ᠰᠢᠩ ᠾᠧ ᠰᠢᠨ᠎ᠡ ᠠᠵᠤ ᠤᠶᠢᠯᠡᠰ ᠢ ᠡᠭᠦᠳᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠢᠷᠤᠭ ᠲᠥᠰᠦᠪ ᠢ ᠬᠠᠮᠲᠤᠪᠠᠷ ᠡᠭᠦᠳᠦᠶ᠎ᠡ
ᠨᠡᠶᠢᠲᠡᠯᠡᠭᠰᠡᠨ ᠴᠠᠭ᠄
2022/3/7
     3 ᠰᠠᠷ᠎ᠠ ᠶᠢᠨ 4 ᠤ ᠡᠳᠦᠷ᠂ ᠰᠢᠩ ᠾᠧ ᠰᠢᠶᠠᠨ ᠤ ᠳ᠋ᠠ ᠲᠦᠩ ᠶᠣᠣ ᠰᠢᠶᠠᠩ ᠤᠨ ᠰᠢᠩ ᠱᠧᠩ ᠵᠤᠸᠠᠩ ᠲᠣᠰᠬᠤᠨ ᠤ ᠬᠤᠶᠠᠳᠤᠭᠠᠷ ᠪᠦᠯᠦᠭ ᠤᠨ ᠠᠩᠭᠧᠰ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠢ ᠳᠤ ᠣᠷᠣᠪᠠ᠃ ᠰᠢᠩ ᠡᡁᠧ ᠰᠢᠶᠠᠨ ᠤ ᠬᠤᠯᠪᠣᠭᠳᠠᠯ ᠪᠦᠬᠦᠢ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠳ᠋ᠠ ᠲᠦᠩ ᠶᠣᠣ ᠰᠢᠶᠠᠩ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠡᠰᠡᠭ ᠲᠣᠰᠬᠤᠨ ᠤ ᠨᠠᠮ ᠤᠨ ᠡᠭᠦᠷ ᠤᠨ ᠱᠦᠵᠢ ᠠᠵᠢᠯᠯᠠᠭ᠎ᠠ ᠳᠤ ᠣᠷᠣᠯᠴᠠᠵᠠᠢ᠃
     ᠲᠣᠰ ᠪᠦᠯᠦᠭ ᠤᠨ 112 ᠠᠯᠠᠰᠢᠨ ᠦᠬᠡᠷ ᠪᠣᠯ ᠪᠥᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠦᠴᠦᠲᠡᠶ ᠵᠣᠬᠢᠴᠠᠭᠤᠯᠭ᠎ᠠ ᠳᠤᠤᠷ᠎ᠠ᠂ ᠠᠩᠬ᠎ᠠ ᠡᠭᠦᠳᠦᠭᠰᠡᠨ ᠦᠨᠡᠲᠦ ᠲᠡᠮᠳᠡᠭᠲᠦ ᠶᠢᠨ ᠦᠨ᠎ᠡ ᠲᠥᠯᠥᠪᠦᠷᠢ ᠥᠬᠡᠶ ᠪᠠᠷ ᠬᠠᠨᠳᠢᠪᠯᠠᠭᠰᠠᠨ 200 ᠲᠦᠮᠡᠨ ᠲᠥᠭᠦᠷᠢᠭ ᠤᠨ ᠪᠠᠯᠠ ᠮᠥᠩᠭᠦ ᠶᠢ ᠠᠰᠢᠭᠯᠠᠨ ᠬᠤᠳᠠᠯᠳᠤᠨ ᠠᠪᠴᠤ᠂ ᠰᠢᠶᠠᠩ ᠤᠨ ᠵᠠᠰᠠᠭ ᠤᠨ ᠣᠷᠳᠣᠨ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠩ ᠱᠧᠩ ᠮᠠᠯᠵᠢᠯ ᠤᠨ ᠲᠤᠰᠬᠠᠶ ᠬᠤᠷᠰᠢᠶ᠎ᠠ ᠳᠤ ᠲᠤᠰᠢᠶᠠᠨ ᠥᠭᠴᠦ ᠨᠠᠶᠢᠳᠠᠨ ᠬᠠᠮᠢᠶᠠᠷᠤᠭᠤᠯᠤᠨ ᠲᠡᠵᠢᠭᠡᠯᠭᠡᠵᠦ᠂ ᠥᠮᠴᠢᠯᠡᠬᠦ ᠡᠷᠬᠡ ᠨᠢ ᠳ᠋ᠠ ᠲᠦᠩ ᠶᠣᠣ ᠰᠢᠶᠠᠩ ᠤᠨ ᠵᠠᠰᠠᠭ ᠤᠨ ᠣᠷᠳᠣᠨ ᠳᠤ ᠥᠮᠴᠢᠯᠡᠭᠳᠡᠨ᠎ᠡ᠃ ᠨᠠᠶᠢᠳᠠᠨ ᠬᠠᠮᠢᠶᠠᠷᠤᠭᠤᠯᠬᠤ ᠬᠤᠭᠤᠴᠠᠭᠠᠨ ᠳᠤ᠂ ᠬᠤᠷᠰᠢᠶ᠎ᠠ ᠠᠴᠠ ᠵᠢᠯ ᠪᠦᠷᠢ 5 % 8 % ᠶᠢᠨ ᠠᠰᠢᠭ ᠣᠷᠣᠯᠭ᠎ᠠ ᠶᠢ ᠪᠤᠴᠠᠭᠠᠨ ᠥᠭᠴᠦ᠂ ᠳ᠋ᠠ ᠲᠦᠩ ᠶᠣᠣ ᠰᠢᠶᠠᠩ ᠤᠨ 15 ᠵᠠᠰᠠᠭ ᠵᠠᠬᠢᠷᠭᠠᠨ ᠤ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠵᠠᠷᠤᠯᠭ᠎ᠠ ᠳᠤ ᠬᠡᠷᠡᠭᠯᠡᠨ᠎ᠡ᠃      ᠲᠠᠷᠠᠭᠠᠴᠢ ᠶᠢᠨ ᠠᠯᠬᠤᠮ ᠳᠤ᠂ ᠰᠢᠩ ᠾᠧ ᠰᠢᠶᠠᠨ ᠤ ᠳ᠋ᠠ ᠲᠦᠩ ᠶᠣᠣ ᠰᠢᠶᠠᠩ ᠲᠥᠷᠥᠯ ᠵᠤᠶᠢᠯ ᠢ ᠬᠡᠷᠡᠭᠵᠢᠭᠦᠯᠬᠦ ᠠᠵᠠ ᠲᠣᠬᠢᠶᠠᠯ ᠢ ᠠᠮᠵᠢᠵᠤ᠂ ᠴᠢᠨᠠᠷ ᠰᠠᠶᠢᠲᠠᠶ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠵᠦ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠵᠦ᠂ ᠣᠨᠴᠠᠯᠢᠭᠲᠤ ᠲᠡᠵᠢᠭᠡᠨ ᠦᠷᠡᠵᠢᠭᠦᠯᠬᠦ ᠠᠵᠤ ᠤᠶᠢᠯᠡᠰ ᠤᠨ ᠬᠥᠭᠵᠢᠯᠲᠡ ᠶᠢ ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠶᠢ ᠠᠬᠢᠭᠤᠯᠵᠤ᠂ ᠠᠵᠤ  ᠤᠶᠢᠯᠡᠰ ᠬᠥᠭᠵᠢᠭᠰᠡᠨ ᠰᠢᠨ᠎ᠡ ᠬᠥᠳᠡᠭᠡ ᠲᠣᠰᠬᠤᠨ ᠢ ᠪᠠᠶᠢᠭᠤᠯᠤᠨ᠎ᠠ᠃      ᠵᠣᠬᠢᠶᠠᠭᠴᠢ᠄ ᠳ᠋ᠠ ᠲᠦᠩ ᠶᠣᠣ ᠰᠢᠶᠠᠩ      ᠤᠷᠴᠢᠭᠤᠯᠤᠭᠴᠢ᠄ ᠨᠠᠷᠠᠰᠤ      ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3