3 ᠰᠠᠷ᠎ᠠ ᠶᠢᠨ 4 ᠤ ᠡᠳᠦᠷ᠂ ᠰᠢᠩ ᠾᠧ ᠰᠢᠶᠠᠨ ᠤ ᠳ᠋ᠠ ᠲᠦᠩ ᠶᠣᠣ ᠰᠢᠶᠠᠩ ᠤᠨ ᠰᠢᠩ ᠱᠧᠩ ᠵᠤᠸᠠᠩ | ᠲᠣᠰᠬᠤᠨ ᠤ ᠬᠤᠶᠠᠳᠤᠭᠠᠷ ᠪᠦᠯᠦᠭ ᠤᠨ ᠠᠩᠭᠧᠰ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠢ ᠳᠤ ᠣᠷᠣᠪᠠ᠃ | ᠰᠢᠩ ᠡᡁᠧ ᠰᠢᠶᠠᠨ ᠤ ᠬᠤᠯᠪᠣᠭᠳᠠᠯ ᠪᠦᠬᠦᠢ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ | ᠲᠠᠯᠪᠢᠵᠤ᠂ ᠳ᠋ᠠ ᠲᠦᠩ ᠶᠣᠣ ᠰᠢᠶᠠᠩ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠡᠰᠡᠭ ᠲᠣᠰᠬᠤᠨ ᠤ ᠨᠠᠮ ᠤᠨ | ᠡᠭᠦᠷ ᠤᠨ ᠱᠦᠵᠢ ᠠᠵᠢᠯᠯᠠᠭ᠎ᠠ ᠳᠤ ᠣᠷᠣᠯᠴᠠᠵᠠᠢ᠃ | | | ᠲᠣᠰ ᠪᠦᠯᠦᠭ ᠤᠨ 112 ᠠᠯᠠᠰᠢᠨ ᠦᠬᠡᠷ ᠪᠣᠯ ᠪᠥᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ | ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠦᠴᠦᠲᠡᠶ ᠵᠣᠬᠢᠴᠠᠭᠤᠯᠭ᠎ᠠ ᠳᠤᠤᠷ᠎ᠠ᠂ ᠠᠩᠬ᠎ᠠ ᠡᠭᠦᠳᠦᠭᠰᠡᠨ | ᠦᠨᠡᠲᠦ ᠲᠡᠮᠳᠡᠭᠲᠦ ᠶᠢᠨ ᠦᠨ᠎ᠡ ᠲᠥᠯᠥᠪᠦᠷᠢ ᠥᠬᠡᠶ ᠪᠠᠷ ᠬᠠᠨᠳᠢᠪᠯᠠᠭᠰᠠᠨ 200 ᠲᠦᠮᠡᠨ ᠲᠥᠭᠦᠷᠢᠭ ᠤᠨ ᠪᠠᠯᠠ | ᠮᠥᠩᠭᠦ ᠶᠢ ᠠᠰᠢᠭᠯᠠᠨ ᠬᠤᠳᠠᠯᠳᠤᠨ ᠠᠪᠴᠤ᠂ ᠰᠢᠶᠠᠩ ᠤᠨ ᠵᠠᠰᠠᠭ ᠤᠨ ᠣᠷᠳᠣᠨ ᠠᠴᠠ ᠬᠠᠷᠢᠭᠤᠴᠠᠨ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠰᠢᠩ ᠱᠧᠩ ᠮᠠᠯᠵᠢᠯ ᠤᠨ ᠲᠤᠰᠬᠠᠶ ᠬᠤᠷᠰᠢᠶ᠎ᠠ ᠳᠤ ᠲᠤᠰᠢᠶᠠᠨ ᠥᠭᠴᠦ ᠨᠠᠶᠢᠳᠠᠨ | ᠬᠠᠮᠢᠶᠠᠷᠤᠭᠤᠯᠤᠨ ᠲᠡᠵᠢᠭᠡᠯᠭᠡᠵᠦ᠂ ᠥᠮᠴᠢᠯᠡᠬᠦ ᠡᠷᠬᠡ ᠨᠢ ᠳ᠋ᠠ ᠲᠦᠩ ᠶᠣᠣ ᠰᠢᠶᠠᠩ ᠤᠨ ᠵᠠᠰᠠᠭ ᠤᠨ ᠣᠷᠳᠣᠨ ᠳᠤ | ᠥᠮᠴᠢᠯᠡᠭᠳᠡᠨ᠎ᠡ᠃ ᠨᠠᠶᠢᠳᠠᠨ ᠬᠠᠮᠢᠶᠠᠷᠤᠭᠤᠯᠬᠤ ᠬᠤᠭᠤᠴᠠᠭᠠᠨ ᠳᠤ᠂ ᠬᠤᠷᠰᠢᠶ᠎ᠠ ᠠᠴᠠ ᠵᠢᠯ ᠪᠦᠷᠢ 5 % 8 | % ᠶᠢᠨ ᠠᠰᠢᠭ ᠣᠷᠣᠯᠭ᠎ᠠ ᠶᠢ ᠪᠤᠴᠠᠭᠠᠨ ᠥᠭᠴᠦ᠂ ᠳ᠋ᠠ ᠲᠦᠩ ᠶᠣᠣ ᠰᠢᠶᠠᠩ ᠤᠨ 15 ᠵᠠᠰᠠᠭ ᠵᠠᠬᠢᠷᠭᠠᠨ ᠤ | ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ | ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠵᠠᠷᠤᠯᠭ᠎ᠠ ᠳᠤ ᠬᠡᠷᠡᠭᠯᠡᠨ᠎ᠡ᠃ | | ᠲᠠᠷᠠᠭᠠᠴᠢ ᠶᠢᠨ ᠠᠯᠬᠤᠮ ᠳᠤ᠂ ᠰᠢᠩ ᠾᠧ ᠰᠢᠶᠠᠨ ᠤ ᠳ᠋ᠠ ᠲᠦᠩ ᠶᠣᠣ ᠰᠢᠶᠠᠩ ᠲᠥᠷᠥᠯ ᠵᠤᠶᠢᠯ ᠢ | ᠬᠡᠷᠡᠭᠵᠢᠭᠦᠯᠬᠦ ᠠᠵᠠ ᠲᠣᠬᠢᠶᠠᠯ ᠢ ᠠᠮᠵᠢᠵᠤ᠂ ᠴᠢᠨᠠᠷ ᠰᠠᠶᠢᠲᠠᠶ ᠠᠯᠠᠰᠢᠨ ᠦᠬᠡᠷ ᠲᠡᠵᠢᠭᠡᠨ ᠦᠷᠡᠵᠢᠭᠦᠯᠬᠦ | ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠵᠦ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠬᠢᠷᠢ | ᠲᠦᠪᠰᠢᠨ ᠢ ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠵᠦ᠂ ᠣᠨᠴᠠᠯᠢᠭᠲᠤ | ᠲᠡᠵᠢᠭᠡᠨ ᠦᠷᠡᠵᠢᠭᠦᠯᠬᠦ ᠠᠵᠤ ᠤᠶᠢᠯᠡᠰ ᠤᠨ ᠬᠥᠭᠵᠢᠯᠲᠡ ᠶᠢ ᠠᠬᠢᠭᠤᠯᠵᠤ᠂ ᠲᠣᠰᠬᠤᠨ ᠤ ᠬᠠᠮᠲᠤ ᠶᠢᠨ ᠠᠵᠤ | ᠠᠬᠤᠶ ᠶᠢ ᠪᠤᠵᠠᠭᠠᠶᠢᠷᠠᠭᠤᠯᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠶᠢ ᠠᠬᠢᠭᠤᠯᠵᠤ᠂ | ᠠᠵᠤ ᠤᠶᠢᠯᠡᠰ ᠬᠥᠭᠵᠢᠭᠰᠡᠨ ᠰᠢᠨ᠎ᠡ ᠬᠥᠳᠡᠭᠡ ᠲᠣᠰᠬᠤᠨ ᠢ ᠪᠠᠶᠢᠭᠤᠯᠤᠨ᠎ᠠ᠃ | ᠵᠣᠬᠢᠶᠠᠭᠴᠢ᠄ ᠳ᠋ᠠ ᠲᠦᠩ ᠶᠣᠣ ᠰᠢᠶᠠᠩ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |