︽ᠰᠢᠩ ᠾᠧ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠲᠥᠯᠥᠪᠵᠢᠭᠦᠯᠭᠡ ᠶᠢᠨ ᠬᠡᠷᠡᠭᠵᠢᠭᠦᠯᠬᠦ ᠲᠥᠰᠦᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/3/9
     ︽ᠰᠢᠩ ᠾᠧ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠲᠥᠯᠥᠪᠵᠢᠭᠦᠯᠭᠡ ᠶᠢᠨ ᠬᠡᠷᠡᠭᠵᠢᠭᠦᠯᠬᠦ ᠲᠥᠰᠦᠯ︾ ︵ᠰᠢᠩ ᠵᠠᠰᠠᠭ ᠲᠠᠷᠬᠠᠭᠠᠭᠰᠠᠨ 20225 ᠳ᠋ᠤᠭᠠᠷ ᠲᠣᠭᠠᠲᠤ︶᠎ ᠢ ᠰᠢᠶᠠᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ 2022 ᠣᠨ ᠤ 1 ᠳ᠋ᠦᠭᠡᠷ ᠰᠠᠷ᠎ᠠ ᠶᠢᠨ 28᠎ ᠤ ᠡᠳᠦᠷ ᠳᠠᠷᠤᠮᠠᠯᠯᠠᠨ ᠲᠠᠷᠬᠠᠭᠠᠪᠠ᠂ ᠡᠳᠦᠭᠡ ᠲᠡᠭᠦᠨ ᠤ ᠬᠤᠯᠪᠣᠭᠳᠠᠯ ᠪᠥᠬᠦᠶ ᠠᠭᠤᠯᠭ᠎ᠠ ᠶᠢ ᠳᠤᠤᠷᠠᠬᠢ ᠮᠡᠲᠦ ᠲᠠᠶᠢᠯᠪᠤᠷᠢᠯᠠᠶ᠎ᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ︾᠎ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠤᠶᠢᠯᠡᠰ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠠᠷᠠᠯᠲᠠ ᠶᠢ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠶ ᠬᠥᠭᠵᠢᠭᠦᠯᠦᠭᠰᠡᠨ ᠦᠷ᠎ᠡ ᠪᠦᠲᠦᠭᠡᠯ ᠢ ᠪᠠᠬᠢᠵᠢᠭᠦᠯᠦᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠴᠢᠷᠮᠠᠶᠢᠨ ᠡᠷᠭᠢᠯᠡᠵᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠪᠠ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃      ᠬᠤᠶᠠᠷ᠂ ᠣᠳᠣᠬᠢ ᠪᠠᠶᠢᠳᠠᠯ ᠤᠨ ᠵᠠᠳᠠᠯᠤᠯᠲᠠ      ︵ᠨᠢᠭᠡ︶ ᠪᠦᠬᠦᠯᠢ ᠴᠣᠭᠴᠠ ᠶᠢᠨ ᠲᠦᠢᠮᠣ ᠪᠠᠶᠢᠳᠠᠯ᠃ ᠰᠢᠩ ᠾᠧ ᠰᠢᠶᠠᠨ ᠤ ᠲᠠᠯᠠᠪᠠᠶ ᠨᠢ 3518 ᠲᠡᠭᠰᠢ ᠳᠥᠷᠪᠡᠯᠵᠢᠨ ᠺᠢᠯᠣᠮᠧᠲᠷ᠂ ᠪᠠᠶᠢᠩᠭᠤ ᠰᠠᠭᠤᠭ᠎ᠠ ᠬᠥᠮᠦᠨ ᠠᠮᠠ ᠨᠢ 16 . 