨᠵᠡᠭᠡᠶ ᠲᠠᠨᠢᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠤᠯᠤᠰ ᠲᠥᠷᠥ ᠪᠠ ᠪᠦᠬᠦ ᠲᠠᠯ᠎ᠠ ᠶᠢᠨ ᠳᠡᠭᠡᠳᠦ ᠬᠡᠮᠵᠢᠶᠡᠨ ᠠᠴᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠡᠵᠡᠮᠳᠡᠬᠦ ᠳᠤ ᠬᠠᠨᠳᠤᠵᠤ᠂ ᠬᠢᠨᠠᠨ ᠠᠵᠢᠭᠯᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠶ ᠳᠡᠭᠡᠭᠰᠢᠯᠡᠭᠦᠯᠵᠦ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠬᠤ ᠴᠢᠬᠤᠯᠠ ᠶᠡᠭᠡ ᠤᠯᠤᠰ ᠲᠦᠷᠦ ᠶᠢᠨ ᠬᠦᠨᠳᠦ ᠡᠭᠦᠷᠭᠡ ᠶᠢ ᠡᠷᠡᠰ ᠡᠭᠦᠷᠭᠡᠯᠡᠵᠦ᠂ ᠪᠤᠰᠢᠭᠤ ᠱᠠᠯᠠᠮᠠᠭᠠᠢ ᠪᠠᠷ ᠠᠵᠢᠯᠯᠠᠬᠤ ᠪᠠ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠬᠤ ᠶᠢ ᠤᠶᠠᠯᠳᠤᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠵᠤ᠂ ᠠᠮᠢ ᠠᠬᠤᠢ ᠶᠢᠨ ᠰᠢᠰᠲᠧᠮ ᠢ ᠬᠠᠮᠠᠭᠠᠯᠠᠵᠤ ᠰᠡᠷᠭᠦᠭᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲᠧᠮ ᠢ ᠪᠦᠷᠢᠨᠰᠢᠬᠦᠯᠵᠦ᠂ ᠴᠢᠨᠠᠷ ᠰᠠᠶᠢᠲᠠᠢ ᠬᠥᠭᠵᠢᠯᠲᠡ᠂ ᠥᠨᠳᠥᠷ ᠲᠦᠪᠰᠢᠨ ᠤ ᠬᠠᠮᠠᠭᠠᠯᠠᠯᠲᠠ᠂ ᠥᠨᠳᠥᠷ ᠪᠠᠷᠢᠮᠵᠢᠶ᠎ᠠ ᠶᠢᠨ ᠵᠠᠰᠠᠯᠲᠠ ᠶᠢ ᠴᠢᠷᠮᠠᠶᠢᠨ ᠪᠡᠶᠡᠯᠡᠭᠦᠯᠵᠦ᠂ ᠪᠢᠳᠡᠨ ᠤ ᠪᠣᠬᠢᠷᠲᠤᠯ ᠦᠭᠡᠢ ︽ᠥᠪ ᠬᠦᠷᠦᠩᠭᠡ︾ ᠪᠠᠨ ᠨᠡᠩ ᠡᠯᠪᠡᠭ ᠪᠠᠶᠠᠯᠢᠭ ᠪᠣᠯᠭᠠᠬᠤ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠲᠤᠪᠤᠶᠢᠮ᠎ᠠ ᠪᠠᠶᠢᠷᠢᠨ ᠳᠤ ᠲᠠᠯᠪᠢᠵᠤ ᠂ ᠳᠠᠷᠤᠯᠲᠠ ᠶᠢ ᠬᠥᠳᠡᠯᠭᠡᠬᠦ ᠬᠦᠴᠦᠨ ᠪᠣᠯᠭᠠᠵᠤ᠂ ᠰᠠᠨᠠᠭᠠᠴᠢᠯᠠᠭᠠᠲᠤ ᠪᠤᠰᠤ ᠪᠠᠶᠢᠳᠠᠯ ᠢ ᠰᠠᠨᠠᠭᠠᠴᠢᠯᠠᠭᠠᠲᠤ ᠪᠠᠶᠢᠳᠠᠯ ᠪᠣᠯᠭᠠᠵᠤ᠂ ᠡᠪᠡᠳᠴᠢᠨ ᠤ ᠦᠨᠳᠦᠰᠦ ᠶᠢ ᠣᠨᠣᠪᠴᠢᠲᠠᠢ ᠡᠷᠢᠵᠦ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ᠂ ᠨᠢᠭᠡ ᠪᠦᠯᠦᠭ ᠲᠤᠪᠤᠶᠢᠮ᠎ᠠ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠤᠪᠢ ᠨᠡᠮᠡᠷᠢ ᠦᠵᠡᠭᠦᠯᠬᠦ ᠬᠡᠷᠡᠭᠲᠡᠢ︔ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠪᠦᠬᠦ ᠬᠦᠴᠦᠨ ᠢᠶᠠᠷ ᠬᠠᠮᠵᠢᠯᠴᠠᠨ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠬᠤᠪᠢᠶᠠᠷᠢᠯᠠᠯ ᠢᠶᠠᠨ ᠬᠠᠷᠢᠴᠠᠭᠤᠯᠤᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠳᠤ᠂ ᠨᠠᠮ᠂ ᠠᠷᠠᠳ ᠲᠦᠮᠡᠨ᠂ ᠠᠵᠢᠯ ᠦᠢᠯᠡᠰ ᠲᠤ ᠳᠡᠭᠡᠳᠦ  ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠦᠨᠡᠨ ᠪᠣᠳᠠᠲᠠᠢ ᠪᠠᠷ ᠡᠭᠦᠷᠭᠡᠯᠡᠵᠦ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠬᠠᠮᠵᠢᠯᠴᠠᠨ ᠪᠠᠲᠤᠯᠠᠬᠤ ᠠᠵᠢᠯ ᠢ ᠦᠨᠡᠨᠬᠦ ᠯᠠᠪᠳᠠᠭᠤᠨ ᠪᠠᠲᠤᠲᠠᠢ᠂ ᠭᠦᠨᠵᠡᠭᠡᠢ ᠬᠢᠵᠦ᠂ ᠨᠠᠷᠢᠨ ᠨᠢᠮᠪᠠᠢ᠂ ᠪᠣᠳᠠᠲᠠᠢ ᠬᠢᠬᠦ ᠬᠡᠷᠡᠭᠲᠡᠢ᠃      ᠲᠣᠭᠤᠷᠢᠨ ᠪᠠᠶᠢᠴᠠᠭᠠᠬᠤ ᠠᠵᠢᠯ ᠤᠨ ᠲᠠᠯ᠎ᠠ ᠪᠠᠷ᠂ ᠲᠣᠭᠤᠷᠢᠨ ᠪᠠᠶᠢᠴᠠᠭᠠᠬᠤ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠷᠭᠦᠯᠵᠢᠯᠡᠨ ᠬᠦᠴᠦᠯᠡᠵᠦ᠂ ᠲᠡᠭᠦᠨ ᠢ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠨᠠᠷᠢᠨ ᠪᠣᠳᠠᠲᠠᠢ ᠰᠠᠶᠢᠲᠤᠷ ᠠᠳᠬᠤᠬᠤ ᠶᠢᠨ ᠬᠠᠮᠲᠤ ᠡᠨᠡᠬᠦ ᠲᠣᠬᠢᠶᠠᠯ ᠢ ᠠᠰᠢᠭᠯᠠᠨ ᠲᠣᠭᠤᠷᠢᠨ ᠪᠠᠶᠢᠴᠠᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠦ᠂ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠳᠤ ᠦᠨᠡᠨᠬᠦ ᠰᠠᠭᠤᠷᠢ ᠶᠢ ᠪᠠᠲᠤᠳᠬᠠᠬᠤ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ︔ ᠴᠠᠭᠳᠠᠨ ᠪᠠᠶᠢᠴᠠᠭᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠠᠭᠳᠠᠨ ᠪᠠᠶᠢᠴᠠᠭᠠᠬᠤ ᠲᠡᠮᠦᠷ ᠴᠡᠷᠢᠭ ᠢ ᠪᠠᠶᠢᠭᠤᠯᠵᠤ᠂ ᠴᠠᠭᠳᠠᠨ ᠪᠠᠶᠢᠴᠠᠭᠠᠬᠤ ︽ᠳᠤᠭᠤᠶᠢᠯᠠᠩ ᠤᠨ ᠳᠠᠷᠤᠭ᠎ᠠ ᠶᠢᠨ ᠬᠥᠮᠥᠷᠭᠡ ︾ ᠪᠠ ︽ᠴᠢᠳᠠᠪᠤᠷᠢᠲᠠᠨ ᠤ ᠬᠥᠮᠥᠷᠭᠡ︾ ᠶᠢᠨ ᠠᠵᠢᠯᠲᠠᠨ ᠢ ᠴᠠᠭ ᠲᠤᠬᠠᠶ ᠳᠤᠨᠢ ᠲᠡᠭᠦᠯᠳᠡᠷᠵᠢᠭᠦᠯᠵᠦ᠂ ᠤᠯᠤᠰ ᠲᠦᠷᠦ ᠶᠢᠨ ᠬᠡᠪ ᠴᠢᠨᠠᠷ ᠢᠶᠠᠷ ᠥᠨᠳᠥᠷ᠂ ᠣᠪᠣᠷ ᠰᠤᠷᠲᠠᠯ ᠰᠠᠬᠢᠯᠭ᠎ᠠ ᠪᠠᠲᠤ ᠪᠠᠷ ᠴᠢᠩᠭ᠎ᠠ᠂ ᠵᠣᠷᠢᠭᠲᠠᠢ ᠪᠠᠷ ᠦᠨᠡᠨ ᠢ ᠪᠠᠷᠢᠮᠲᠠᠯᠠᠨ ᠬᠠᠲᠠᠭᠤ ᠶᠢ ᠬᠦᠨᠳᠡᠬᠦ ︽ᠰᠢᠯᠢᠳᠡᠭ ᠴᠡᠷᠢᠭ ᠬᠦᠴᠦᠷᠬᠡᠭ ᠵᠠᠩᠵᠤᠨ︾ ᠢ ᠨᠠᠷᠢᠨ ᠬᠢᠨᠠᠮᠠᠭᠠᠢ ᠰᠣᠩᠭᠤᠨ ᠲᠣᠮᠢᠯᠠᠵᠤ ᠴᠠᠭᠳᠠᠨ ᠪᠠᠶᠢᠴᠠᠭᠠᠬᠤ ᠠᠵᠢᠯ ᠤᠨ ᠪᠠᠶᠢᠷᠢ ᠶᠢᠨ ᠠᠵᠢᠯ ᠳᠤ ᠨᠥᠬᠦᠪᠥᠷᠢᠯᠡᠵᠦ᠂ ᠴᠠᠭᠳᠠᠨ ᠪᠠᠶᠢᠴᠠᠭᠠᠬᠤ ᠠᠵᠢᠯ ᠤᠨ ᠪᠠᠶᠢᠷᠢ ᠶᠢᠨ ︽ᠬᠠᠶᠢᠯᠤᠭᠤᠯᠬᠤ ᠵᠤᠤᠬ᠎ᠠ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠯᠠᠭᠤ ᠺᠠᠳ᠋ᠷᠴᠤᠳ ᠤᠨ ᠠᠵᠢᠯ ᠶᠠᠪᠤᠳᠠᠯ ᠬᠢᠬᠦ ᠳᠤᠮᠳᠠ ᠴᠢᠳᠠᠪᠤᠷᠢ ᠪᠠᠨ ᠳᠡᠭᠡᠭᠰᠢᠯᠡᠭᠦᠯᠬᠦ᠂ ᠳᠠᠪᠲᠠᠨ ᠪᠣᠯᠪᠠᠰᠤᠷᠠᠭᠤᠯᠬᠤ ᠳᠤᠮᠳᠠ ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠲᠡᠮᠦᠷ ᠢ ᠳᠠᠪᠲᠠᠬᠤ ᠳᠤ ᠡᠷᠬᠡᠪᠰᠢ ᠥᠪᠡᠷ ᠢᠶᠠᠨ ᠬᠠᠲᠠᠭᠤ ᠪᠠᠶᠢᠬᠤ ᠶᠢ ᠢᠮᠠᠭᠲᠠ ᠪᠠᠷᠢᠮᠲᠠᠯᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠴᠠᠭᠳᠠᠨ ᠪᠠᠶᠢᠴᠠᠭᠠᠬᠤ ᠴᠢᠳᠠᠪᠤᠷᠢ ᠪᠣᠯᠤᠨ ᠠᠵᠢᠯ ᠤᠨ ᠲᠦᠪᠰᠢᠨ ᠢᠶᠠᠨ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃      ᠬᠤᠷᠠᠯ ᠤᠨ ᠡᠴᠦᠰ ᠲᠤ ᠴᠢᠬᠤᠯᠠᠴᠢᠯᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ᠂ ᠢᠯᠠᠩᠭᠤᠶ᠎ᠠ ᠬᠠᠩᠰᠢ ᠶᠢᠨ ᠬᠤᠭᠤᠴᠠᠭᠠᠨ ᠳᠤ᠂ ᠬᠥᠮᠦᠨ ᠬᠠᠷ᠎ᠠ ᠰᠢᠯᠵᠢᠬᠦ ᠪᠠᠭ᠎ᠠ ᠣᠷᠭᠢᠯ ᠦᠶ᠎ᠡ ᠲᠠᠢ ᠪᠠᠶᠢᠳᠠᠭ ᠪᠣᠯᠬᠤᠷ ᠡᠯ᠎ᠡ ᠰᠢᠶᠠᠩ ᠪᠠᠯᠭᠠᠰᠤ ᠶᠢᠨ ᠬᠢᠨ ᠪᠣᠯᠪᠠᠰᠤᠨ ᠢᠶᠠᠷ ᠲᠠᠬᠢᠯᠭ᠎ᠠ ᠬᠢᠬᠦ ᠶᠢ ᠢᠳᠡᠪᠬᠢᠲᠡᠶ ᠰᠠᠨᠠᠭᠠᠴᠢᠯᠠᠵᠤ᠂ ᠵᠠᠪᠠᠯ ᠨᠤᠲᠤᠭ ᠲᠠᠭᠠᠨ ᠪᠤᠴᠠᠬᠤ ᠥᠬᠡᠶ ᠪᠠᠶᠢᠬᠤ ᠬᠡᠷᠡᠭᠲᠡᠶ᠂ ᠠᠳᠠᠯᠢ ᠪᠤᠰᠤ ᠬᠠᠮᠲᠤᠯᠢᠭ ᠲᠤ ᠴᠢᠭᠯᠡᠭᠦᠯᠦᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠷᠢᠳᠴᠢᠯᠠᠨ ᠰᠠᠶᠢᠲᠤᠷ ᠨᠠᠶᠢᠳᠠᠪᠤᠷᠢᠵᠢᠭᠤᠯᠵᠤ᠂ ᠤᠯᠠᠭᠠᠨᠴᠠᠪ ᠬᠤᠲᠠ ᠠᠴᠠ ᠭᠠᠳᠠᠨᠠᠬᠢ ᠨᠤᠲᠤᠭ ᠲᠠᠭᠠᠨ ᠪᠤᠴᠠᠭᠰᠠᠳ ᠢ ᠪᠦᠷᠢᠳᠬᠡᠨ ᠳᠠᠩᠰᠠᠯᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠡᠷᠡᠰ ᠪᠠᠲᠤ ᠰᠠᠬᠢᠬᠤ ᠬᠡᠷᠡᠭᠲᠡᠶ᠃      ᠰᠢᠶᠠᠨ ᠤ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠬᠤ ᠨᠥᠬᠦᠳ᠂ ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ᠂ ᠰᠢᠭᠦᠬᠦ ᠬᠤᠷᠢᠶ᠎ᠠ ᠪᠠᠶᠢᠴᠠᠭᠠᠬᠤ ︽ᠬᠤᠶᠠᠷ ᠳᠠᠷᠤᠭ᠎ᠠ︾᠂ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠵᠢᠴᠢ ᠡᠯ᠎ᠡ ᠰᠢᠶᠠᠩ ᠪᠠᠯᠭᠠᠰᠤ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3