ᠮᠠᠨ ᠤ ᠰᠢᠶᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠰᠣᠷᠢᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/3/31
     ᠬᠠᠪᠤᠷ ᠤᠨ ᠤᠯᠠᠷᠢᠯ ᠪᠣᠯ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠤᠨ᠎ᠠ᠃ ᠮᠠᠨ ᠤ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠬᠠᠮᠲᠤᠷᠠᠨ ᠵᠢᠯᠣᠭᠤᠳᠬᠤ ᠪᠠ ᠭᠡᠨᠡᠳᠲᠡ ᠶᠢᠨ ᠪᠠᠶᠢᠳᠠᠯ ᠢ ᠰᠢᠢᠳᠪᠤᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 30 ᠤ ᠡᠳᠦᠷ᠂ ᠰᠢᠩ ᠾᠧ ᠰᠢᠶᠠᠨ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠰᠣᠷᠢᠯᠲᠠ ᠶᠢ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠾᠧ ᠶᠢᠩ ᠽᠢ ᠰᠣᠷᠢᠯᠲᠠ ᠶᠢᠨ ᠠᠵᠢᠯᠯᠠᠭ᠎ᠠ ᠳᠤ ᠣᠷᠣᠯᠴᠠᠪᠠ᠃
     ᠲᠣᠰ ᠤᠳᠠᠭᠠᠨ ᠤ ᠰᠣᠷᠢᠯᠲᠠ ᠳᠤ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠳᠠᠭᠤᠷᠢᠶᠠᠨ ᠭᠠᠷᠭᠠᠬᠤ ᠪᠠᠷ ᠠᠷᠤ ᠦᠵᠡᠭᠳᠡᠯ ᠪᠣᠯᠭᠠᠵᠤ᠂ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠬᠤ ᠬᠦᠴᠦᠨ ᠢ ᠲᠥᠪᠯᠡᠷᠡᠭᠦᠯᠬᠦ᠂ ᠭᠠᠯ ᠤᠨᠲᠠᠷᠠᠭᠠᠬᠤ ᠠᠵᠢᠯᠯᠠᠭ᠎ᠠ ᠥᠷᠨᠢᠭᠦᠯᠬᠦ ᠪᠠ ᠭᠠᠯ ᠤᠨ ᠲᠠᠯᠠᠪᠠᠶ ᠶᠢ ᠴᠡᠪᠡᠷᠯᠡᠬᠦ ᠲᠠᠯ᠎ᠠ ᠪᠠᠷ ᠬᠠᠨᠳᠤᠯᠭᠠᠲᠤ ᠴᠢᠨᠠᠷᠲᠠᠶ ᠰᠣᠷᠢᠯᠲᠠ ᠬᠢᠵᠡᠶ᠃ ᠰᠣᠷᠢᠯᠲᠠ ᠳᠤ᠂ ᠭᠠᠯ ᠰᠡᠷᠭᠡᠶᠢᠯᠡᠬᠦ ᠠᠩᠬᠢ ᠶᠢᠨ ᠬᠢᠨ ᠲᠤᠬᠠᠢ ᠶᠢᠨ ᠲᠠᠯᠠᠪᠠᠢ ᠳᠤ ᠲᠦᠷᠭᠡᠨ ᠬᠦᠷᠬᠦ ᠶᠢᠨ ᠬᠠᠮᠲᠤ ᠭᠠᠯ ᠤᠨᠲᠠᠷᠠᠭᠠᠭᠤᠷ᠂ ᠭᠠᠯ ᠤᠨᠲᠠᠷᠠᠭᠠᠬᠤ ᠤᠰᠤᠨ ᠬᠥᠭᠡᠷᠭᠡ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠵᠦ᠂ ᠲᠦᠷᠭᠡᠨ ᠬᠤᠷᠳᠤᠴᠠ ᠲᠠᠢ᠂ ᠠᠮᠤᠷ ᠲᠦᠪᠰᠢᠨ᠂ ᠡᠮᠬᠢ ᠵᠢᠷᠤᠮ ᠲᠠᠢ ᠪᠠᠷ ᠳᠠᠭᠤᠷᠢᠶᠠᠮᠠᠯ ᠭᠠᠯ ᠤᠨᠲᠠᠷᠠᠭᠠᠬᠤ ᠶᠢᠨ ᠬᠠᠮᠲᠤ ᠦᠯᠡᠳᠡᠭᠰᠡᠨ ᠭᠠᠯ ᠢ ᠴᠡᠪᠡᠷᠯᠡᠬᠦ ᠂ ᠲᠤᠬᠠᠢ ᠶᠢᠨ ᠲᠠᠯᠠᠪᠠᠢ ᠳᠤ ᠦᠯᠡᠳᠡᠨ ᠰᠠᠬᠢᠬᠤ ᠵᠡᠷᠭᠡ ᠠᠵᠢᠯ ᠢ ᠰᠠᠶᠢᠲᠤᠷ ᠬᠢᠵᠡᠢ᠃ ᠪᠦᠬᠦ᠋ᠢᠯᠡ ᠰᠣᠷᠢᠯᠲᠠ ᠶᠢᠨ ᠶᠠᠪᠤᠴᠠ ᠨᠢ ᠪᠠᠴᠢᠮ ᠪᠥᠭᠡᠳ ᠡᠮᠬᠢ ᠵᠢᠷᠤᠮ ᠲᠠᠢ ᠪᠠᠶᠢᠵᠤ᠂ ᠭᠠᠯ ᠰᠡᠷᠭᠡᠶᠢᠯᠡᠬᠦ ᠠᠩᠭᠢ ᠶᠢᠨ ᠬᠢᠨ ᠤ ᠲᠤᠰᠬᠠᠯ ᠲᠦᠷᠭᠡᠨ ᠪᠠᠶᠢᠯ᠎ᠠ᠃      ᠾᠧ ᠶᠢᠩ ᠽᠢ ᠴᠢᠬᠤᠯᠠᠴᠢᠯᠠᠭᠰᠠᠨ ᠨᠢ  ᠂ ᠣᠳᠣᠬᠠᠨ ᠳᠤ ᠨᠢᠭᠡᠨᠲᠡ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠠᠶᠤᠯ ᠤᠨ ᠬᠤᠭᠤᠴᠠᠭᠠᠨ ᠳᠤ ᠣᠷᠣᠵᠠᠢ᠂ ᠡᠯ᠎ᠡ ᠨᠢᠭᠡᠴᠡ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠲᠤᠰᠬᠠᠢ ᠭᠠᠯ ᠤᠨᠲᠠᠷᠠᠭᠠᠬᠤ ᠡᠩᠨᠡᠭᠡ ᠶᠢᠨ ᠪᠠᠶᠢᠭᠤᠯᠤᠯᠲᠠ ᠪᠣᠯᠤᠨ ᠡᠳᠦᠷ ᠲᠤᠳᠤᠮ ᠤᠨ ᠪᠣᠯᠪᠠᠰᠤᠷᠠᠯ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠬᠤ ᠬᠡᠷᠡᠭᠲᠡᠢ ︔ ᠡᠭᠦᠨ ᠤ ᠬᠠᠮᠲᠤ᠂ ᠭᠠᠯ ᠤᠨᠲᠠᠷᠠᠭᠠᠬᠤ ᠠᠩᠭᠢ ᠶᠢᠨ ᠬᠢᠨ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ᠂ ᠪᠠᠭᠠᠵᠢ ᠬᠡᠷᠡᠭᠰᠡᠯ ᠢ ᠬᠡᠷᠡᠭᠯᠡᠨ ᠬᠡᠷᠡᠭᠯᠡᠬᠦ ᠶᠢ ᠪᠣᠯᠪᠠᠰᠤᠷᠠᠩᠭᠤᠶ ᠡᠵᠡᠮᠰᠢᠵᠦ᠂ ᠭᠠᠯ ᠭᠠᠷᠤᠮᠠᠭᠴᠠ ᠳᠠᠷᠤᠶ ᠲᠦᠷᠭᠡᠨ ᠬᠥᠳᠡᠯᠬᠦ ᠶᠢ ᠪᠠᠲᠤᠯᠠᠵᠤ᠂ ᠣᠶ ᠰᠢᠭᠤᠶ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ᠃      ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠵᠢᠶᠤᠤ ᠴᠦᠨ ᠶᠦᠩ᠂ ᠤᠢ ᠰᠢᠭᠤᠢ ᠡᠪᠡᠰᠦ ᠪᠡᠯᠴᠢᠭᠡᠷ ᠤᠨ ᠲᠤᠪᠴᠢᠶ᠎ᠡ᠂ ᠭᠠᠯ ᠤᠨᠲᠠᠷᠠᠭᠠᠬᠤ ᠶᠡᠭᠡ ᠠᠩᠬᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠡ ᠶᠢᠨ ᠬᠠᠷᠢᠭᠤᠴᠠᠯᠭᠠᠲᠠᠨ ᠨᠥᠬᠦᠳ ᠰᠣᠷᠢᠯᠲᠠ ᠶᠢᠨ ᠠᠵᠢᠯᠯᠠᠭ᠎ᠠ ᠳᠤ ᠣᠷᠣᠯᠴᠠᠪᠠ᠃               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3