ᠮᠠᠨ ᠤ ᠰᠢᠶᠠᠨ 2022 ᠣᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠲᠠᠶᠢᠴᠢᠯᠠᠯᠳᠠ ᠶᠢᠨ ᠬᠤᠷᠠᠯ ᠵᠢᠴᠢ ᠣᠳᠣᠬᠠᠨ ᠤ ᠲᠠᠷᠢᠶᠠᠯᠠᠩ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/30
     2022 ᠣᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠪᠦᠬᠦ ᠰᠢᠶᠠᠨ ᠤ ᠮᠠᠯ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠶᠢᠨ ᠲᠥᠯᠥᠭᠡ᠂ 3 ᠰᠠᠷ᠎ᠠ ᠶᠢᠨ 29 ᠤ ᠡᠳᠦᠷ᠂ ᠮᠠᠨ ᠤ ᠰᠢᠶᠠᠨ 2022 ᠣᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠵᠢᠴᠢ ᠣᠳᠣᠬᠠᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠥᠩ ᠰᠢᠤ ᠯᠦᠩ ᠬᠤᠷᠠᠯ ᠢ ᠡᠷᠭᠢᠯᠡᠪᠡ᠃
     ᠬᠤᠷᠠᠯ ᠠᠴᠠ ᠣᠳᠣᠬᠠᠨ ᠤ ᠮᠠᠨ ᠤ ᠰᠢᠶᠠᠨ ᠤ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠶᠢ ᠵᠠᠳᠠᠯᠵᠤ᠂ ᠡᠨᠡ ᠵᠢᠯ ᠤᠨ ᠬᠠᠪᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠠᠶᠢᠳᠠᠯ ᠢ ᠲᠣᠳᠣᠷᠬᠠᠶ ᠲᠠᠨᠢᠵᠤ᠂ ᠮᠠᠨ ᠤ ᠰᠢᠶᠠᠨ ᠤ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠤᠷᠲᠤ ᠬᠤᠭᠤᠴᠠᠭᠠᠲᠤ ᠴᠢᠨᠠᠷ᠂ ᠨᠠᠷᠢᠨ ᠪᠤᠳᠤᠯᠢᠶᠠᠨᠲᠤ ᠴᠢᠨᠠᠷ ᠪᠠ ᠪᠡᠷᠬᠡ ᠬᠠᠲᠠᠭᠤᠵᠢᠯᠲᠤ ᠴᠢᠨᠠᠷ ᠢ ᠭᠦᠢᠴᠡᠳ ᠲᠠᠨᠢᠬᠤ ᠬᠡᠷᠡᠭᠲᠡᠶ᠃ ᠰᠢᠩ ᠾᠧ ᠰᠢᠶᠠᠨ ᠪᠣᠯ ᠤᠯᠠᠮᠵᠢᠯᠠᠯᠲᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠣᠮᠣ ᠰᠢᠶᠠᠨ ᠪᠠᠶᠢᠵᠤ᠂ ᠭᠤᠷᠪᠠᠨ ᠮᠤᠵᠢ ᠶᠢᠨ ᠠᠭᠤᠯᠵᠠᠷ ᠭᠠᠵᠠᠷ ᠲᠤ ᠪᠠᠶᠢᠷᠢᠯᠠᠵᠤ᠂ ᠭᠠᠵᠠᠷ ᠵᠦᠶ ᠶᠢᠨ ᠪᠠᠶᠢᠷᠢᠯᠠᠯ ᠨᠢ ᠣᠨᠴᠠᠭᠠᠶ᠂ ᠮᠠᠯ ᠤᠨ ᠭᠦᠢᠯᠭᠡᠭᠡᠨ ᠤ ᠬᠡᠮᠵᠢᠶ᠎ᠡ ᠶᠡᠭᠡ᠂ ᠠᠮᠢᠲᠠᠨ ᠤ ᠬᠢᠵᠢᠭ ᠡᠪᠡᠳᠴᠢᠨ ᠠᠮᠠᠷᠬᠠᠨ ᠡᠭᠦᠰᠳᠡᠭ ᠰᠢᠶᠠᠨ ᠤ ᠬᠡᠪᠴᠢᠶᠡᠨ ᠤ ᠨᠢᠭᠡ ᠪᠣᠯᠤᠨ᠎ᠠ᠃ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠪᠣᠯᠤᠨ ᠡᠯ᠎ᠡ ᠰᠢᠶᠠᠩ ᠪᠠᠯᠭᠠᠰᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠤᠮᠳᠠ᠂ ︽ᠰᠡᠷᠭᠡᠶᠢᠯᠡᠬᠦ ᠪᠠᠷ ᠭᠤᠣᠯ ᠪᠣᠯᠭᠠᠬᠤ︾᠂ ︽ᠬᠠᠤᠯᠢ ᠶᠣᠰᠣᠭᠠᠷ ᠬᠢᠵᠢᠭ ᠢ ᠵᠠᠰᠠᠬᠤ︾ ᠴᠢᠭᠯᠡᠯᠲᠡ ᠶᠢ ᠪᠠᠷᠢᠮᠲᠠᠯᠠᠨ᠂ ᠠᠮᠢᠳᠠᠨ ᠤ ᠬᠢᠵᠢᠭ ᠢ ᠰᠡᠷᠭᠡᠶᠢᠯᠡᠬᠦ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠮᠢᠳᠠᠨ ᠤ ᠬᠢᠵᠢᠭ ᠢ ᠰᠡᠷᠭᠡᠶᠢᠯᠡᠬᠦ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠢᠳᠠᠨ ᠤ ᠬᠢᠵᠢᠭ ᠡᠪᠡᠳᠴᠢᠨ ᠤ ᠪᠠᠴᠢᠮ ᠪᠡᠯᠡᠳᠬᠡᠯ ᠲᠥᠰᠦᠯ ᠢ ᠪᠠᠶᠢᠭᠤᠯᠤᠨ ᠲᠡᠭᠦᠯᠳᠡᠷᠵᠢᠭᠦᠯᠵᠦ᠂ ᠠᠮᠢᠳᠠᠨ ᠤ ᠬᠦᠨᠳᠦ ᠶᠡᠭᠡ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠴᠠᠷᠤᠯᠲᠠ ᠬᠢᠯᠭᠡᠬᠦ ᠲᠦᠷᠢᠮ ᠢ ᠬᠡᠷᠡᠭᠵᠢᠭᠦᠯᠵᠦ᠂ ᠠᠮᠢᠳᠠᠨ ᠤ ᠡᠬᠢ ᠡᠭᠦᠰᠦᠯ ᠤᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠮᠠᠯ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠶᠡᠭᠡ ᠪᠠᠷ ᠪᠠᠲᠤᠯᠠᠨ᠎ᠠ︔ ᠬᠠᠷᠠᠯᠲᠠ ᠪᠠᠨ ᠲᠣᠳᠣᠷᠬᠠᠶ ᠲᠣᠭᠲᠠᠭᠠᠵᠤ᠂ ᠮᠠᠨ ᠤ ᠰᠢᠶᠠᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠡᠯ᠎ᠡ ᠰᠢᠶᠠᠩ ᠪᠠᠯᠭᠠᠰᠤ ᠨᠢ ︽ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠨᠢᠭᠤᠴᠠ ᠶᠢ ᠬᠠᠮᠠᠭᠠᠯᠠᠬᠤ ᠬᠡᠮᠵᠢᠶ᠎ᠡ᠂ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠶᠠᠰᠤ ᠴᠢᠨᠠᠷ ᠢ ᠪᠠᠲᠤᠯᠠᠬᠤ︾ ᠱᠠᠭᠠᠷᠳᠠᠯᠭ᠎ᠠ ᠶᠣᠰᠣᠭᠠᠷ᠂ ᠬᠠᠪᠤᠷ ᠤᠨ ᠰᠡᠷᠭᠡᠶᠢᠯᠡᠯᠲᠡ ᠶᠢᠨ ᠠᠵᠢᠯ ᠳᠤ ᠣᠷᠣᠭᠤᠯᠬᠤ ᠬᠡᠷᠡᠭᠲᠡᠶ︔ ᠵᠣᠭᠰᠣᠴᠠ ᠪᠠᠨ ᠳᠡᠭᠡᠭᠰᠢᠯᠡᠭᠦᠯᠵᠦ᠂ ᠮᠠᠨ ᠤ ᠰᠢᠶᠠᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃      ᠣᠳᠣᠬᠠᠨ ᠤ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠲᠠᠯ᠎ᠠ ᠪᠠᠷ᠂ ᠬᠤᠷᠠᠯ ᠠᠴᠠ ᠵᠢᠭᠠᠵᠤ ᠭᠠᠷᠭᠠᠭᠰᠠᠨ ᠨᠢ᠂ 3 ᠰᠠᠷ᠎ᠠ ᠶᠢᠨ 15 ᠤ ᠡᠳᠦᠷ ᠠᠴᠠ ᠡᠬᠢᠯᠡᠨ᠂ ᠮᠠᠨ ᠤ ᠰᠢᠶᠠᠨ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠪᠦᠬᠦ ᠲᠠᠯ᠎ᠠ ᠪᠠᠷ ᠣᠷᠣᠵᠤ᠂ ᠢᠯᠠᠩᠭᠤᠶ᠎ᠠ ᠬᠠᠩᠰᠢ ᠶᠢᠨ ᠡᠳᠦᠷ᠂ ᠭᠠᠯ ᠤᠨ ᠭᠠᠮᠰᠢᠭ ᠤᠨ ᠳᠠᠯᠳᠠ ᠬᠡᠮ ᠨᠡᠮᠡᠭᠳᠡᠵᠦ᠂ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠴᠢᠬᠤᠯᠠ ᠴᠢᠨᠠᠷ ᠪᠣᠯᠤᠨ ᠪᠠᠴᠢᠮ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠬᠠᠮᠢᠶ᠎ᠠ ᠪᠥᠬᠦᠶ ᠠᠵᠢᠯ ᠢ ᠡᠷᠲᠡᠬᠡᠨ ᠳᠣᠭᠢᠷᠠᠭᠤᠯᠤᠨ ᠪᠠᠶᠢᠷᠢᠯᠠᠭᠤᠯᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠰᠢᠶᠠᠩ ᠪᠠᠯᠭᠠᠰᠤ ᠨᠤᠭᠤᠳ ᠣᠶ ᠰᠢᠭᠤᠶ ᠬᠠᠮᠠᠭᠠᠯᠠᠭᠴᠢ ᠵᠢᠨ‌ᠦᠢᠯᠡᠳᠦᠯ ᠢ ᠪᠠᠳᠠᠷᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠠᠲᠠᠷ ᠰᠢᠲᠠᠭᠠᠵᠤ ᠪᠣᠷᠲᠣᠭᠤᠷ ᠴᠤᠭᠯᠠᠭᠤᠯᠬᠤ᠂ ᠭᠠᠯ ᠰᠢᠷᠠᠵᠤ ᠬᠡᠭᠡᠷ᠎ᠡ ᠲᠣᠭᠯᠠᠬᠤ᠂ ᠬᠤᠭ ᠨᠣᠪᠰᠢ ᠰᠢᠲᠠᠭᠠᠬᠤ᠂ ᠡᠰᠢ ᠰᠦᠷᠡᠯ ᠰᠢᠲᠠᠭᠠᠬᠤ ᠵᠡᠷᠭᠡ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠤᠶᠢᠯᠡ ᠠᠵᠢᠯᠯᠠᠭ᠎ᠠ ᠶᠢ ᠴᠠᠭᠠᠵᠠᠯᠠᠵᠤ᠂ ᠠᠭᠤᠯᠠ ᠶᠢ ᠪᠢᠲᠡᠭᠦᠮᠵᠢᠯᠡᠬᠦ᠂ ᠬᠥᠮᠦᠨ ᠢ ᠬᠠᠷᠠᠬᠤ᠂ ᠭᠠᠯ ᠢ ᠬᠠᠮᠢᠶᠠᠷᠬᠤ ᠶᠢ ᠦᠨᠡᠨᠬᠦ ᠪᠠᠲᠤᠯᠠᠵᠤ᠂ ᠭᠠᠯ ᠤᠨ ᠢᠷᠡᠯᠲᠡ ᠶᠢᠨ ᠳᠠᠯᠳᠠ ᠬᠡᠮ ᠢ ᠡᠬᠢ ᠡᠭᠦᠰᠦᠯ ᠠᠴᠠ ᠨᠢ ᠠᠷᠢᠯᠭᠠᠬᠤ ᠬᠡᠷᠡᠭᠲᠡᠶ᠃      ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠠᠯ᠎ᠠ ᠪᠠᠷ᠂ ᠬᠤᠷᠠᠯ ᠠᠴᠠ ᠱᠠᠭᠠᠷᠳᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠳ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠰᠢᠶᠠᠩ ᠪᠠᠯᠭᠠᠰᠤ ᠨᠢᠭᠡᠪᠦᠷᠢ ᠶᠢᠨ ᠺᠠᠳ᠋ᠷ ᠪᠠ ᠭᠠᠴᠠᠭᠠᠨ ᠤ ᠠᠷᠠᠳ ᠤᠨ ᠵᠥᠪᠯᠡᠯ ᠤᠨ ᠺᠠᠳ᠋ᠷ ᠲᠤ ᠨᠠᠶᠢᠳᠠᠪᠤᠷᠢᠵᠢᠭᠤᠯᠤᠨ ᠂ ᠮᠠᠯ ᠰᠦᠷᠦᠭ ᠠᠴᠠ ᠭᠠᠷᠬᠤ ᠶᠢ ᠡᠷᠡᠰ ᠬᠤᠷᠢᠭᠯᠠᠬᠤ ᠬᠡᠷᠡᠭᠲᠡᠶ︔ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠤᠯᠠᠨ ᠲᠦᠮᠡᠨ ᠢ ᠦᠨᠡᠨ ᠬᠦ ᠬᠠᠪᠰᠤᠷᠴᠤ ᠪᠣᠳᠠᠲᠠᠶ ᠬᠦᠴᠢᠷᠳᠡᠯ ᠢ ᠨᠢ  ᠰᠢᠢᠳᠪᠤᠷᠢᠯᠡᠵᠤ ᠥᠭᠬᠦ ᠬᠡᠷᠡᠭᠲᠡᠶ ︔ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠰᠢᠶᠠᠯᠠᠨ ᠲᠡᠵᠢᠭᠡᠬᠦ ᠪᠠ ᠦᠢᠯᠡᠳᠪᠦᠷᠢᠯᠡᠯ ᠢ ᠬᠥᠭᠵᠢᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠬᠠᠷᠢᠴᠠᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠥᠷᠭᠡᠨ ᠤᠯᠠᠨ ᠲᠦᠮᠡᠨ ᠢ ᠬᠠᠪᠰᠤᠷᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠳᠤᠮᠳᠠᠬᠢ ᠪᠣᠳᠠᠲᠠᠶ ᠬᠦᠴᠢᠷᠳᠡᠯ ᠪᠠ ᠠᠰᠠᠭᠤᠳᠠᠯ ᠢ ᠨᠢ ᠰᠠᠶᠢᠲᠤᠷ ᠰᠢᠢᠳᠪᠤᠷᠢᠯᠡᠵᠤ ᠥᠭᠬᠦ ᠬᠡᠷᠡᠭᠲᠡᠶ᠃ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠪᠡᠰᠦᠨ ᠤ ᠦᠢᠯᠡᠰ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠮᠠᠯ ᠤᠨ ᠦᠢᠯᠡᠰ ᠤᠨ ᠪᠦᠲᠦᠴᠡ ᠶᠢ ᠶᠡᠭᠡ ᠪᠠᠷ ᠲᠣᠬᠢᠷᠠᠭᠤᠯᠵᠤ᠂ ᠡᠪᠡᠰᠦ ᠪᠣᠷᠳᠤᠭ᠎ᠠ ᠶᠢᠨ ᠲᠠᠷᠢᠮᠠᠯ ᠤᠨ ᠲᠠᠯᠠᠪᠠᠢ ᠶᠢᠨ ᠲᠠᠷᠢᠮᠠᠯ ᠤᠨ ᠦᠢᠯᠡᠰ ᠲᠠᠬᠢ ᠬᠤᠪᠢ ᠶᠢᠨ ᠵᠢᠩ ᠢ ᠨᠡᠮᠡᠭᠳᠡᠭᠦᠯᠵᠦ᠂ ᠬᠠᠰᠢᠶᠠᠯᠠᠨ ᠲᠡᠵᠢᠭᠡᠵᠦ ᠬᠠᠰᠢᠶᠠᠯᠠᠨ ᠲᠡᠵᠢᠭᠡᠬᠦ ᠳᠤ ᠡᠪᠡᠰᠦ ᠪᠣᠷᠳᠤᠭ᠎ᠠ ᠶᠢᠨ ᠪᠠᠲᠤᠯᠠᠭ᠎ᠠ ᠶᠢ ᠬᠠᠩᠭᠠᠬᠤ ᠬᠡᠷᠡᠭᠲᠡᠶ᠃      ᠬᠤᠷᠠᠯ ᠠᠴᠠ ᠱᠠᠭᠠᠷᠳᠠᠭᠰᠠᠨ ᠨᠢ᠂ ᠭᠤᠤᠯ ᠤᠨ ᠵᠠᠮ ᠢ ᠵᠠᠰᠠᠬᠤ ᠠᠵᠢᠯ ᠤᠨ ᠲᠠᠯ᠎ᠠ ᠪᠠᠷ᠂ ᠡᠯ᠎ᠡ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠤᠭᠤᠳ ᠭᠤᠤᠯ ᠤᠨ ᠵᠠᠮ ᠠᠴᠠ ᠬᠠᠶᠢᠷ ᠮᠠᠯᠲᠠᠬᠤ ᠠᠵᠢᠯ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠪᠤᠰᠤ ᠪᠠᠷ ᠬᠠᠶᠢᠷ ᠮᠠᠯᠲᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ︔ ᠡᠯ᠎ᠡ ᠰᠢᠶᠠᠩ ᠪᠠᠯᠭᠠᠰᠤ ᠡᠷᠬᠡᠪᠰᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠦᠢᠯᠡᠳᠦᠨ ᠬᠡᠷᠡᠭᠯᠡᠬᠦ ᠶᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ︽ᠭᠤᠷᠪᠠ ᠶᠢ ᠪᠠᠶᠢᠴᠠᠭᠠᠬᠤ᠂ ᠭᠤᠷᠪᠠ ᠶᠢ ᠴᠡᠪᠡᠷᠯᠡᠬᠦ᠂ ᠭᠤᠷᠪᠠ ᠶᠢ ᠵᠠᠰᠠᠵᠤ ᠭᠤᠷᠪᠠ ᠶᠢ ᠬᠠᠮᠢᠶᠠᠷᠬᠤ︾ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠳᠤᠷ᠎ᠠ ᠪᠠᠷ ᠢᠶᠠᠨ ᠵᠠᠰᠠᠬᠤ︾ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠳᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠡᠷᠡᠰ ᠬᠤᠷᠢᠭᠯᠠᠬᠤ ᠬᠡᠷᠡᠭᠲᠡᠢ᠃ ᠬᠠᠮᠢᠶ᠎ᠠ ᠪᠦᠬᠦᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠤᠭᠲᠤᠬᠤ ᠬᠡᠷᠡᠭᠲᠡᠢ᠃      ᠬᠤᠷᠠᠯ ᠳᠡᠭᠡᠷ᠎ᠡ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠬᠠᠷᠢᠭᠤᠴᠠᠯᠭᠠᠲᠠᠨ ᠬᠠᠪᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠠᠯ᠎ᠠ ᠪᠠᠷ ᠪᠣᠳᠠᠲᠠᠶ ᠪᠠᠶᠢᠷᠢᠯᠠᠭᠤᠯᠤᠯᠲᠠ ᠬᠢᠵᠡᠶ᠃᡽ᠰᠢᠶᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠠᠷᠢᠭᠤᠴᠠᠯᠭᠠᠲᠠᠨ ᠠᠴᠠ ᠣᠳᠣᠬᠠᠨ ᠤ ᠪᠦᠬᠦ ᠰᠢᠶᠠᠨ ᠤ ᠠᠮᠢᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠵᠢᠴᠢ ᠠᠶᠤᠯ ᠲᠦᠭᠰᠢᠭᠦᠷᠢ ᠶᠢᠨ ᠲᠤᠬᠠᠢ ᠲᠦᠭᠦᠮ ᠢᠶᠠᠷ ᠵᠠᠷᠯᠠᠨ ᠮᠡᠳᠡᠭᠳᠡᠪᠡ︔ ᠡᠯ᠎ᠡ ᠰᠢᠶᠠᠩ ᠪᠠᠯᠭᠠᠰᠤ ᠠᠮᠢᠳᠠᠨ ᠤ ᠬᠢᠵᠢᠭ ᠢ ᠰᠡᠷᠭᠡᠶᠢᠯᠡᠬᠦ ᠠᠵᠢᠯ ᠤᠨ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃ ᠬᠤᠷᠠᠯ ᠠᠴᠠ ᠪᠠᠰᠠ ᠣᠳᠣᠬᠠᠨ ᠤ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ᠂ ᠭᠤᠣᠯ ᠤᠨ ᠵᠠᠮ ᠢ ᠵᠠᠰᠠᠬᠤ ᠠᠵᠢᠯ᠂ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢᠨ ᠪᠣᠬᠢᠷᠲᠤᠯ ᠢ ᠵᠠᠰᠠᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠲᠤᠬᠢᠷᠠᠭᠤᠯᠤᠯᠲᠠ ᠬᠢᠵᠡᠢ᠃      ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3