8 ᠲᠦᠮᠡ ᠪᠠᠶᠢᠵᠤ᠂ 9 ᠰᠢᠶᠠᠩ ᠪᠠᠯᠭᠠᠰᠤ᠂ 161 ᠲᠣᠰᠬᠤᠨ ︵ᠨᠡᠶᠢᠭᠡᠮ ᠲᠣᠭᠤᠷᠢᠭ︶᠎ ᠤ ᠵᠥᠪᠯᠡᠯ ᠳᠤ ᠬᠠᠷᠢᠶᠠᠯᠠᠭᠳᠠᠨ᠎ᠠ᠃ ᠪᠦᠬᠦ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ 18 ᠰᠠᠭᠤᠷᠢ ᠪᠠᠶᠢᠵᠤ᠂ ᠡᠭᠦᠨ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 3 ᠰᠠᠭᠤᠷᠢ ︵ᠠᠷᠠᠳ ᠠᠴᠠ ᠡᠷᠬᠢᠯᠡᠭᠰᠡᠨ ᠰᠤᠷᠭᠠᠭᠤᠯᠢ 1 ᠰᠠᠭᠤᠷᠢ ᠪᠠᠭᠲᠠᠨ᠎ᠠ ︶ ᠪᠠᠶᠢᠨ᠎ᠠ᠃ ᠪᠠᠭ᠎ᠠ ᠰᠤᠷᠭᠠᠭᠤᠯᠢ 15 ᠰᠠᠭᠤᠷᠢ᠃ ᠰᠤᠷᠭᠠᠭᠤᠯᠢ ᠳᠤ ᠪᠠᠶᠢᠭ᠎ᠠ ᠰᠤᠷᠤᠭᠴᠢ᠄ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ 3393 ᠬᠥᠮᠦᠨ᠂ ᠪᠠᠭ᠎ᠠ ᠰᠤᠷᠭᠠᠭᠤᠯᠢ ᠳᠤ 8945 ᠬᠥᠮᠦᠨ︔ ᠲᠤᠰᠬᠠᠢ ᠪᠠᠭᠰᠢ᠄ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 275 ᠬᠥᠮᠦᠨ᠂ ᠪᠠᠭ᠎ᠠ ᠰᠤᠷᠭᠠᠭᠤᠯᠢ 546 ᠬᠥᠮᠦᠨ᠃      ︵ᠬᠤᠶᠠᠷ︶ ᠭᠦᠢᠴᠡᠳᠬᠡᠬᠦ ᠲᠤᠭ᠎ᠠ ᠶᠢᠨ ᠣᠳᠣᠬᠢ ᠪᠠᠶᠢᠳᠠᠯ᠃ 1 . ᠵᠠᠭᠤᠨ ᠨᠡᠷᠡᠰ ᠰᠣᠷᠣᠭᠴᠢ ᠪᠦᠷᠢ ᠳᠤ ᠲᠣᠭᠲᠠᠭᠰᠠᠨ ᠰᠤᠷᠤᠯᠭ᠎ᠠ ᠶᠢᠨ ᠨᠠᠮᠲᠠᠷ ᠠᠴᠠ ᠥᠨᠳᠥᠷ ᠲᠤᠰᠬᠠᠶ ᠪᠠᠭᠰᠢ ᠶᠢᠨ ᠲᠣᠭᠠᠨ ᠤ ᠪᠠᠭ᠎ᠠ ᠰᠤᠷᠭᠠᠭᠤᠯᠢ 6 . 10 ᠬᠥᠮᠦᠨ᠂ ᠠᠩᠬ᠎ᠠ ᠳᠤᠮᠳᠠᠳᠤ ᠰᠤᠷᠭᠠᠭᠤᠯᠢ 7 . 46 ᠬᠥᠮᠦᠨ ᠪᠣᠶ᠃ 2 . ᠣᠳᠣᠬᠠᠨ ᠳᠤ ᠪᠦᠬᠦ ᠰᠢᠶᠠᠨ ᠳᠤ ᠰᠢᠶᠠᠨ ᠤ ᠱᠠᠲᠤᠨ ᠠᠴᠠ ᠳᠡᠭᠡᠭᠰᠢᠬᠢ ᠭᠤᠣᠯᠯᠠᠭᠴᠢ ᠪᠠᠭᠰᠢ ᠨᠡᠶᠢᠲᠡ 130 ᠬᠥᠮᠦᠨ ᠪᠠᠶᠢᠵᠤ᠂ ᠪᠦᠬᠦ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ 12338 ᠰᠤᠷᠤᠭᠴᠢ ᠶᠢᠨ ᠬᠡᠷᠡᠭᠴᠡᠭᠡ ᠶᠢ ᠬᠠᠩᠭᠠᠵᠤ ᠴᠢᠳᠠᠨ᠎ᠠ᠃ 3 . ᠵᠠᠭᠤᠨ ᠨᠡᠷᠡᠰ ᠰᠤᠷᠤᠭᠴᠢ ᠪᠦᠷᠢ ᠳᠤ ᠪᠡᠶ᠎ᠡ ᠶᠢᠨ ᠲᠠᠮᠢᠷ᠂ ᠤᠷᠠᠯᠢᠭ ︵ᠤᠷᠠᠨ ᠵᠢᠷᠤᠭ ᠂ ᠳᠠᠭᠤᠤ ᠬᠥᠭᠵᠢᠮ︶᠎ ᠤᠨ ᠲᠤᠰᠬᠠᠶ ᠲᠤᠰᠢᠶᠠᠯ ᠲᠠᠢ ᠪᠠᠭᠰᠢ 1 . 