ᠰᠢᠩ ᠡᡁᠧ ᠰᠢᠶᠠᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠳᠥᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/31
     ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠳᠥᠷᠪᠡᠳᠦᠭᠡᠷ᠂ ᠲᠠᠪᠤᠳᠤᠭᠠᠷ ᠬᠤᠷᠠᠯ ᠤᠨ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠳᠥᠷᠪᠡᠳᠦᠭᠡᠷ ᠬᠤᠷᠠᠯ ᠢ ᠤᠯᠠᠮᠵᠢᠯᠠᠨ ᠰᠤᠷᠤᠯᠴᠠᠪᠠ︔ 2021 ᠣᠨ ᠤ ᠪᠥᠬᠦ ᠰᠢᠶᠠᠨ ᠤ ᠬᠢᠨᠠᠨ ᠪᠤᠳᠤᠬᠤ ᠠᠵᠢᠯ ᠤᠨ ᠪᠠᠶᠢᠳᠠᠯ ᠵᠢᠴᠢ 2022 ᠣᠨ ᠤ ᠠᠵᠢᠯ ᠤᠨ ᠲᠣᠬᠢᠷᠠᠭᠤᠯᠤᠯᠲᠠ ᠶᠢ ᠰᠣᠨᠣᠰᠴᠤ᠂ ︽ᠰᠢᠩ ᠾᠧ ᠰᠢᠶᠠᠨ ᠤ ᠬᠢᠨᠠᠨ ᠪᠤᠳᠤᠬᠤ ᠲᠣᠪᠴᠢᠶ᠎ᠠ ᠶᠢᠨ 2022 ᠣᠨ ᠤ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠶᠢ ᠨᠢᠭᠡᠳᠦᠯᠲᠡᠶ ᠵᠣᠬᠢᠶᠠᠨ ᠪᠠᠶᠢᠭᠤᠯᠵᠤ ᠬᠡᠷᠡᠭᠵᠢᠭᠦᠯᠬᠦ︾ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃
     ᠬᠤᠷᠠᠯ ᠠᠴᠠ ᠴᠢᠬᠤᠯᠠᠴᠢᠯᠠᠭᠰᠠᠨ ᠨᠢ᠂ ᠬᠢᠨᠠᠨ ᠪᠤᠳᠤᠬᠤ ᠪᠣᠯ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠪᠦᠬᠦ ᠰᠢᠶᠠᠨ ᠤ ᠬᠢᠨᠠᠨ ᠪᠤᠳᠤᠬᠤ ᠪᠠᠶᠢᠭᠤᠯᠤᠯᠭ᠎ᠠ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠬᠢᠨᠠᠨ ᠪᠤᠳᠤᠬᠤ ᠬᠢᠨᠠᠯᠲᠠ ᠶᠢᠨ ︽ᠤᠯᠤᠰ ᠲᠦᠷᠦᠴᠢ ᠴᠢᠨᠠᠷ︾ ᠢ ᠦᠨᠡᠨᠬᠦ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠬᠤᠳᠠ ᠶᠢᠨ ᠨᠠᠮ ᠤᠨ ᠬᠤᠷᠢᠶ᠎ᠡ ᠶᠢᠨ ᠬᠢᠨᠠᠨ ᠪᠤᠳᠤᠬᠤ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠠᠵᠢᠯ ᠲᠠᠢ ᠤᠶᠠᠯᠳᠤᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠤᠯᠤᠰ ᠲᠦᠷᠦ ᠶᠢᠨ ᠱᠠᠭᠠᠷᠳᠠᠯᠭ᠎ᠠ ᠶᠢ ᠬᠢᠨᠠᠨ ᠪᠤᠳᠤᠬᠤ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠬᠤ ᠶᠢ ᠡᠷᠡᠰ ᠪᠡᠶᠡᠯᠡᠭᠦᠯᠬᠦ ᠬᠡᠷᠡᠭᠲᠡᠢ᠃ ᠬᠢᠨᠠᠨ ᠪᠤᠳᠤᠬᠤ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠡᠭᠦᠷᠭᠡ ᠬᠠᠷᠢᠭᠤᠴᠠᠯᠭ᠎ᠠ ᠪᠠᠨ ᠰᠡᠳᠬᠢᠯ ᠳᠡᠭᠡᠨ ᠪᠤᠳᠤᠵᠤ᠂ ᠬᠠᠷᠢᠭᠤᠴᠠᠯᠭ᠎ᠠ ᠪᠠᠨ ᠮᠥᠷᠥᠨ ᠳᠡᠭᠡᠷ᠎ᠡ ᠪᠠᠨ ᠡᠭᠦᠷᠴᠦ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠣᠳᠣᠯᠲᠠ ᠶᠢᠨ ᠬᠢᠨᠠᠯᠲᠠ ᠶᠢᠨ ︽ᠬᠠᠨᠳᠤᠯᠭᠠᠲᠤ ᠴᠢᠨᠠᠷ︾ ᠢ ᠴᠢᠩᠭᠠᠳᠬᠠᠵᠤ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠠᠮᠠᠭᠠᠯᠠᠬᠤ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠬᠤ ᠵᠡᠷᠭᠡ ᠲᠠᠯ᠎ᠠ ᠪᠠᠷ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ︽ᠬᠠᠮᠤᠭ ᠤᠨ ᠲᠦᠷᠦᠭᠦᠨ ᠳᠤ ᠨᠢᠭᠡ ᠺᠢᠯᠣᠮᠧᠲᠷ︾ ᠢ ᠲᠣᠭᠲᠠᠭᠠᠬᠤ ᠠᠴᠠ ︽ᠬᠠᠮᠤᠭ ᠤᠨ ᠰᠡᠭᠦᠯᠴᠢ ᠶᠢᠨ ᠨᠢᠭᠡ ᠺᠢᠯᠣᠮᠧᠲᠷ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠡᠷᠡᠭᠵᠢᠭᠦᠯᠬᠦ ᠪᠥᠬᠦ ᠴᠤᠪᠤᠷᠠᠯ᠂ ᠪᠥᠬᠦ ᠬᠡᠯᠬᠢᠶᠡᠰᠦ ᠪᠠᠷ ᠮᠥᠷᠳᠡᠨ ᠬᠢᠨᠠᠯᠲᠠ ᠲᠠᠯᠪᠢᠬᠤ ᠬᠦᠷᠲᠡᠯ᠎ᠡ᠂ ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠠᠶᠤᠯ ᠲᠦᠭᠰᠢᠭᠦᠷᠢ ᠶᠢᠨ ᠳᠠᠯᠳᠠ ᠬᠡᠮ ᠢ ᠢᠯᠡᠷᠡᠭᠦᠯᠦᠨ ᠠᠷᠢᠯᠭᠠᠵᠤ᠂ ᠠᠷᠠᠳ ᠤᠨ ᠠᠮᠢᠳᠤᠷᠠᠯ ᠤᠨ ᠪᠠᠯᠠ ᠮᠥᠩᠭᠦ ᠶᠢᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠠᠷᠠᠳ ᠣᠯᠠᠨ ᠤ ᠠᠰᠢᠭ ᠲᠤᠰᠠ ᠶᠢ ᠬᠠᠮᠠᠭᠠᠯᠠᠨ᠂ ᠤᠯᠤᠰ ᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠬᠢᠨᠠᠨ ᠪᠤᠳᠤᠬᠤ ᠠᠵᠢᠯ ᠳᠤ ᠬᠠᠮᠵᠢᠯᠴᠠᠬᠤ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠬᠢᠨᠠᠨ ᠪᠤᠳᠤᠬᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠬᠢᠨᠠᠨ ᠪᠤᠳᠤᠯᠲᠠ ᠬᠢᠯᠭᠡᠭᠰᠡᠨ ᠨᠢᠭᠡᠴᠡ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠤᠷᠢᠯᠡᠬᠦ ᠶᠢ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠬᠢᠨᠠᠨ ᠪᠤᠳᠤᠯᠲᠠ ᠶᠢᠨ ᠬᠢᠨᠠᠯᠲᠠ ᠶᠢᠨ ︽ᠰᠡᠭᠦᠯᠴᠢ ᠶᠢᠨ ᠬᠠᠭᠠᠰ ᠠᠵᠢᠯ︾ ᠢ ᠰᠠᠶᠢᠲᠤᠷ ᠬᠢᠬᠦ ᠬᠡᠷᠡᠭᠲᠡᠶ︔ ᠬᠢᠨᠠᠨ ᠪᠤᠳᠤᠬᠤ ᠪᠠᠶᠢᠭᠤᠯᠤᠯᠭ᠎ᠠ ᠨᠤᠭᠤᠳ ᠰᠢᠮᠳᠠᠭᠤᠯᠤᠨ ᠪᠠᠶᠢᠴᠠᠭᠠᠬᠤ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢᠨ ︽ᠡᠷᠬᠢᠨ ᠬᠠᠷᠠᠬᠤ︾ ᠶᠢ ᠯᠠᠪᠳᠠᠭᠤᠨ ᠪᠠᠲᠤᠲᠠᠶ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠲᠠᠢ ᠨᠢᠭᠡᠴᠡ ᠶᠢᠨ ᠨᠢᠭᠡ ᠠᠴᠠ ᠨᠦᠬᠦᠭᠡ ᠶᠢ ᠮᠡᠳᠡᠬᠦ ᠶᠢ ᠠᠬᠢᠭᠤᠯᠤᠨ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠶ ᠠᠭᠤᠳᠠᠯᠵᠤ᠂ ᠴᠢᠩᠭ᠎ᠠ ᠬᠦᠴᠦᠲᠡᠶ ᠮᠥᠷᠳᠡᠨ ᠪᠠᠶᠢᠴᠠᠭᠠᠬᠤ ᠪᠠᠷ ᠳᠡᠮᠵᠢᠨ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠳᠤ ᠰᠠᠶᠢᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠪᠦᠬᠦ ᠰᠢᠶᠠᠨ ᠤ ᠬᠢᠨᠠᠨ ᠪᠤᠳᠤᠬᠤ ᠪᠠᠶᠢᠭᠤᠯᠤᠯᠭ᠎ᠠ ᠶᠢᠨ ᠬᠢᠨ ᠤᠯᠤᠰ ᠲᠦᠷᠦ ᠶᠢᠨ ᠪᠠᠶᠢᠭᠤᠯᠤᠯᠲᠠ᠂ ᠴᠢᠳᠠᠪᠤᠷᠢ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠯᠦᠭᠡ ᠶᠢᠨ ᠬᠠᠮᠵᠢᠯᠴᠠᠬᠤ ᠲᠣᠭᠲᠠᠴᠠ ᠶᠢ ᠴᠢᠩᠭᠠᠳᠬᠠᠵᠤ᠂ ᠤᠯᠤᠰ ᠲᠦᠷᠦ ᠶᠢᠨ ᠲᠠᠯ᠎ᠠ ᠪᠠᠷ ᠴᠠᠭᠠᠷᠠᠭᠰᠠᠨ᠂ ᠡᠷᠳᠡᠮ ᠴᠢᠳᠠᠪᠤᠷᠢ ᠪᠠᠷ ᠴᠠᠭᠠᠷᠠᠭᠰᠠᠨ᠂ ᠣᠪᠣᠷ ᠰᠤᠷᠲᠠᠯ ᠢᠶᠠᠷ ᠴᠠᠭᠠᠷᠠᠭᠰᠠᠨ ᠬᠢᠨᠠᠨ ᠪᠤᠳᠤᠬᠤ ᠡᠩᠨᠡᠭᠡ ᠶᠢ ᠬᠦᠴᠦᠯᠡᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠾᠧ ᠶᠢᠩ ᠽᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠸᠠᠩ ᠰᠢᠶᠤᠤ ᠵᠢᠶᠦ᠋ᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠹᠧᠩ ᠵᠢᠴᠢ ᠰᠢᠶᠠᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠡᠯ᠎ᠡ ᠳᠡᠳ᠋ ᠡᠷᠬᠢᠯᠡᠭᠴᠢ᠂ ᠭᠡᠰᠢᠭᠦᠳ ᠬᠤᠷᠠᠯ ᠳᠤ ᠣᠷᠣᠯᠴᠠᠪᠠ               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3