09 ᠬᠥᠮᠦᠨ᠃ 4 . ᠰᠤᠷᠤᠭᠴᠢ ᠨᠢᠭᠡᠪᠦᠷᠢ ᠶᠢᠨ ᠳᠤᠮᠳᠠᠴᠢ ᠵᠢᠭᠠᠨ ᠰᠤᠷᠭᠠᠯᠲᠠ ᠵᠢᠴᠢ ᠲᠤᠰᠠᠯᠠᠬᠤ ᠭᠡᠷ ᠪᠠᠶᠢᠰᠢᠩ ᠤᠨ ᠲᠠᠯᠠᠪᠠᠢ᠃ ᠪᠠᠭ᠎ᠠ ᠰᠤᠷᠭᠠᠭᠤᠯᠢ ᠶᠢᠨ ᠰᠤᠷᠤᠭᠴᠢ ᠳᠤᠮᠳᠠᠴᠢ ᠪᠠᠷ 6 . 02 ᠲᠡᠭᠰᠢ ᠳᠥᠷᠪᠡᠯᠵᠢᠨ ᠮᠧᠲᠷ ᠲᠤ ᠬᠦᠷᠴᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠳᠤᠮᠳᠠᠴᠢ ᠪᠠᠷ 5 . 59 ᠲᠡᠭᠰᠢ ᠳᠥᠷᠪᠡᠯᠵᠢᠨ ᠮᠧᠲᠷ ᠲᠤ ᠬᠦᠷᠪᠡ᠃ 5 . ᠰᠤᠷᠤᠭᠴᠢ ᠳᠤᠮᠳᠠᠴᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠠᠢ ᠣᠷᠳᠣᠨ ᠤ ᠲᠠᠯᠠᠪᠠᠢ᠃ ᠪᠠᠭ᠎ᠠ ᠰᠤᠷᠭᠠᠭᠤᠯᠢ᠂ ᠠᠩᠬ᠎ᠠ ᠳᠤᠮᠳᠠᠳᠤ ᠶᠢᠨ ᠰᠤᠷᠤᠭᠴᠢ ᠲᠣᠰᠪᠣᠷᠢ 9 . 89 ᠲᠡᠭᠰᠢ ᠳᠥᠷᠪᠡᠯᠵᠢᠨ ᠮᠧᠳ᠋ᠷ᠂ 11 . 70 ᠲᠡᠭᠰᠢ ᠳᠥᠷᠪᠡᠯᠵᠢᠨ ᠮᠧᠳ᠋ᠷ ᠲᠤ ᠬᠦᠷᠪᠡ᠃ 6 . ᠰᠤᠷᠤᠭᠴᠢ ᠨᠢᠭᠡᠪᠦᠷᠢ ᠳᠤ ᠲᠡᠭᠰᠢᠳᠬᠡᠭᠰᠡᠨ ᠵᠢᠭᠠᠨ ᠰᠤᠷᠭᠠᠬᠤ ᠬᠡᠮᠵᠢᠭᠦᠷᠯᠢᠭ ᠲᠥᠬᠦᠭᠡᠷᠦᠮᠵᠢ ᠶᠢᠨ ᠬᠡᠮᠵᠢᠭᠳᠡᠯ᠃ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠨᠢᠭᠡᠪᠦᠷᠢ ᠶᠢᠨ ᠵᠢᠭᠠᠨ ᠰᠤᠷᠭᠠᠬᠤ ᠬᠡᠮᠵᠢᠭᠦᠷᠯᠢᠭ ᠲᠥᠬᠦᠭᠡᠷᠦᠮᠵᠢ ᠶᠢᠨ ᠥᠷᠲᠡᠭ ᠢ ᠲᠤᠰ ᠲᠤᠰ 1301 ᠲᠥᠭᠦᠷᠢᠭ᠂ 1773 ᠲᠥᠭᠦᠷᠢᠭ ᠲᠤ ᠬᠦᠷᠦᠭᠦᠯᠦᠨ᠎ᠡ᠃ 7 . ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠠᠭᠤᠨ ᠰᠤᠷᠤᠭᠴᠢ ᠪᠦᠷᠢ ᠳᠤ ᠨᠣᠭᠳᠠᠬᠤ ᠰᠦᠯᠵᠢᠶᠡᠨ ᠤ ᠣᠯᠠᠨ ᠵᠠᠭᠤᠴᠢᠲᠤ ᠬᠢᠴᠢᠶᠡᠯ ᠤᠨ ᠭᠡᠷ ᠤᠨ ᠲᠤᠭ᠎ᠠ ᠶᠢ ᠲᠤᠰ ᠲᠤᠰ 3 . 15 ᠲᠠᠰᠤᠯᠭ᠎ᠠ᠂ 3 . 65 ᠲᠠᠰᠤᠯᠭ᠎ᠠ ᠳᠤ ᠬᠦᠷᠦᠭᠦᠯᠦᠨ᠎ᠡ᠃      ᠭᠤᠷᠪᠠ᠂ ᠡᠭᠦᠳᠦᠨ ᠪᠠᠶᠢᠭᠤᠯᠬᠤ ᠬᠠᠷᠠᠯᠲᠠ      ︵ᠨᠢᠭᠡ︶ ᠶᠡᠷᠦᠩᠬᠡᠶ ᠬᠠᠷᠠᠯᠲᠠ᠃ ᠪᠥᠬᠦ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠣᠳᠣᠬᠢ ᠪᠠᠶᠢᠳᠠᠯ ᠢ ᠦᠨᠳᠦᠰᠦᠯᠡᠨ᠂ 2035 ᠣᠨ ᠳᠤ ᠡᠭᠦᠳᠦᠨ ᠪᠠᠶᠢᠭᠤᠯᠬᠤ ᠭᠤᠶᠤᠴᠢᠯᠠᠯ ᠳᠤᠷᠠᠳᠬᠤ ᠶᠢᠨ ᠬᠠᠮᠲᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠦᠯᠬᠦ ᠰᠢᠶᠠᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠳᠠᠬᠢᠨ ᠬᠢᠨᠠᠯᠲᠠ ᠪᠠ ᠤᠯᠤᠰ ᠠᠴᠠ ᠮᠠᠭᠠᠳᠯᠠᠨ ᠲᠣᠭᠲᠠᠭᠠᠬᠤ ᠶᠢ ᠬᠦᠯᠢᠶᠡᠨ᠎ᠡ᠃      ︵ᠬᠤᠶᠠᠷ︶ ᠬᠠᠷᠠᠯᠲᠠ ᠡᠭᠦᠷᠭᠡ᠃ ︽ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠬᠦ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠷᠭ᠎ᠠ︾᠎ ᠲᠠᠢ ᠬᠠᠷᠢᠴᠠᠭᠤᠯᠤᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ 7 ᠵᠤᠶᠢᠯ ᠤᠨ ᠭᠦᠢᠴᠡᠳᠭᠡᠯ ᠲᠤᠭ᠎ᠠ ᠶᠢ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠪᠠᠲᠤᠯᠠᠭ᠎ᠠ ᠶᠢᠨ ᠬᠡᠮᠵᠢᠶ᠎ᠡ ᠶᠢᠨ 15 ᠵᠤᠶᠢᠯ ᠤᠨ ᠭᠦᠢᠴᠡᠳᠭᠡᠯ ᠲᠤᠭ᠎ᠠ ᠶᠢ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠤᠨ ᠶᠠᠰᠤ ᠴᠢᠨᠠᠷ ᠤᠨ 9 ᠵᠤᠶᠢᠯ ᠤᠨ ᠭᠦᠢᠴᠡᠳᠭᠡᠯ ᠲᠤᠭ᠎ᠠ ᠶᠢ ᠨᠠᠶᠢᠳᠠᠪᠤᠷᠢᠵᠢᠭᠤᠯᠤᠨ᠎ᠠ᠃      ᠳᠥᠷᠪᠡ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ      ︵ᠨᠢᠭᠡ︶ ᠪᠠᠲᠤᠯᠠᠭ᠎ᠠ ᠶᠢ ᠴᠢᠩᠭᠠᠷᠠᠭᠤᠯᠵᠤ᠂ ᠰᠤᠷᠭᠠᠭᠤᠯᠢ ᠨᠢᠭᠡᠪᠦᠷᠢ ᠶᠢᠨ ᠰᠢᠯᠢᠳᠡᠭ ᠢ ᠡᠭᠦᠳᠬᠦ ᠠᠵᠢᠯ ᠢ ᠨᠡᠷᠡᠨ ᠭᠡᠷᠡᠯᠲᠦ ᠵᠠᠮ ᠳᠡᠭᠡᠷ᠎ᠡ ᠶᠠᠪᠤᠭᠤᠯᠤᠨ᠎ᠠ      1 . ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ 2 . ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ ᠶᠢ ᠪᠦᠷᠢᠯᠳᠦᠭᠦᠯᠦᠨ᠎ᠡ᠃ 3 . ᠰᠢᠮᠳᠠᠭᠤᠯᠤᠨ ᠵᠢᠯᠣᠭᠤᠳᠴᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ 4 . ᠳᠠᠭᠠᠭᠠᠨ ᠪᠠᠲᠤᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃      ︵ᠬᠤᠶᠠᠷ︶ ᠣᠷᠣᠭᠤᠯᠤᠯᠲᠠ ᠪᠠᠨ ᠨᠡᠮᠡᠭᠳᠡᠭᠦᠯᠵᠦ᠂ ᠰᠤᠷᠭᠠᠭᠤᠯᠢ ᠨᠢᠭᠡᠪᠦᠷᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠴᠥᠮ ᠤᠯᠤᠰ ᠤᠨ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠶ      1 . ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ 2 . ᠰᠢᠨ᠎ᠡ ᠪᠠᠷ ᠪᠠᠶᠢᠭᠤᠯᠬᠤ ᠥᠭᠡᠷᠡᠴᠢᠯᠡᠨ ᠪᠠᠶᠢᠭᠤᠯᠬᠤ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ 3 . ᠡᠯ᠎ᠡ ᠲᠥᠷᠥᠯ ᠤᠨ ᠵᠢᠭᠠᠨ ᠰᠤᠷᠭᠠᠬᠤ ᠬᠡᠮᠵᠢᠭᠦᠷᠯᠢᠭ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ 4 . ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃      ︵ᠭᠤᠷᠪᠠ︶ ᠡᠩᠨᠡᠭᠡ ᠪᠠᠨ ᠰᠢᠯᠢᠳᠡᠭᠵᠢᠭᠦᠯᠦᠨ᠂ ᠪᠠᠭᠰᠢ ᠶᠢᠨ ᠡᠩᠨᠡᠭᠡᠨ ᠤ ᠶᠡᠷᠦᠩᠬᠡᠶᠢᠯᠡᠭᠰᠡᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ      1 . ᠪᠠᠭᠰᠢ ᠶᠢᠨ ᠡᠩᠨᠡᠭᠡ ᠶᠢᠨ ᠪᠠᠲᠤᠯᠠᠭ᠎ᠠ ᠶᠢᠨ ᠤᠷᠲᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠲᠡᠭᠦᠯᠳᠡᠷᠵᠢᠭᠦᠯᠦᠨ᠎ᠡ᠃ 2 . ᠰᠤᠷᠭᠠᠭᠤᠯᠢ ᠶᠢᠨ ᠵᠠᠬᠢᠷᠤᠯ ᠪᠠ ᠪᠠᠭᠰᠢ ᠶᠢ ᠰᠣᠯᠢᠯᠴᠠᠬᠤ ᠪᠠᠶᠢᠩᠭᠤ ᠶᠢᠨ ᠲᠣᠭᠲᠠᠴᠠ ᠶᠢ ᠪᠠᠶᠢᠭᠤᠯᠤᠨ᠎ᠠ᠃ 3 . ᠪᠠᠭᠰᠢ ᠬᠥᠮᠦᠵᠢᠭᠦᠯᠬᠦ ᠠᠵᠢᠯ ᠢ ᠴᠢᠩᠭᠠᠳᠬᠠᠨ᠎ᠠ᠃ 4 . ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃      ︵ᠳᠥᠷᠪᠡᠨ︶ ᠰᠢᠨ᠎ᠡ ᠬᠠᠭᠤᠴᠢᠨ ᠬᠤᠲᠠ ᠶᠢᠨ ᠵᠦᠷᠢᠶ᠎ᠡ ᠶᠢ ᠪᠠᠭᠠᠰᠬᠠᠵᠤ᠂ ᠬᠠᠭᠤᠴᠢᠨ ᠬᠤᠲᠠ ᠶᠢᠨ ᠲᠣᠭᠤᠷᠢᠭ ᠤᠨ ᠬᠡᠦᠬᠡᠳ ᠲᠤ ᠠᠳᠠᠯᠢᠬᠠᠨ ᠡᠷᠬᠡ ᠲᠡᠭᠰᠢ ᠰᠤᠷᠭᠠᠨ ᠬᠥᠮᠦᠵᠢᠯ ᠬᠦᠷᠲᠡᠭᠡᠨ᠎ᠡ      1 . ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠠᠳᠬᠤᠨ᠎ᠠ᠃ 2 . ᠰᠤᠷᠭᠠᠭᠤᠯᠢ ᠶᠢᠨ ᠪᠠᠶᠢᠷᠢᠯᠠᠭᠤᠯᠤᠯᠲᠠ ᠶᠢᠨ ᠲᠣᠬᠢᠷᠠᠭᠤᠯᠤᠯᠲᠠ ᠶᠢ ᠠᠳᠬᠤᠨ᠎ᠠ᠃ 3 . ᠪᠠᠭᠤᠷᠠᠶ ᠰᠤᠷᠭᠠᠭᠤᠯᠢ ᠶᠢ ᠥᠭᠡᠷᠡᠴᠢᠯᠡᠬᠦ ᠶᠢ ᠠᠳᠬᠤᠨ᠎ᠠ᠃ 4 . ᠪᠠᠭᠤᠷᠠᠶᠢᠴᠤᠤᠯ ᠤᠨ ᠬᠥᠮᠦᠵᠢᠯ ᠢ ᠠᠳᠬᠤᠨ᠎ᠠ᠃      ︵ᠲᠠᠪᠤ︶ ᠶᠡᠷᠦᠩᠬᠡᠶ ᠱᠠᠭᠠᠷᠳᠠᠯᠭ᠎ᠠ ᠨᠢ ᠰᠤᠷᠭᠠᠭᠤᠯᠢ ᠨᠢᠭᠡᠪᠦᠷᠢ ᠶᠢᠨ ᠰᠣᠶᠣᠯ ᠤᠨ ᠠᠭᠤᠯᠤᠭᠳᠠᠬᠤᠨ ᠢ ᠴᠥᠮ ᠶᠡᠭᠡ ᠪᠠᠷ ᠬᠥᠭᠵᠢᠭᠦᠯᠪᠡ      1 . ᠰᠤᠷᠭᠠᠭᠤᠯᠢ ᠡᠷᠭᠢᠯᠡᠬᠦ ᠤᠶᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ 2 . ᠬᠡᠪ ᠴᠢᠨᠠᠷ ᠤᠨ ᠰᠤᠷᠭᠠᠨ ᠬᠥᠮᠦᠵᠢᠯ ᠢ ᠴᠢᠩᠭᠠᠳᠬᠠᠬᠤ ᠬᠡᠷᠡᠭᠲᠡᠶ᠃ 3 . ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ 4 . ᠰᠣᠶᠣᠯ ᠤᠨ ᠨᠡᠷᠡᠲᠦ ᠲᠡᠮᠳᠡᠭᠲᠦ ᠶᠢ ᠪᠤᠶ ᠪᠣᠯᠭᠠᠨ᠎ᠠ᠃           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3